ᠬᠤᠷᠢᠨᠭᠡᠷ ᠰᠢᠶᠠᠨ ᠠᠩᠬᠠᠳᠠᠭᠴᠢ ᠡᠮᠴᠢᠯᠡᠭᠡᠨ ᠤ ᠰᠦᠢᠳᠬᠡᠯ ᠬᠤᠷᠢᠶᠠᠬᠤ ᠡᠯᠧᠺᠲᠷᠣᠨ ᠫᠢᠶᠣᠣ ᠪᠠᠷᠢᠮᠲᠠ ᠶᠢ ᠭᠠᠷᠭᠠᠪᠠ
ᠨᠡᠶᠢᠲᠡᠯᠡᠭᠰᠡᠨ ᠴᠠᠭ᠄
2022/5/9
     ᠣᠳᠣ ᠦᠶ᠎ᠡ ᠶᠢᠨ ᠡᠳ᠋ ᠤᠨ ᠵᠠᠰᠠᠭ ᠤᠨ ᠳᠦᠷᠢᠮ ᠤᠨ ᠥᠭᠡᠷᠡᠴᠢᠯᠡᠯᠲᠡ ᠪᠠ ᠮᠡᠳᠡᠭᠡ  ᠵᠠᠩᠭᠢᠴᠢᠯᠠᠯᠲᠠ ᠶᠢᠨ ᠬᠥᠭᠵᠢᠯᠲᠡ ᠶᠢᠨ ᠬᠡᠷᠡᠭᠴᠡᠭᠡ ᠳᠤ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠡᠮ ᠡᠮᠨᠡᠯᠭᠡ ᠶᠢᠨ ᠰᠦᠢᠳᠬᠡᠯ ᠬᠤᠷᠢᠶᠠᠬᠤ ᠡᠯᠧᠺᠲᠷᠣᠨ ᠫᠢᠶᠣᠣ ᠪᠠᠷᠢᠮᠲᠠ ᠶᠢᠨ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠠᠵᠢᠯ ᠤᠨ ᠱᠠᠭᠠᠷᠳᠠᠯᠭ᠎ᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠪᠠ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠵᠠᠭᠪᠤᠷ ᠢ ᠤᠯᠠᠮ ᠨᠢᠭᠡ ᠠᠯᠬᠤᠮ ᠠᠬᠢᠭᠤᠯᠵᠤ᠂ ᠬᠤᠲᠠ ᠶᠢᠨ ᠲᠣᠭᠤᠷᠢᠭ ᠬᠤᠶᠠᠷ ᠱᠠᠲᠤᠨ ᠤ ᠡᠳ᠋ ᠤᠨ ᠵᠠᠰᠠᠭ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮ ᠡᠮᠨᠡᠯᠭᠡ ᠶᠢᠨ ᠳᠠᠭᠠᠳᠬᠠᠯ ᠵᠡᠷᠭᠡ ᠰᠠᠯᠠᠭ᠎ᠠ ᠮᠥᠴᠢᠷ ᠤᠨ ᠬᠠᠮᠲᠤ ᠶᠢᠨ ᠴᠢᠷᠮᠠᠶᠢᠯᠭ᠎ᠠ ᠪᠠᠷ᠂ 2022 ᠣᠨ ᠤ 5 ᠰᠠᠷ᠎ᠠ ᠶᠢᠨ 5 ᠤ ᠡᠳᠦᠷ᠂ ᠬᠤᠷᠢᠨᠭᠡᠷ ᠰᠢᠶᠠᠨ ᠤ ᠡᠬᠡ ᠨᠢᠯᠬᠠᠰ ᠤᠨ ᠡᠷᠡᠭᠦᠯᠵᠢᠯ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠥᠪ ᠠᠩᠬᠠᠳᠠᠭᠴᠢ ᠡᠮ ᠡᠮᠨᠡᠯᠭᠡ ᠶᠢᠨ ᠰᠦᠢᠳᠬᠡᠯ ᠬᠤᠷᠢᠶᠠᠬᠤ ᠡᠯᠧᠺᠲᠷᠣᠨ ᠫᠢᠶᠣᠣ ᠪᠠᠷᠢᠮᠲᠠ ᠭᠠᠷᠭᠠᠵᠤ᠂ ᠡᠮᠴᠢᠯᠡᠭᠡᠨ ᠤ ᠰᠦᠶ᠋ᠳᠬᠡᠯ ᠬᠤᠷᠢᠶᠠᠬᠤ ᠡᠯᠧᠺᠲᠷᠣᠨ ᠫᠢᠶᠣᠣ ᠪᠠᠷᠢᠮᠲᠠ ᠶᠢᠨ ᠥᠭᠡᠷᠡᠴᠢᠯᠡᠯᠲᠡ ᠶᠢ ᠪᠡᠶᠡᠯᠡᠭᠦᠯᠦᠭᠰᠡᠨ ᠠᠩᠬᠠᠳᠠᠭᠴᠢ ᠡᠮᠴᠢᠯᠡᠭᠡᠨ ᠤ ᠪᠠᠶᠢᠭᠤᠯᠤᠮᠵᠢ ᠪᠣᠯᠤᠭᠰᠠᠨ ᠨᠢ ᠬᠤᠷᠢᠨᠭᠡᠷ ᠰᠢᠶᠠᠨ ᠤ ᠡᠮᠴᠢᠯᠡᠭᠡᠨ ᠤ ᠰᠦᠢᠳᠬᠡᠯ ᠬᠤᠷᠢᠶᠠᠬᠤ ᠡᠯᠧᠺᠲᠷᠣᠨ ᠫᠢᠶᠣᠣ ᠪᠠᠷᠢᠮᠲᠠ ᠶᠢᠨ ᠲᠤᠬᠠᠶᠢᠯᠠᠭᠰᠠᠨ ᠠᠵᠢᠯ ᠵᠢᠩᠬᠢᠨᠢ ᠪᠠᠷ ᠰᠦᠯᠵᠢᠶᠡᠨ ᠳᠤ ᠭᠠᠷᠴᠤ᠂ ᠡᠳ᠋ ᠤᠨ ᠵᠠᠰᠠᠭ ᠤᠨ ᠡᠯᠧᠺᠲᠷᠣᠨ ᠫᠢᠶᠣᠣ ᠪᠠᠷᠢᠮᠲᠠ ᠶᠢᠨ ᠬᠠᠮᠢᠶᠠᠷᠤᠯᠲᠠ ᠶᠢᠨ ᠠᠵᠢᠯ ᠵᠢᠩᠬᠢᠨᠢ ᠪᠠᠷ ︽ᠴᠠᠭᠠᠰᠤ ᠬᠡᠷᠡᠭᠯᠡᠬᠦ ᠥᠬᠡᠶ᠂  ᠡᠯᠧᠺᠲ᠋ᠣᠷᠤᠨᠴᠢᠯᠠᠬᠤ᠂ ᠠᠷᠠᠳ ᠲᠤ ᠲᠥᠬᠦᠮ ᠦᠵᠡᠭᠦᠯᠬᠦ︾ ᠴᠠᠭ ᠦᠶ᠎ᠡ ᠳᠤ ᠤᠷᠤᠭᠰᠠᠨ ᠢ ᠬᠠᠷᠠᠭᠤᠯᠵᠤ ᠪᠠᠶᠢᠨ᠎ᠠ᠃
     ᠡᠮᠴᠢᠯᠡᠭᠡᠨ ᠤ ᠰᠦᠢᠳᠬᠡᠯ ᠬᠤᠷᠢᠶᠠᠬᠤ ᠡᠯᠧᠺᠲᠷᠣᠨ ᠫᠢᠶᠣᠣ ᠪᠠᠷᠢᠮᠲᠠ ᠨᠢ ᠡᠪᠡᠳᠴᠢᠲᠡᠨ ᠤ ᠡᠪᠡᠳᠴᠢᠨ ᠦᠵᠡᠭᠦᠯᠬᠦ ᠳᠤ ᠲᠦᠢᠯ ᠤᠨ ᠶᠡᠭᠡ ᠲᠥᠬᠦᠮ ᠦᠵᠡᠭᠦᠯᠵᠦ᠂ ᠡᠮᠴᠢᠯᠡᠭᠦᠯᠦᠭᠴᠢ ᠴᠠᠭ ᠲᠤᠬᠠᠶ ᠳᠤᠨᠢ ᠪᠠᠶᠢᠴᠠᠭᠠᠨ ᠦᠵᠡᠵᠦ᠂ ᠪᠠᠭᠤᠯᠭᠠᠨ ᠠᠪᠴᠤ᠂ ᠲᠠᠩᠰᠠ ᠲᠠᠶᠢᠯᠤᠨ ᠬᠡᠷᠡᠭᠯᠡᠵᠦ ᠪᠣᠯᠤᠨ᠎ᠠ᠃ ᠡᠭᠦᠨ ᠤ ᠬᠠᠮᠲᠤ ᠪᠠᠰᠠ ᠰᠦᠢᠳᠬᠡᠯ ᠬᠤᠷᠢᠶᠠᠬᠤ ᠴᠣᠩᠬᠤᠨ ᠤ ᠠᠵᠢᠯ ᠤᠨ ᠳᠠᠷᠤᠯᠲᠠ ᠶᠢ ᠪᠦᠲᠦᠮᠵᠢᠲᠡᠶ ᠪᠠᠷ ᠬᠥᠩᠭᠡᠷᠡᠭᠦᠯᠵᠦ᠂ ᠡᠮᠨᠡᠯᠭᠡ ᠶᠢᠨ ᠬᠤᠷᠢᠶᠠᠨ ᠤ ᠰᠦᠶ᠋ᠳᠬᠡᠯ ᠬᠤᠷᠢᠶᠠᠬᠤ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠴᠠᠭᠠᠰᠤᠨ ᠫᠢᠶᠣᠣ ᠪᠠᠷᠢᠮᠲᠠ ᠶᠢ ᠳᠠᠷᠤᠮᠠᠯᠯᠠᠬᠤ᠂ ᠳᠠᠮᠵᠢᠭᠤᠯᠬᠤ᠂ ᠡᠮᠬᠢᠯᠡᠬᠦ ᠪᠠ ᠬᠠᠳᠠᠭᠠᠯᠠᠬᠤ ᠥᠪᠡᠷ ᠤᠨ ᠥᠷᠲᠡᠭ ᠢ ᠪᠠᠭᠤᠷᠠᠭᠤᠯᠵᠤ᠂ ᠬᠥᠮᠦᠨ ᠤ ᠬᠦᠴᠦᠨ ᠤ ᠠᠯᠳᠠᠭ᠎ᠠ ᠪᠤᠷᠤᠭᠤ᠂ ᠡᠷᠭᠢᠯᠲᠡ ᠶᠢᠨ ᠳᠤᠮᠳᠠᠬᠢ ᠡᠪᠳᠡᠷᠡᠵᠦ ᠰᠦᠢᠳᠬᠦ ᠪᠠ ᠭᠡᠭᠡᠭᠳᠡᠬᠦ ᠲᠦᠭᠰᠢᠭᠦᠷᠢ ᠶᠢ ᠪᠠᠭᠠᠰᠬᠠᠵᠤ᠂ ᠠᠷᠠᠳ ᠣᠯᠠᠨ ᠳᠤ ᠡᠯᠧᠺᠲᠷᠣᠨ ᠫᠢᠶᠣᠣ ᠪᠠᠷᠢᠮᠲᠠ ᠶᠢᠨ ᠥᠭᠡᠷᠡᠴᠢᠯᠡᠯᠲᠡ ᠠᠴᠠ ᠪᠣᠯᠤᠭᠰᠠᠨ ᠲᠥᠬᠦᠮ ᠨᠥᠬᠦᠴᠡᠯ ᠢ ᠦᠨᠡᠨ ᠬᠦ ᠮᠡᠳᠡᠷᠡᠭᠦᠯᠪᠡ᠃ ᠡᠭᠦᠨ ᠤ ᠬᠠᠮᠲᠤ᠂ ᠡᠮᠴᠢᠯᠡᠭᠡᠨ ᠤ ᠰᠦᠢᠳᠬᠡᠯ ᠬᠤᠷᠢᠶᠠᠬᠤ ᠡᠯᠧᠺᠲᠷᠣᠨ ᠫᠢᠶᠣᠣ ᠪᠠᠷᠢᠮᠲᠠ ᠶᠢ ᠳᠡᠯᠭᠡᠷᠡᠭᠦᠯᠦᠨ ᠬᠡᠷᠡᠭᠯᠡᠬᠦ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠴᠤ ᠢᠳᠡᠪᠬᠢᠲᠡᠶ ᠦᠢᠯᠡᠳᠦᠯ ᠲᠠᠢ ᠶᠤᠮ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠬᠤᠶ ᠪᠠᠶᠢᠳᠠᠯ ᠤᠨ ᠳᠣᠤᠷ᠎ᠠ᠂ ᠡᠪᠡᠳᠴᠢᠲᠡᠨ ᠡᠮᠨᠡᠯᠭᠡ ᠶᠢᠨ ᠬᠤᠷᠢᠶᠠᠨ ᠤ ᠡᠯᠧᠺᠲᠷᠣᠨ ᠫᠢᠶᠣᠣ ᠪᠠᠷᠢᠮᠲᠠ ᠶᠢᠨ ᠬᠠᠪᠴᠢᠭᠤᠷ ᠤᠨ ᠬᠤᠶᠠᠷ ᠬᠡᠮᠵᠢᠯᠳᠦ ᠲᠡᠮᠳᠡᠭ ᠢ ᠰᠢᠷᠪᠢᠬᠦ ᠪᠠᠷ ᠳᠠᠮᠵᠢᠭᠤᠯᠤᠨ ᠡᠯᠧᠺᠲᠷᠣᠨ ᠫᠢᠶᠣᠣ ᠪᠠᠷᠢᠮᠲᠠ ᠶᠢ ᠠᠮᠠᠷᠬᠠᠨ ᠣᠯᠵᠤ ᠪᠣᠯᠤᠨ᠎ᠠ᠃ ᠬᠤᠪᠢ ᠬᠥᠮᠦᠨ ᠤ ᠡᠯᠧᠺᠲᠷᠣᠨ ᠫᠢᠶᠣᠣ ᠪᠠᠷᠢᠮᠲᠠ ᠶᠢ ᠠᠶᠠᠨᠳᠠᠭᠠᠨ ᠬᠠᠳᠠᠭᠠᠯᠠᠵᠤ᠂ ᠪᠦᠬᠦ ᠶᠠᠪᠤᠴᠠ ᠶᠢ ᠴᠠᠭᠠᠰᠤ ᠬᠡᠷᠡᠭᠯᠡᠬᠦ ᠦᠭᠡᠢ ᠪᠠᠷ ᠠᠵᠢᠯᠯᠠᠭᠤᠯᠪᠠᠯ ᠬᠥᠮᠦᠰ ᠤᠨ ᠰᠢᠯᠵᠢᠬᠦ ᠪᠠ ᠣᠶᠢᠷᠠᠳᠬᠤ ᠶᠢ ᠪᠠᠭᠠᠰᠬᠠᠵᠤ ᠪᠣᠯᠤᠨ᠎ᠠ᠃      ᠡᠳ᠋ ᠤᠨ ᠵᠠᠰᠠᠭ ᠤᠨ ᠡᠯᠧᠺᠲᠷᠣᠨ ᠫᠢᠶᠣᠣ ᠪᠠᠷᠢᠮᠲᠠ ᠶᠢ ᠡᠬᠢᠯᠡᠵᠦ ᠬᠡᠷᠡᠭᠯᠡᠭᠰᠡᠨ ᠤ ᠲᠠᠷᠠᠭ᠎ᠠ᠂ ᠵᠣᠭᠤᠰ ᠲᠤᠰᠢᠶᠠᠭᠴᠢ ᠫᠢᠶᠣᠣ ᠠᠪᠬᠤ ᠠᠴᠠ ᠠᠪᠤᠭᠠᠳ ᠰᠦᠢᠳᠬᠡᠯ ᠲᠤᠰᠢᠶᠠᠬᠤ ᠬᠦᠷᠲᠡᠯ᠎ᠡ᠂ ᠲᠠᠬᠢᠭᠠᠳ ᠡᠯᠧᠺᠲᠷᠣᠨ ᠫᠢᠶᠣᠣ ᠪᠠᠷᠢᠮᠲᠠ ᠭᠠᠷᠭᠠᠵᠤ ᠥᠭᠬᠦ ᠬᠦᠷᠲᠡᠯ᠎ᠡ᠂ ᠪᠦᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ᠂ ᠴᠠᠭᠠᠰᠤ ᠦᠭᠡᠢ ᠪᠠᠷ ᠠᠵᠢᠯᠯᠠᠭᠤᠯᠬᠤ ᠶᠢ ᠪᠡᠶᠡᠯᠡᠭᠦᠯᠵᠦ᠂ ᠡᠭᠦᠨ ᠤ ᠤᠯᠠᠮ ᠠᠴᠠ ᠨᠡᠩ ᠰᠢᠨᠵᠢᠯᠡᠬᠦ ᠤᠬᠠᠭᠠᠨᠴᠢ᠂ ᠥᠨᠳᠥᠷ ᠪᠦᠲᠦᠮᠵᠢᠲᠡᠢ᠂ ᠳᠥᠭᠦᠮ ᠳᠥᠲᠡ ᠡᠳ᠋ ᠤᠨ ᠵᠠᠰᠠᠭ ᠤᠨ ᠫᠢᠶᠣᠣ ᠪᠠᠷᠢᠮᠲᠠ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠡᠳ᠋ ᠤᠨ ᠵᠠᠰᠠᠭ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠮᠠᠨ ᠤ ᠰᠢᠶᠠᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠪᠡ᠃      ᠡᠮᠴᠢᠯᠡᠭᠡᠨ ᠤ ᠰᠦᠢᠳᠬᠡᠯ ᠬᠤᠷᠢᠶᠠᠬᠤ ᠡᠯᠧᠺᠲᠷᠣᠨ ᠫᠢᠶᠣᠣ ᠪᠠᠷᠢᠮᠲᠠ ᠶᠢ ᠪᠢᠴᠢᠵᠦ ᠥᠭᠭᠦᠭᠰᠡᠨ ᠨᠢ ᠲᠠᠷᠠᠭᠠᠴᠢ ᠶᠢᠨ ᠠᠯᠬᠤᠮ ᠤᠨ ᠡᠮᠴᠢᠯᠡᠭᠡᠨ ᠤ ᠰᠦᠢᠳᠬᠡᠯ ᠬᠤᠷᠢᠶᠠᠬᠤ ᠡᠯᠧᠺᠲᠷᠣᠨ ᠫᠢᠶᠣᠣ ᠪᠠᠷᠢᠮᠲᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠥᠭᠡᠳ ᠬᠤᠷᠢᠨᠭᠡᠷ ᠰᠢᠶᠠᠨ ᠤ ᠡᠮᠴᠢᠯᠡᠭᠡᠨ ᠤ ᠰᠦᠢᠳᠬᠡᠯ ᠬᠤᠷᠢᠶᠠᠬᠤ ᠡᠯᠧᠺᠲᠷᠣᠨ ᠫᠢᠶᠣᠣ ᠪᠠᠷᠢᠮᠲᠠ ᠶᠢᠨ ᠮᠡᠳᠡᠭᠡ ᠵᠠᠩᠭᠢᠴᠢᠯᠠᠯᠲᠠ ᠶᠢᠨ ᠬᠠᠮᠢᠶᠠᠷᠤᠯᠲᠠ ᠡᠬᠢᠯᠡᠭᠰᠡᠨ ᠢ ᠬᠠᠷᠠᠭᠤᠯᠵᠤ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠮᠠᠨ ᠤ ᠬᠤᠲᠠ ᠶᠢᠨ ᠡᠮ ᠡᠮᠨᠡᠯᠭᠡ ᠶᠢᠨ ᠰᠦᠢᠳᠬᠡᠯ ᠬᠤᠷᠢᠶᠠᠬᠤ ᠡᠯᠧᠺᠲᠷᠣᠨ ᠫᠢᠶᠣᠣ ᠪᠠᠷᠢᠮᠲᠠ ᠶᠢᠨ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠠᠵᠢᠯ ᠢ ᠢᠳᠡᠪᠬᠢᠲᠡᠶ ᠪᠥᠭᠡᠳ ᠡᠮᠬᠢ ᠵᠢᠷᠤᠮ ᠲᠠᠢ ᠳᠥᠯᠭᠢᠨ ᠠᠬᠢᠭᠤᠯᠵᠤ ᠂ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡᠨ ᠤ ᠬᠠᠷᠠᠯᠲᠠ ᠶᠢ ᠪᠡᠶᠡᠯᠡᠭᠦᠯᠦᠨ᠎ᠡ᠃
 
ᠢᠷᠡᠯᠲᠡ᠄ ᠬᠤᠷᠢᠨᠭᠡᠷ ᠰᠢᠶᠠᠨ ᠤ ᠸᠢᠴᠠᠲ ᠲᠠᠪᠴᠠᠩ huoli-helingeer
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号