ᠴᠢᠬᠤᠯᠠ ᠰᠢᠪᠲᠤᠯᠤᠯᠲᠠ ᠬᠦᠨᠳᠦ ᠡᠪᠡᠳᠴᠢᠨ ᠢ ᠵᠠᠰᠠᠬᠤ ᠳᠤ ᠬᠡᠷᠡᠭᠯᠡᠬᠦ ᠪᠣᠯᠣᠮᠵᠢ ᠲᠠᠢ  ᠮᠠᠨ ᠤ ᠤᠯᠤᠰ ᠤᠨ ᠰᠢᠨᠵᠢᠯᠡᠬᠦ ᠤᠬᠠᠭᠠᠨᠲᠠᠨ ᠰᠢᠨ᠎ᠡ ᠨᠢᠭᠡ ᠦᠶ᠎ᠡ ᠶᠢᠨ   ᠭᠤᠣᠯ ᠡᠰ ᠦᠢᠯᠡᠳᠬᠦ ᠮᠡᠷᠭᠡᠵᠢᠯ ᠳᠤ ᠴᠢᠬᠤᠯᠠ ᠰᠢᠪᠲᠣᠯᠣᠯᠲᠠ
ᠨᠡᠶᠢᠲᠡᠯᠡᠭᠰᠡᠨ ᠴᠠᠭ᠄
2022/4/18
      ᠤᠯᠠᠨ ᠳᠠᠯᠳᠠ ᠴᠢᠳᠠᠮᠵᠢ ᠲᠠᠢ ᠭᠤᠣᠯ ᠡᠰ ᠨᠢ ᠬᠢᠵᠠᠭᠠᠷ ᠦᠭᠡᠢ ᠲᠦᠯᠵᠢᠬᠦ ᠣᠨᠴᠠᠯᠢᠭ ᠲᠠᠢ ᠪᠦᠭᠡᠳ ᠠᠮᠢᠳᠤ ᠪᠤᠳᠠᠰ ᠤᠨ ᠪᠡᠶ᠎ᠡ ᠶᠢᠨ ᠪᠣᠢ ᠪᠦᠬᠦᠢ ᠦᠢᠯᠡᠳᠦᠯᠲᠦ ᠡᠰ ᠤᠨ ᠲᠦᠷᠥᠯ ᠬᠡᠯᠪᠡᠷᠢ ᠪᠣᠯᠵᠤ ᠬᠤᠪᠢᠶᠠᠭᠳᠠᠬᠤ ᠴᠢᠳᠠᠪᠣᠷᠢ ᠲᠠᠢ ᠪᠣᠯᠬᠤᠷ ︽ᠦᠷ᠎ᠡ ᠶᠢᠨ ᠡᠰ︾ ᠬᠡᠳᠡᠭ᠂ ᠭᠡᠪᠡᠴᠦ ᠲᠡᠷᠡ ᠨᠢ ᠵᠥᠪᠬᠡᠨ ᠬᠦᠪᠦᠷᠡᠯ ᠤᠨ ᠪᠣᠶᠢᠵᠢᠯᠲᠠ  ᠶᠢᠨ ᠠᠩᠬᠠᠨ ᠤ ᠱᠠᠲᠤᠨ ᠳᠤ ᠲᠦᠷ ᠣᠷᠣᠰᠢᠵᠣ᠂ ᠳᠠᠷᠠᠭ᠎ᠠ ᠨᠢ ᠡᠯ᠎ᠡ ᠲᠦᠷᠥᠯ ᠬᠡᠯᠪᠡᠷᠢ ᠶᠢᠨ ᠪᠡᠶ᠎ᠡ ᠭᠦᠢᠴᠡᠭᠰᠡᠨ ᠡᠰ ᠪᠣᠯᠵᠤ ᠬᠤᠪᠢᠶᠠᠭᠳᠠᠳᠠᠭ᠃ ᠪᠡᠭᠡᠵᠢᠩ ᠶᠡᠭᠡ ᠰᠤᠷᠭᠠᠭᠤᠯᠢ ᠶᠢᠨ ᠭᠤᠣᠯ ᠡᠰ ᠤᠨ ᠰᠣᠳᠣᠯᠭᠠᠨ ᠤ ᠲᠥᠪ ᠤᠨ ᠡᠷᠬᠢᠯᠡᠭᠴᠢ ᠳ᠋ᠧᠩ ᠬᠤᠩ ᠺᠦᠢ ᠪᠦᠯᠬᠦᠮ ᠢᠶᠠᠨ ᠳᠠᠭᠠᠭᠤᠯᠤᠨ ᠤᠯᠠᠨ ᠵᠢᠯ ᠤᠨ ᠴᠢᠷᠮᠠᠶᠢᠯᠭ᠎ᠠ ᠢᠶᠠᠷ ᠳᠠᠮᠵᠢᠨ᠂ ᠬᠢᠮᠢ  ᠶᠢᠨ ᠵᠢᠵᠢᠭ ᠮᠣᠯᠧᠺᠦ᠋ᠯ ᠤᠨ ᠥᠳᠦᠭᠡᠬᠦ ᠮᠡᠷᠭᠡᠵᠢᠯ ᠢ ᠠᠮᠵᠢᠯᠲᠠᠲᠠᠢ ᠨᠡᠭᠡᠭᠡᠨ ᠬᠦᠭᠵᠢᠭᠦᠯᠵᠦ᠂ ᠬᠦᠮᠦᠨ ᠤ ᠪᠡᠶ᠎ᠡ ᠭᠦᠢᠴᠡᠭᠰᠡᠨ ᠪᠡᠶ᠎ᠡ ᠤᠨ ᠡᠰ ᠢ ᠤᠯᠠᠨ ᠳᠠᠯᠳᠠ ᠴᠢᠳᠠᠮᠵᠢᠲᠤ ᠭᠤᠣᠯ ᠡᠰ ᠪᠣᠯᠭᠠᠨ ᠬᠤᠪᠢᠷᠠᠭᠤᠯᠪᠠ᠃ ᠳᠡᠯᠡᠬᠡᠢ ᠳᠡᠭᠡᠷ᠎ᠡ ᠠᠩᠬ᠎ᠠ ᠤᠳᠠᠭ᠎ᠠ ᠮᠡᠳᠡᠭᠡᠯᠡᠭᠰᠡᠨ᠂ ᠮᠠᠨ ᠤ ᠤᠯᠤᠰ ᠤᠨ ᠪᠡᠶ᠎ᠡ ᠪᠠᠨ ᠳᠠᠭᠠᠭᠠᠵᠤ ᠰᠣᠳᠣᠯᠣᠨ ᠨᠡᠭᠡᠭᠡᠭᠰᠡᠨ ᠡᠨᠡ ᠬᠦ ᠬᠦᠮᠦᠨ ᠤ ᠣᠯᠠᠨ ᠳᠠᠯᠳᠠ ᠴᠢᠳᠠᠪᠣᠷᠢ ᠪᠦᠬᠦᠢ ᠭᠤᠣᠯ ᠡᠰ ᠢ ᠦᠢᠯᠡᠳᠬᠦ ᠮᠡᠷᠭᠡᠵᠢᠯ ᠨᠢ ᠥᠩᠭᠡᠷᠡᠭᠰᠡᠨ ᠤ ᠭᠤᠣᠯ ᠡᠰ ᠢ ᠦᠢᠯᠡᠳᠬᠦ ᠮᠡᠷᠭᠡᠵᠢᠯ ᠤᠨ ᠬᠢᠵᠠᠭᠠᠷᠳᠠᠮᠠᠯ ᠴᠢᠨᠠᠷ ᠢ ᠰᠢᠪᠲᠤᠯᠵᠤ᠂ ᠮᠠᠨ ᠤ ᠤᠯᠤᠰ ᠤᠨ ᠭᠤᠣᠯ ᠡᠰ ᠪᠠ ᠳᠠᠬᠢᠨ ᠲᠦᠯᠵᠢᠬᠦ ᠠᠨᠠᠭᠠᠬᠤ ᠤᠬᠠᠭᠠᠨ ᠤ ᠬᠦᠭᠵᠢᠯᠲᠡ ᠳᠤ ᠳᠣᠣᠷᠠᠳᠣ ᠳᠠᠪᠬᠤᠷᠭ᠎ᠠ ᠶᠢᠨ ᠮᠡᠷᠭᠡᠵᠢᠯ ᠤᠨ ᠲᠠᠯ᠎ᠠ  ᠪᠠᠷ ᠬᠢ ᠪᠣᠭᠤᠮᠢ ᠶᠢᠨ ᠠᠰᠠᠭᠤᠳᠠᠯ ᠢ ᠰᠢᠢᠳᠪᠦᠷᠢᠯᠡᠵᠦ᠂ ᠢᠷᠡᠭᠡᠳᠦᠢ ᠳᠤ ᠰᠢᠬᠢᠷ ᠰᠢᠵᠢᠩ ᠡᠪᠡᠳᠴᠢᠨ᠂ ᠬᠦᠨᠳᠦ ᠡᠯᠢᠭᠡᠨ ᠡᠪᠡᠳᠴᠢᠨ᠂ ᠬᠤᠣᠷᠲᠣ ᠬᠠᠪᠤᠳᠠᠷ ᠵᠡᠷᠭᠡ ᠬᠦᠨᠳᠦ ᠶᠡᠭᠡ ᠡᠪᠡᠳᠴᠢᠨ ᠡᠮᠬᠡᠭ ᠢ ᠡᠮᠨᠡᠨ ᠵᠠᠰᠠᠬᠤ ᠳᠤ ᠬᠡᠷᠡᠭᠯᠡᠬᠦ ᠪᠣᠯᠣᠮᠵᠢ ᠲᠠᠢ ᠪᠠᠶᠢᠨ᠎ᠠ᠃       ᠡᠨᠡ ᠬᠦ ᠴᠢᠬᠤᠯᠠ ᠦᠷ᠎ᠡ ᠪᠦᠲᠦᠭᠡᠯ ᠢ4 ᠰᠠᠷ᠎ᠠ ᠶᠢᠨ13 ᠤ ᠡᠳᠦᠷ ᠰᠦᠯᠵᠢᠨ ᠳᠡᠭᠡᠷᠡᠬᠢ ︽ᠪᠠᠶᠢᠭᠠᠯᠢ︾ ᠰᠡᠳᠬᠦᠯ ᠳᠡᠭᠡᠷ᠎ᠡ ᠨᠡᠶᠢᠲᠡᠯᠡᠪᠡ᠃
 
ᠢᠷᠡᠯᠲᠡ᠄ ᠠᠷᠠᠳ ᠤᠨ ᠰᠦᠯᠵᠢᠶ᠎ᠡ ᠶᠢᠨ ᠮᠣᠩᠭᠤᠯ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号