ᠨᠢᠭᠡᠳᠦᠭᠡᠷ ᠤᠯᠠᠷᠢᠯ ᠳᠤ ᠮᠠᠨ ᠤ ᠣᠷᠣᠨ ᠶᠠᠳᠠᠭᠤ ᠠᠴᠠ ᠠᠩᠭᠢᠵᠢᠷᠠᠭᠰᠠᠨ 62671 ᠬᠦᠮᠦᠰ ᠲᠤ ᠠᠵᠢᠯ ᠣᠯᠭᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠪᠠ
ᠨᠡᠶᠢᠲᠡᠯᠡᠭᠰᠡᠨ ᠴᠠᠭ᠄
2022/4/14
     ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠠᠴᠠ ᠤᠢᠢᠯᠠᠭᠠᠭᠰᠠᠨ ᠢᠶᠠᠷ᠂ ᠪᠦᠬᠦ ᠣᠷᠣᠨ ᠤ ᠡᠯ᠎ᠡ ᠱᠠᠲᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠤᠳ ᠶᠠᠳᠠᠭᠤ ᠠᠴᠠ ᠠᠩᠭᠢᠵᠢᠷᠠᠭᠰᠠᠨ ᠬᠦᠮᠦᠰ ᠲᠤ ᠠᠵᠢᠯ ᠣᠯᠭᠤᠨ ᠠᠵᠢᠯ ᠤᠨ ᠪᠠᠶᠢᠷᠢ ᠶᠢ ᠳᠣᠭᠲᠠᠪᠤᠷᠢᠵᠢᠭᠤᠯᠬᠤ ᠶᠢ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠴᠢᠬᠤᠯᠠ ᠠᠷᠭ᠎ᠠ ᠬᠡᠮᠵᠢᠶ᠎ᠡ ᠪᠣᠯᠭᠠᠨ᠂ ᠬᠡᠪᠴᠢᠶᠡᠵᠢᠭᠰᠡᠨ ᠴᠢᠨᠠᠷᠲᠠᠢ ᠪᠠᠷ ᠲᠠᠬᠢᠨ ᠶᠠᠳᠠᠭᠤᠷᠠᠬᠤ ᠶᠢ ᠬᠤᠷᠢᠭᠯᠠᠬᠤ ᠬᠤᠷᠢᠭ᠎ᠠ ᠱᠤᠭᠤᠮ ᠢ ᠪᠠᠲᠤ ᠰᠠᠬᠢᠵᠤ᠂ ᠡᠨᠡ ᠵᠢᠯ ᠤᠨ ᠨᠢᠭᠡᠳᠦᠭᠡᠷ ᠤᠯᠠᠷᠢᠯ ᠳᠤ ᠶᠠᠳᠠᠭᠤ ᠠᠴᠠ ᠠᠩᠭᠢᠵᠢᠷᠠᠭᠰᠠᠨ 62671 ᠬᠦᠮᠦᠰ ᠲᠤ ᠠᠵᠢᠯ ᠣᠯᠭᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠵᠠᠢ᠃      ᠪᠦᠬᠦ ᠣᠷᠣᠨ ᠤ ᠡᠯ᠎ᠡ ᠱᠠᠲᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠤᠳ ᠰᠠᠨᠠᠭᠠᠴᠢᠯᠠᠭ᠎ᠠ ᠠᠴᠠ ᠪᠠᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠢᠳᠡᠪᠬᠢᠲᠡᠶ ᠲᠠᠢ ᠪᠠᠷ ᠬᠠᠷᠢᠯᠴᠠᠨ᠂ ᠶᠠᠷᠢᠶ᠎ᠠ ᠬᠡᠯᠡᠯᠴᠡᠭᠡ ᠪᠠᠷ ᠤᠬᠠᠭᠤᠯᠬᠤ᠂ ᠨᠠᠷᠢᠯᠢᠭ ᠣᠨᠣᠴᠠᠲᠠᠶ ᠪᠠᠷ ᠬᠠᠪᠰᠤᠷᠤᠨ ᠲᠡᠳᠬᠦᠬᠦ᠂ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠬᠢᠬᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷ ᠠᠵᠢᠯᠲᠠᠨ ᠡᠯᠰᠡᠬᠦ ᠬᠤᠷᠠᠯ ᠬᠤᠷᠠᠯᠳᠤᠭᠤᠯᠬᠤ᠂ ᠭᠤᠤᠯᠳᠠᠯᠭ᠎ᠠ ᠲᠠᠢ ᠠᠵᠤ ᠠᠬᠤᠶᠢᠯᠠᠯ ᠤᠳ ᠤᠨ ᠠᠵᠢᠯᠴᠢᠨ ᠬᠡᠷᠡᠭᠯᠡᠬᠦ ᠶᠢ ᠳᠡᠮᠵᠢᠬᠦ ᠵᠡᠷᠭᠡ ᠠᠷᠭ᠎ᠠ ᠬᠡᠮᠵᠢᠶ᠎ᠡ ᠠᠪᠴᠤ᠂ ᠶᠠᠳᠠᠭᠤ ᠠᠴᠠ ᠠᠩᠭᠢᠵᠢᠷᠠᠭᠰᠠᠨ ᠬᠦᠮᠦᠰ ᠲᠤ ᠠᠵᠢᠯ ᠣᠯᠭᠤᠵᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠭᠰᠠᠨ ᠪᠠ ᠠᠵᠤ ᠠᠬᠤᠶᠢᠯᠠᠯ ᠤᠳ ᠤᠨ ᠠᠵᠢᠯ ᠢᠶᠠᠨ ᠡᠬᠢᠯᠡᠭᠦᠯᠦᠨ ᠦᠢᠯᠡᠳᠪᠦᠷᠢᠯᠡᠯ ᠢᠶᠠᠨ ᠰᠡᠷᠭᠦᠭᠡᠵᠦ ᠠᠵᠢᠯᠴᠢᠨ ᠬᠡᠷᠡᠭᠯᠡᠭᠰᠡᠨ ᠪᠠᠶᠢᠳᠠᠯ ᠢ ᠪᠥᠬᠦ ᠲᠠᠯ᠎ᠠ ᠪᠠᠷ ᠣᠶᠢᠯᠭᠠᠭᠠᠳ᠂ ᠠᠳᠠᠯ ᠦᠢᠯᠡᠰ ᠴᠣᠭᠴᠠᠯᠠᠬᠤ ᠬᠦᠰᠡᠯ ᠲᠠᠢ ᠨᠤᠲᠤᠭ ᠲᠤ ᠪᠠᠨ ᠪᠤᠴᠠᠭᠰᠠᠳ ᠲᠤ ᠲᠥᠷᠥ ᠶᠢᠨ ᠪᠣᠳᠣᠯᠭ᠎ᠠ ᠶᠢᠨ ᠯᠠᠪᠯᠠᠭ᠎ᠠ᠂ ᠲᠥᠷᠥᠯ ᠵᠦᠢᠯ ᠤᠨ ᠲᠠᠨᠢᠯᠴᠠᠭᠤᠯᠭ᠎ᠠ᠂ ᠠᠵᠢᠯ ᠡᠬᠢᠯᠡᠭᠦᠯᠬᠦ ᠵᠢᠯᠣᠭᠤᠳᠣᠯᠭ᠎ᠠ᠂ ᠲᠠᠯᠠᠪᠤᠷ ᠭᠠᠵᠠᠷ ᠤᠨ ᠲᠣᠬᠢᠷᠠᠭᠤᠯᠤᠯᠲᠠ ᠵᠡᠷᠭᠡ ᠦᠢᠯᠡᠴᠢᠯᠡᠭᠡ ᠬᠠᠩᠭᠠᠪᠠ︔ ᠠᠵᠢᠯ ᠤᠯᠬᠤ ᠱᠠᠭᠠᠷᠳᠠᠯᠭ᠎ᠠ ᠲᠠᠢ ᠶᠠᠳᠠᠭᠤ ᠠᠴᠠ ᠠᠩᠭᠢᠵᠢᠷᠠᠭᠰᠠᠨ ᠬᠦᠮᠦᠰ ᠲᠤ ᠠᠵᠢᠯ ᠮᠡᠷᠭᠡᠵᠢᠯ ᠤᠨ ᠵᠢᠯᠣᠭᠤᠳᠣᠯᠭ᠎ᠠ᠂ ᠠᠵᠢᠯ ᠤᠨ ᠪᠠᠶᠢᠷᠢ ᠶᠢᠨ ᠲᠠᠨᠢᠯᠴᠠᠭᠤᠯᠭ᠎ᠠ ᠪᠠ ᠤᠷ᠎ᠠ ᠴᠢᠳᠠᠪᠤᠷᠢ ᠶᠢᠨ ᠪᠣᠯᠪᠠᠰᠤᠷᠠᠯ ᠬᠠᠩᠭᠠᠵᠠᠢ︔ ᠲᠤᠬᠠᠶ ᠶᠢᠨ ᠭᠠᠵᠠᠷ ᠪᠤᠶᠤ ᠤᠢᠢᠷ᠎ᠠ ᠬᠠᠪᠢ ᠶᠢᠨ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠥᠷᠭᠡᠨ ᠢᠶᠠᠷ ᠴᠤᠭᠯᠠᠭᠤᠯᠤᠭᠠᠳ᠂ ᠬᠠᠪᠤᠷ ᠤᠨ ᠲᠠᠷᠢᠶᠠᠯᠠᠭ᠎ᠠ᠂ ᠬᠤᠳᠠ ᠬᠥᠳᠡᠭᠡ ᠶᠢᠨ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠪᠠ ᠵᠠᠰᠠᠭ ᠤᠨ ᠣᠷᠳᠣᠨ ᠪᠡᠯᠡ ᠣᠷᠣᠭᠤᠯᠤᠭᠰᠠᠨ ᠰᠠᠭᠤᠷᠢ ᠪᠡᠯᠡᠳᠬᠡᠮᠵᠢ ᠶᠢᠨ ᠪᠠᠷᠢᠯᠭ᠎ᠠ ᠪᠠᠷ ᠲᠡᠩᠬᠡᠷᠡᠭᠦᠯᠬᠦ ᠲᠥᠷᠦᠯ ᠵᠦᠢᠯ ᠳᠤ ᠶᠠᠳᠠᠭᠤ ᠠᠴᠠ ᠠᠩᠭᠢᠵᠢᠷᠠᠭᠰᠠᠨ ᠬᠦᠮᠦᠰ ᠢ ᠵᠣᠬᠢᠶᠠᠨ ᠪᠠᠶᠢᠭᠤᠯᠤᠨ ᠣᠷᠤᠯᠴᠠᠭᠤᠯᠪᠠ︔ ᠤᠢᠢᠷ᠎ᠠ ᠬᠠᠪᠢ ᠶᠢᠨ ᠠᠵᠢᠯ ᠣᠯᠭᠤᠬᠤ ᠠᠷᠭ᠎ᠠ ᠵᠠᠮ ᠢ ᠥᠷᠭᠡᠳᠬᠡᠵᠦ᠂ ᠬᠥᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠨᠡᠭᠡᠭᠡᠨ ᠬᠦᠭᠵᠢᠭᠦᠯᠦᠨ ᠶᠠᠳᠠᠭᠤ ᠠᠴᠠ ᠠᠩᠭᠢᠵᠢᠷᠠᠭᠰᠠᠨ ᠬᠦᠮᠦᠰ ᠢ ᠲᠥᠪᠬᠢᠨᠡᠭᠦᠯᠵᠦ᠂ ᠬᠥᠮᠦᠨ ᠬᠡᠷᠡᠭᠯᠡᠬᠦ ᠨᠢᠭᠡᠴᠢ ᠳᠤ ᠦᠢᠯᠡᠴᠢᠯᠡᠬᠦ ᠡᠷᠴᠢᠮ ᠢᠶᠠᠨ ᠴᠢᠩᠭᠠᠷᠠᠭᠤᠯᠤᠭᠠᠳ᠂ ᠠᠵᠢᠯ ᠤᠯᠬᠤ ᠳᠤ ᠬᠠᠪᠰᠤᠷᠤᠨ ᠳᠡᠮᠵᠢᠬᠦ᠂ ᠠᠵᠢᠯᠴᠢᠨ ᠬᠡᠷᠡᠭᠯᠡᠬᠦ ᠳᠤ ᠳᠡᠮᠵᠢᠯᠭᠡ ᠦᠵᠡᠭᠦᠯᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠭᠰᠠᠨ ᠪᠠᠶᠢᠨ᠎ᠠ᠃ ᠪᠦᠷᠢᠳᠬᠡᠯ ᠢ ᠦᠨᠳᠦᠰᠦᠯᠡᠪᠡᠯ᠂ ᠨᠢᠭᠡᠳᠦᠭᠡᠷ ᠤᠯᠠᠷᠢᠯ ᠳᠤ ᠪᠥᠬᠦ ᠣᠷᠣᠨ ᠳᠤ ᠤᠬᠠᠭᠤᠯᠭ᠎ᠠ ᠶᠢᠨ ᠮᠠᠲ᠋ᠧᠷᠢᠶᠠᠯ ᠨᠡᠶᠢᠲᠡ 203307 ᠬᠤᠪᠢ ᠲᠠᠷᠬᠠᠭᠠᠵᠤ᠂ ᠲᠤᠰᠬᠠᠶ ᠠᠵᠢᠯᠲᠠᠨ ᠡᠯᠰᠡᠬᠦ ᠴᠤᠭᠯᠠᠭᠠᠨ ᠢ 280 ᠤᠳᠠᠭ᠎ᠠ ᠵᠣᠬᠢᠶᠠᠨ ᠪᠠᠶᠢᠭᠤᠯᠵᠤ᠂ ᠠᠵᠢᠯᠴᠢᠨ ᠬᠡᠷᠡᠭᠯᠡᠬᠦ 393 ᠠᠵᠤ ᠠᠬᠤᠶᠢᠯᠠᠯ ᠢ ᠲᠥᠷᠥ ᠶᠢᠨ ᠪᠣᠳᠣᠯᠭ᠎ᠠ ᠪᠠᠷ ᠳᠡᠮᠵᠢᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号