ᠨᠠᠰᠤᠨ ᠳᠤ ᠥᠯᠥ ᠭᠦᠷᠦᠭᠰᠡᠳ ᠤᠨ ᠰᠢᠭᠤᠳ ᠨᠡᠪᠲᠡᠷᠡᠭᠦᠯᠭᠡ ᠳᠤ ᠣᠷᠣᠯᠴᠠᠬᠤ ᠶᠢ ᠴᠠᠭᠠᠵᠠᠯᠠᠪᠠ    ᠳᠥᠷᠪᠡᠨ ᠰᠠᠯᠠᠭ᠎ᠠ ᠮᠥᠴᠢᠷ ᠠᠴᠠ ᠠᠯᠪᠠᠨ ᠪᠢᠴᠢᠭ ᠲᠠᠷᠬᠠ᠊
ᠨᠡᠶᠢᠲᠡᠯᠡᠭᠰᠡᠨ ᠴᠠᠭ᠄
2022/5/9
    【 ᠳᠥᠷᠪᠡᠨ ᠰᠠᠯᠠᠭ᠎ᠠ ᠮᠥᠴᠢᠷ ᠠᠴᠠ ᠪᠦᠬᠦᠯᠢ 16 ᠨᠠᠰᠤ ᠬᠦᠷᠦᠭᠡᠳᠦᠢ ᠨᠠᠰᠤᠨ ᠳᠤ ᠥᠯᠥ ᠬᠦᠷᠦᠭᠰᠡᠳ ᠲᠤ ᠰᠦᠯᠵᠢᠶᠡᠨ ᠤ ᠭᠤᠣᠯᠯᠠᠨ ᠨᠡᠪᠲᠡᠷᠡᠭᠦᠯᠭᠡ ᠶᠢᠨ ᠦᠢᠯᠡᠴᠢᠯᠡᠭᠡ ᠬᠠᠩᠭᠠᠵᠤ ᠪᠣᠯᠬᠤ ᠦᠭᠡᠢ ᠭᠡᠵᠦ ᠱᠠᠭᠠᠷᠳᠠᠪᠠ᠃ 】      ᠰᠦᠯᠵᠢᠶ᠎ᠡ ᠪᠠᠷ ᠰᠢᠭᠤᠳ ᠨᠡᠪᠲᠡᠷᠡᠭᠦᠯᠬᠦ ᠠᠵᠢᠯ ᠲᠥᠷᠥᠯ ᠤᠨ ᠵᠢᠷᠤᠮᠵᠢᠯ ᠢ ᠦᠨᠡᠨ ᠬᠦ ᠴᠢᠩᠭᠠᠳᠬᠠᠵᠤ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠬᠤ ᠶᠢᠨ ᠲᠤᠰᠠᠳᠠ᠂ ᠲᠥᠪ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠬᠡᠷ᠂ ᠰᠣᠶᠣᠯ ᠪᠠ ᠵᠢᠭᠤᠯᠴᠢᠯᠠᠯ ᠤᠨ ᠶᠠᠮᠤᠨ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ᠂ ᠤᠯᠤᠰ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ 7 ᠤ ᠡᠳᠦᠷ ︽ᠰᠦᠯᠵᠢᠶ᠎ᠡ ᠪᠠᠷ ᠰᠢᠭᠤᠳ ᠨᠡᠪᠲᠡᠷᠡᠭᠦᠯᠬᠦ ᠶᠢ ᠵᠢᠷᠤᠮᠵᠢᠭᠤᠯᠵᠤ ᠨᠠᠰᠤᠨ ᠳᠤ ᠥᠯᠥ ᠭᠦᠷᠦᠭᠰᠡᠳ ᠤᠨ ᠬᠠᠮᠠᠭᠠᠯᠠᠯᠲᠠ ᠶᠢ ᠴᠢᠩᠭᠠᠳᠬᠠᠬᠤ ᠲᠤᠬᠠᠶ ᠰᠠᠨᠠᠯ︾ ᠢ ᠨᠡᠶᠢᠲᠡᠯᠡᠵᠦ᠂ ᠳᠣᠣᠷᠠᠬᠢ ᠮᠡᠲᠦ ᠳᠤᠷᠠᠳᠪᠠ᠄      ① ᠨᠠᠰᠤᠨ ᠳᠤ ᠥᠯᠥ ᠭᠦᠷᠦᠭᠰᠡᠳ ᠤᠨ ᠰᠢᠭᠤᠳ ᠨᠡᠪᠲᠡᠷᠡᠭᠦᠯᠭᠡ ᠳᠤ ᠣᠷᠣᠯᠴᠠᠬᠤ ᠶᠢ ᠴᠠᠭᠠᠵᠠᠯᠠᠨ᠎ᠠ      ② ᠨᠠᠰᠤᠨ ᠳᠤ ᠥᠯᠥ ᠭᠦᠷᠦᠭᠰᠡᠳ ᠤᠨ ᠭᠤᠤᠯᠯᠠᠨ ᠨᠡᠪᠲᠡᠷᠡᠭᠦᠯᠬᠦ ᠠᠵᠢᠯ ᠡᠷᠭᠢᠯᠡᠬᠦ ᠶᠢ ᠴᠢᠩᠭ᠎ᠠ ᠬᠢᠵᠠᠭᠠᠷᠯᠠᠵᠤ᠂ ᠪᠦᠬᠦᠯᠢ 16 ᠨᠠᠰᠤ ᠬᠦᠷᠦᠭᠡᠳᠦᠢ ᠨᠠᠰᠤᠨ ᠳᠤ ᠥᠯᠥ ᠭᠦᠷᠦᠭᠰᠡᠳ ᠲᠤ ᠰᠦᠯᠵᠢᠶ᠎ᠡ ᠪᠠᠷ ᠭᠤᠤᠯᠯᠠᠨ ᠨᠡᠪᠲᠡᠷᠡᠭᠦᠯᠬᠦ ᠦᠢᠯᠡᠴᠢᠯᠡᠭᠡ ᠬᠠᠩᠭᠠᠵᠤ ᠪᠣᠯᠬᠤ ᠥᠬᠡᠶ      ③ ︽ᠵᠠᠯᠠᠭᠤᠴᠤᠳ ᠪᠠᠭᠠᠴᠤᠳ ᠤᠨ ᠬᠡᠪ ᠵᠠᠭᠪᠤᠷ︾ ᠢ ᠰᠢᠯᠢᠳᠡᠭᠵᠢᠭᠦᠯᠦᠨ ᠲᠠᠰ ᠳᠡᠪᠰᠢᠭᠦᠯᠦᠨ᠎ᠡ      ④ ᠨᠠᠰᠤᠨ ᠳᠤ ᠥᠯᠥ ᠬᠦᠷᠦᠭᠰᠡᠳ ᠤᠨ ᠲᠤᠰᠬᠠᠶ ᠦᠢᠯᠡᠴᠢᠯᠡᠭᠡᠨ ᠤ ᠪᠦᠯᠬᠦᠮ ᠢ ᠪᠠᠶᠢᠭᠤᠯᠤᠨ᠎ᠠ      ⑤ ᠭᠤᠤᠯᠳᠠᠯᠭ᠎ᠠ ᠲᠠᠢ ᠴᠢᠳᠠᠮᠵᠢ ᠶᠢᠨ ᠬᠡᠷᠡᠭᠯᠡᠯᠲᠡ ᠶᠢ ᠵᠢᠷᠤᠮᠵᠢᠭᠤᠯᠵᠤ᠂ ᠰᠦᠯᠵᠢᠶᠡᠨ ᠥᠷᠲᠡᠭᠡᠨ ᠤ ᠲᠠᠪᠴᠠᠩ ᠢ ᠰᠠᠨᠠᠯ ᠨᠡᠶᠢᠲᠡᠯᠡᠭᠰᠡᠨ ᠤ ᠳᠠᠷᠠᠭ᠎ᠠ 1 ᠰᠠᠷ᠎ᠠ ᠶᠢᠨ ᠳᠣᠲᠣᠷ᠎ᠠ ᠱᠠᠩᠨᠠᠯ ᠣᠯᠭᠤᠬᠤ ᠨᠡᠷᠡᠰ ᠤᠨ ᠵᠢᠭᠰᠠᠭᠠᠯᠲᠠ ᠶᠢ ᠪᠦᠬᠦᠨ ᠢ ᠬᠦᠴᠦᠨ ᠥᠬᠡᠶ ᠪᠣᠯᠭᠠᠬᠤ ᠬᠡᠷᠡᠭᠲᠡᠶ      ⑥ ᠣᠷᠭᠢᠯ ᠦᠶ᠎ᠡ ᠶᠢᠨ ᠬᠠᠮᠢᠶᠠᠷᠤᠯᠲᠠ ᠶᠢ ᠴᠢᠩᠭᠠᠳᠬᠠᠨ᠎ᠠ      ⑦ᠰᠦᠯᠵᠢᠶᠡᠨ ᠤ ᠬᠡᠪ ᠪᠣᠯᠪᠠᠰᠤᠷᠠᠯ ᠤᠨ ᠬᠥᠮᠦᠵᠢᠯ ᠢ ᠴᠢᠩᠭᠠᠳᠬᠠᠬᠤ ᠵᠡᠷᠭᠡ ᠠᠵᠢᠯ ᠤᠨ ᠠᠷᠭ᠎ᠠ ᠬᠡᠮᠵᠢᠶ᠎ᠡ᠃
 
ᠢᠷᠡᠯᠲᠡ᠄ ᠬᠤᠷᠢᠨᠭᠡᠷ ᠰᠢᠶᠠᠨ ᠤ ᠸᠢᠴᠠᠲ ᠲᠠᠪᠴᠠᠩ huoli-helingeer
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号