ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠷᠪᠠᠳᠤᠭᠠᠷ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠠᠴᠠ ᠬᠥᠬᠡᠬᠤᠲᠠ ᠳᠤ ᠠᠷᠪᠠ ᠶᠢᠰᠦᠳᠦᠭᠡᠷ ᠪᠦᠯᠦᠭ ᠤᠨ 13 ᠬᠤᠪᠢ ᠤᠯᠠᠨ ᠲᠦᠮᠡᠨ ᠤ ᠵᠠᠬᠢᠳᠠᠯ ᠰᠣᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠭᠦᠯᠬᠦ ᠪᠠᠷ ᠲᠤᠰᠢᠶᠠᠪᠠ
ᠨᠡᠶᠢᠲᠡᠯᠡᠭᠰᠡᠨ ᠴᠠᠭ᠄
2022/4/14
     ︵ᠰᠤᠷᠪᠤᠯᠵᠢᠯᠠᠭᠴᠢ ᠯᠢᠦ ᠱᠠ ᠱᠠ︶ 4 ᠳ᠋ᠤᠭᠡᠷ ᠰᠠᠷ᠎ᠠ ᠶᠢᠨ 13 ᠤ ᠡᠳᠦᠷ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠷᠪᠠᠳᠤᠭᠠᠷ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠥᠪᠡᠷᠲᠡᠭᠡᠨ ᠵᠠᠰᠠᠬᠤ ᠣᠷᠣᠨ ᠢᠶᠠᠷ ᠳᠠᠮᠵᠢᠭᠤᠯᠤᠨ ᠮᠠᠨ ᠤ ᠬᠤᠳᠠ ᠳᠤ ᠠᠷᠪᠠᠨ ᠶᠢᠰᠦᠳᠦᠭᠡᠷ ᠪᠦᠯᠦᠭ ᠤᠳᠠᠭ᠎ᠠ ᠶᠢᠨ ᠣᠷᠴᠢᠨ ᠲᠣᠭᠤᠷᠢᠨ ᠤ ᠬᠦᠷᠢᠶᠡᠨ ᠳᠤ ᠬᠤᠯᠪᠤᠭᠳᠠᠭᠰᠠᠨ ᠤᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ 13 ᠬᠡᠷᠡᠭ ︵ᠤᠲᠠᠰᠤ ᠪᠠᠷ ᠢᠯᠡᠴᠢᠯᠡᠨ ᠮᠡᠳᠡᠭᠦᠯᠦᠭᠰᠡᠨ ᠨᠢ 6 ᠬᠤᠪᠢ᠂ ᠵᠠᠬᠢᠳᠠᠯ ᠢᠶᠠᠷ ᠢᠯᠡᠴᠢᠯᠡᠨ ᠮᠡᠳᠡᠭᠦᠯᠦᠭᠰᠡᠨ ᠨᠢ 7 ᠬᠤᠪᠢ ︶ ᠢ ᠰᠢᠯᠵᠢᠭᠦᠯᠦᠨ ᠰᠢᠢᠳᠪᠦᠷᠢᠯᠡᠭᠦᠯᠪᠡ᠂ ᠡᠭᠦᠨ ᠳᠤ᠄ ᠰᠠᠶᠢᠬᠠᠨ ᠲᠣᠭᠤᠷᠢᠭ ᠤᠨ 6 ᠬᠤᠪᠢ᠂ ᠬᠤᠷᠢᠨᠭᠡᠷ ᠰᠢᠶᠠᠨ ᠤ 3 ᠬᠤᠪᠢ ︵ᠭᠤᠣᠯᠳᠠᠯᠭ᠎ᠠ ᠲᠠᠢ ᠬᠡᠷᠡᠭ 1 ᠬᠤᠪᠢ︶᠂ ᠲᠦᠮᠡᠳ ᠵᠡᠭᠦᠨ ᠬᠤᠰᠢᠭᠤᠨ ᠤ 2 ᠬᠤᠪᠢ ︵ᠭᠤᠣᠯᠳᠠᠯᠭ᠎ᠠ ᠲᠠᠢ ᠬᠡᠷᠡᠭ 1 ᠬᠤᠪᠢ︶᠂ ᠰᠢᠨ᠎ᠡ ᠬᠤᠲᠠ ᠲᠣᠭᠤᠷᠢᠭ ᠤᠨ 1 ᠬᠤᠪᠢ᠂ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ 1 ᠬᠤᠪᠢ ᠪᠤᠢ᠃      ᠪᠣᠬᠢᠷᠳᠤᠯ ᠤᠨ ᠲᠥᠷᠥᠯ ᠢᠶᠠᠷ ᠨᠢ ᠠᠩᠭᠢᠯᠠᠪᠠᠯ ︵ᠬᠡᠰᠡᠭ ᠬᠡᠷᠡᠭ ᠨᠢ ᠣᠯᠠᠨ ᠲᠥᠷᠥᠯ ᠤᠨ ᠪᠣᠬᠢᠷᠳᠤᠯ ᠳᠤ ᠬᠤᠯᠪᠣᠭᠳᠠᠨ᠎ᠠ︶᠄ ᠠᠭᠠᠷ ᠮᠠᠨᠳᠠᠯ ᠤᠨ ᠪᠣᠬᠢᠷᠳᠤᠯ ᠤᠨ ᠬᠡᠷᠡᠭ 5᠂ ᠠᠮᠢ ᠠᠬᠤᠢ ᠶᠢ ᠡᠪᠳᠡᠭᠰᠡᠨ ᠬᠡᠷᠡᠭ 4᠂ ᠬᠥᠷᠥᠰᠥ ᠰᠢᠷᠣᠢ ᠶᠢᠨ ᠪᠣᠬᠢᠷᠳᠤᠯ ᠤᠨ ᠬᠡᠷᠡᠭ 4᠂ ᠲᠠᠭᠤ ᠱᠤᠤᠭᠢᠶᠠᠨ ᠤ ᠪᠣᠬᠢᠷᠳᠤᠯ ᠤᠨ ᠬᠡᠷᠡᠭ 2 ᠪᠣᠢ᠃      ᠳᠡᠭᠡᠷᠡᠬᠢ ᠬᠡᠷᠡᠭ ᠢ ᠴᠥᠮ ᠬᠠᠮᠢᠶ᠎ᠠ ᠪᠦᠬᠦᠢ ᠬᠤᠰᠢᠭᠤ ᠰᠢᠶᠠᠨ ᠲᠣᠭᠤᠷᠢᠭ ᠪᠣᠯᠣᠨ ᠬᠤᠲᠠ ᠶᠢᠨ ᠬᠤᠯᠪᠤᠭᠳᠠᠯ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠰᠢᠢᠳᠪᠦᠷᠢᠯᠡᠭᠦᠯᠵᠦ ᠪᠠᠶᠢᠨ᠎ᠠ᠃
 
ᠢᠷᠡᠯᠲᠡ᠄ ᠬᠦᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号