ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠷᠪᠠᠳᠤᠭᠠᠷ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠠᠴᠠ ᠬᠥᠬᠡᠬᠤᠲᠠ ᠳᠤ ᠰᠢᠢᠳᠪᠦᠷᠢᠯᠡᠭᠦᠯᠬᠦ ᠪᠠᠷ ᠲᠤᠰᠢᠶᠠᠭᠰᠠᠨ ᠠᠷᠪᠠᠳᠤᠭᠠᠷ ᠪᠦᠯᠦᠭ ᠤᠨ 14 ᠬᠤᠪᠢ ᠣᠯᠠᠨ ᠲᠦᠮᠡᠨ ᠤ ᠵᠠᠬᠢᠳᠠᠯ ᠰᠣᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠭᠰᠡᠨ ᠪᠠᠶᠢᠳᠠᠯ
ᠨᠡᠶᠢᠲᠡᠯᠡᠭᠰᠡᠨ ᠴᠠᠭ᠄
2022/4/14
     ︵ᠰᠤᠷᠪᠤᠯᠵᠢᠯᠠᠭᠴᠢ ᠯᠢᠦ ᠵᠢᠶᠦ᠋ᠨ︶ 3 ᠳ᠋ᠤᠭᠠᠷ ᠰᠠᠷ᠎ᠠ ᠶᠢᠨ 26 ᠤ ᠡᠳᠦᠷ ᠠᠴᠠ 4 ᠳ᠋ᠤᠭᠡᠷ ᠰᠠᠷ᠎ᠠ ᠶᠢᠨ 13 ᠤ ᠡᠳᠦᠷ ᠪᠣᠯᠲᠠᠯ᠎ᠠ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠷᠪᠠᠳᠤᠭᠠᠷ ᠰᠢᠮᠳᠠᠭᠤᠯᠤᠨ ᠪᠠᠶᠢᠴᠠᠭᠠᠬᠤ ᠳᠤᠭᠤᠶᠢᠯᠠᠩ ︵ᠳᠣᠷᠣᠭᠰᠢ ︽ᠲᠥᠪ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ︾ ᠭᠡᠵᠦ ᠲᠣᠪᠴᠢᠯᠠᠨ᠎ᠠ︶ ᠠᠴᠠ ᠮᠠᠨ ᠤ ᠬᠤᠲᠠ ᠳᠤ 19 ᠪᠦᠯᠦᠭ ᠤᠨ ᠨᠡᠶᠢᠲᠡ 240 ᠬᠤᠪᠢ ︵ᠤᠲᠠᠰᠤ ᠪᠠᠷ ᠢᠯᠡᠴᠢᠯᠡᠨ ᠮᠡᠳᠡᠭᠦᠯᠦᠭᠰᠡᠨ ᠨᠢ 147 ᠬᠤᠪᠢ᠂ ᠴᠠᠬᠢᠯᠭᠠᠨ ᠬᠤᠯᠪᠤᠭ᠎ᠠ  ᠪᠠᠷ ᠢᠯᠡᠴᠢᠯᠡᠨ ᠮᠡᠳᠡᠭᠦᠯᠦᠭᠰᠡᠨ ᠨᠢ 93 ᠬᠤᠪᠢ︶ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠭᠦᠯᠬᠦ ᠪᠠᠷ ᠲᠤᠰᠢᠶᠠᠪᠠ᠃      4 ᠳ᠋ᠤᠭᠡᠷ ᠰᠠᠷ᠎ᠠ ᠶᠢᠨ 4 ᠤ ᠡᠳᠦᠷ᠂ ᠲᠥᠪ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠠᠴᠠ ᠮᠠᠨ ᠤ ᠬᠤᠲᠠ ᠳᠤ ᠠᠷᠪᠠᠳᠤᠭᠠᠷ ᠪᠦᠯᠦᠭ ᠤᠨ 14 ᠬᠤᠪᠢ ︵ᠤᠳᠠᠰᠤ ᠪᠠᠷ ᠢᠯᠡᠴᠢᠯᠡᠨ ᠮᠡᠳᠡᠭᠦᠯᠦᠭᠰᠡᠨ ᠨᠢ 7 ᠬᠤᠪᠢ᠂ ᠴᠠᠬᠢᠯᠭᠠᠨ ᠬᠤᠯᠪᠤᠭ᠎ᠠ ᠪᠠᠷ ᠢᠯᠡᠴᠢᠯᠡᠨ ᠮᠡᠳᠡᠭᠦᠯᠦᠭᠰᠡᠨ ᠨᠢ 7 ᠬᠤᠪᠢ︶ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠭᠦᠯᠬᠦ ᠪᠠᠷ ᠲᠤᠰᠢᠶᠠᠪᠠ᠂ ᠲᠥᠪ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠠᠵᠢᠯ ᠤᠨ ᠱᠠᠭᠠᠷᠳᠠᠯᠭ᠎ᠠ ᠶᠣᠰᠣᠭᠠᠷ᠂ ᠪᠥᠬᠦ ᠬᠤᠲᠠ ᠶᠢᠨ ᠬᠢᠨ ᠨᠢᠭᠡᠨᠲᠡ ᠠᠷᠪᠠᠳᠤᠭᠠᠷ ᠪᠦᠯᠦᠭ ᠤᠨ 14 ᠬᠤᠪᠢ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠪᠠᠶᠢᠴᠠᠭᠠᠨ ᠰᠢᠢᠳᠪᠦᠷᠢᠯᠡᠪᠡ᠃ ᠣᠲᠣ ᠪᠣᠯᠲᠠᠯ᠎ᠠ᠂ 5 ᠬᠡᠷᠡᠭ ᠢ ᠨᠢᠭᠡᠨᠲᠡ ᠰᠢᠢᠳᠪᠦᠷᠢᠯᠡᠵᠦ ᠳᠠᠭᠤᠰᠬᠠᠨ᠂ 4 ᠬᠡᠷᠡᠭ ᠢ ᠱᠠᠲᠤ ᠦᠶ᠎ᠡ ᠶᠢᠨ ᠴᠢᠨᠠᠷᠲᠠᠢ ᠪᠠᠷ ᠰᠢᠢᠳᠪᠦᠷᠢᠯᠡᠵᠦ ᠳᠠᠭᠤᠰᠬᠠᠨ᠂ 5 ᠬᠡᠷᠡᠭ ᠢ ᠰᠢᠢᠳᠪᠦᠷᠢᠯᠡᠵᠦ ᠳᠠᠭᠤᠰᠬᠠᠭᠠᠳᠤᠢ᠂ 1 ᠬᠥᠮᠥᠨ ᠠᠴᠠ ᠬᠠᠷᠢᠭᠤᠴᠠᠯᠭ᠎ᠠ ᠨᠡᠬᠡᠮᠵᠢᠯᠡᠪᠡ᠃      4 ᠳ᠋ᠤᠭᠡᠷ ᠰᠠᠷ᠎ᠠ ᠶᠢᠨ 13 ᠤ ᠡᠳᠦᠷ ᠪᠣᠯᠲᠠᠯ᠎ᠠ᠂ ᠪᠥᠬᠦ ᠬᠤᠲᠠ ᠶᠢᠨ ᠬᠢᠨ 1 — 10 ᠳ᠋ᠤᠭᠠᠷ ᠪᠦᠯᠦᠭ ᠤᠨ ᠨᠡᠶᠢᠲᠡ 93 ᠬᠤᠪᠢ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠪᠠᠶᠢᠴᠠᠭᠠᠨ ᠰᠢᠢᠳᠪᠦᠷᠢᠯᠡᠪᠡ᠂ ᠡᠭᠦᠨ ᠳᠤ 43 ᠬᠤᠪᠢ ᠶᠢ ᠨᠢ ᠨᠢᠭᠡᠨᠲᠡ ᠰᠢᠢᠳᠪᠦᠷᠢᠯᠡᠨ ᠳᠠᠭᠤᠰᠬᠠᠵᠤ᠂ 23 ᠬᠤᠪᠢ ᠶᠢ ᠨᠢ ᠱᠠᠲᠤ ᠦᠶ᠎ᠡ ᠶᠢᠨ ᠴᠢᠨᠠᠷᠲᠠᠢ ᠪᠠᠷ ᠰᠢᠢᠳᠪᠦᠷᠢᠯᠡᠨ ᠳᠠᠭᠤᠰᠬᠠᠵᠤ᠂ 27 ᠬᠤᠪᠢ ᠶᠢ ᠨᠢ ᠰᠢᠢᠳᠪᠦᠷᠢᠯᠡᠵᠦ ᠳᠠᠭᠤᠰᠬᠠᠭᠠᠳᠤᠢ᠂ 4 ᠶᠢ ᠨᠢ ᠵᠠᠷᠯᠢᠭᠳᠠᠵᠤ ᠴᠡᠭᠴᠡᠯᠡᠨ ᠰᠠᠶᠢᠵᠢᠷᠠᠭᠤᠯᠵᠤ᠂ 7 ᠶᠢ ᠨᠢ ᠬᠡᠷᠡᠭ ᠪᠣᠯᠭᠠᠨ ᠳᠡᠩᠰᠡᠯᠡᠨ ᠰᠢᠳᠭᠡᠵᠦ᠂ 37.2032 ᠲᠦᠮᠡᠨ ᠲᠥᠭᠦᠷᠢᠭ ᠤᠨ ᠵᠣᠭᠤᠰ ᠢᠶᠠᠷ ᠲᠣᠷᠭᠠᠵᠤ᠂ 2 ᠢ ᠨᠢ ᠬᠡᠷᠡᠭ ᠪᠣᠯᠭᠠᠨ ᠳᠡᠩᠰᠡᠯᠡᠵᠦ ᠲᠠᠩᠨᠠᠨ ᠪᠠᠶᠢᠴᠠᠭᠠᠵᠤ᠂ 1 ᠬᠥᠮᠥᠨ ᠠᠴᠠ ᠬᠠᠷᠢᠭᠤᠴᠠᠯᠭ᠎ᠠ ᠨᠡᠬᠡᠮᠵᠢᠯᠡᠪᠡ᠃      ᠬᠤᠯᠪᠣᠭᠳᠠᠯ ᠪᠦᠬᠦᠢ ᠬᠡᠷᠡᠭ ᠢ ᠦᠷᠭᠦᠯᠵᠢᠯᠡᠨ ᠲᠥᠪ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠰᠢᠮᠳᠠᠭᠤᠯᠤᠨ ᠪᠠᠶᠢᠴᠠᠭᠠᠬᠤ ᠶᠢᠨ ᠳᠠᠭᠠᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠱᠠᠭᠠᠷᠳᠠᠯᠭ᠎ᠠ ᠶᠣᠰᠣᠭᠠᠷ ᠪᠠᠶᠢᠴᠠᠭᠠᠨ ᠰᠢᠢᠳᠪᠦᠷᠢᠯᠡᠵᠦ ᠴᠡᠭᠴᠡᠯᠡᠨ ᠰᠠᠶᠢᠵᠢᠷᠠᠭᠤᠯᠤᠨ᠎ᠠ᠃
 
ᠢᠷᠡᠯᠲᠡ᠄ ᠬᠦᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号