︵ᠰᠤᠷᠪᠤᠯᠵᠢᠯᠠᠭᠴᠢ ᠸᠠᠩ ᠵᠦᠩ ᠵᠸᠦ︶ 6 ᠳ᠋ᠤᠭᠠᠷ ᠰᠠᠷ᠎ᠠ ᠶᠢᠨ 24 ᠤ ᠡᠳᠦᠷ᠂ ᠪᠦᠬᠦ ᠬᠤᠳᠠ ᠶᠢᠨ | ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ | ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ᠂ ᠬᠤᠳᠠ ᠶᠢᠨ ᠪᠠᠶᠢᠭᠤᠯᠭ᠎ᠠ ᠶᠢᠨ ᠠᠵᠢᠯᠯᠠᠬᠤ ᠬᠤᠷᠢᠶ᠎ᠠ ᠶᠢᠨ | ᠪᠠᠶᠢᠩᠭᠤ ᠶᠢᠨ ᠳᠡᠳ᠋ ᠡᠷᠬᠢᠯᠡᠭᠴᠢ ᠭᠠᠩᠪᠦ᠋ᠬᠡ ᠬᠤᠷᠠᠯ ᠳᠤ ᠣᠷᠣᠯᠴᠠᠪᠠ᠃ | ᠬᠤᠷᠠᠯ ᠠᠴᠠ ᠨᠢᠳᠤᠨᠤᠨ ᠠᠴᠠ ᠨᠠᠰᠢᠬᠢ ᠬᠤᠲᠠ ᠶᠢᠨ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ | ᠬᠤᠷᠢᠶ᠎ᠠ ᠶᠢᠨ ᠠᠵᠢᠯ ᠢ ᠳ᠋ᠦᠩᠨᠡᠵᠦ᠂ ᠳᠠᠷᠠᠭᠠᠴᠢ ᠶᠢᠨ ᠱᠠᠲᠤᠨ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠡᠰᠡᠭ ᠭᠡᠰᠢᠭᠦᠨ ᠨᠢᠭᠡᠴᠡ᠂ ᠬᠤᠰᠢᠭᠤ ᠰᠢᠶᠠᠨ ᠲᠣᠭᠤᠷᠢᠭ ᠤᠨ ᠪᠠᠶᠢᠭᠤᠯᠭ᠎ᠠ ᠶᠢᠨ ᠠᠵᠢᠯᠯᠠᠬᠤ ᠬᠤᠷᠢᠶ᠎ᠠ ᠶᠢᠨ | ᠲᠥᠯᠥᠭᠡᠯᠡᠭᠴᠢᠳ ᠰᠠᠨᠠᠯ ᠢᠶᠠᠨ ᠰᠣᠯᠢᠯᠴᠠᠵᠤ ᠦᠭᠡ ᠬᠡᠯᠡᠪᠡ᠃ | ᠬᠤᠷᠠᠯ ᠠᠴᠠ ᠱᠠᠭᠠᠷᠳᠠᠭᠰᠠᠨ ᠨᠢ᠂ ᠪᠦᠬᠦ ᠬᠤᠲᠠ ᠶᠢᠨ ᠡᠯ᠎ᠡ ᠱᠠᠲᠤᠨ ᠤ ᠪᠠᠶᠢᠭᠤᠯᠭ᠎ᠠ ᠶᠢᠨ ᠠᠵᠢᠯᠯᠠᠬᠤ | ᠬᠤᠷᠢᠶ᠎ᠠ ᠶᠢᠨ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠬᠤᠶᠢᠴᠢ ᠦᠶ᠎ᠡ ᠪᠠᠨ | ᠬᠠᠯᠠᠮᠵᠢᠯᠠᠬᠤ ᠠᠵᠢᠯ ᠢ ᠰᠠᠶᠢᠲᠤᠷ ᠬᠢᠬᠦ ᠶᠢᠨ ᠪᠣᠳᠠᠲᠤ ᠲᠤᠯᠭᠠᠮ᠎ᠠ ᠴᠢᠨᠠᠷ ᠪᠣᠯᠣᠨ ᠠᠯᠤᠰ ᠬᠡᠳᠦ ᠶᠢᠨ ᠴᠢᠬᠤᠯᠠ | ᠴᠢᠨᠠᠷ ᠢ ᠭᠦᠢᠴᠡᠳ ᠲᠠᠨᠢᠵᠤ᠂ ᠨᠠᠮ ᠤᠨ ᠲᠥᠯᠥᠭᠡ ᠬᠥᠮᠥᠨ ᠢ ᠬᠥᠮᠥᠵᠢᠭᠦᠯᠬᠦ᠂ ᠤᠯᠤᠰ ᠤᠨ ᠲᠥᠯᠥᠭᠡ | ᠴᠢᠳᠠᠪᠤᠷᠢᠲᠠᠨ ᠢ ᠬᠥᠮᠥᠵᠢᠭᠦᠯᠬᠦ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠲᠡᠦᠬᠡ ᠶᠢᠨ ᠡᠭᠦᠷᠭᠡᠲᠦ | ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠪᠠᠶᠢᠭᠤᠯᠭ᠎ᠠ ᠶᠢᠨ ᠠᠵᠢᠯᠯᠠᠬᠤ ᠬᠤᠷᠢᠶ᠎ᠠ ᠶᠢᠨ ᠠᠵᠢᠯ ᠢ | ᠤᠬᠠᠮᠰᠠᠷ ᠠᠴᠠ ᠪᠠᠨ ᠪᠦᠬᠦ ᠬᠤᠲᠠ ᠶᠢᠨ ᠠᠵᠢᠯ ᠤᠨ ᠶᠡᠭᠡ ᠲᠠᠯ᠎ᠠ ᠶᠢ ᠠᠬᠢᠭᠤᠯᠬᠤ ᠳᠤ ᠦᠢᠯᠡᠴᠢᠯᠡᠬᠦ ᠳᠤᠮᠳᠠ | ᠲᠠᠯᠪᠢᠨ ᠰᠡᠳᠬᠢᠨ ᠪᠣᠳᠣᠯᠬᠢᠯᠠᠵᠤ ᠠᠷᠭ᠎ᠠ ᠤᠬᠠᠭᠠᠨ ᠰᠦᠪᠡᠭᠴᠢᠯᠡᠵᠦ᠂ ᠠᠬᠠᠮᠠᠳ ᠨᠥᠬᠦᠳ ᠤᠨ ᠦᠵᠡᠯ ᠰᠠᠨᠠᠭᠠᠨ ᠤ | ᠬᠡᠪ ᠴᠢᠨᠠᠷ ᠰᠠᠶᠢᠨ᠂ ᠠᠮᠢᠳᠤᠷᠠᠯ ᠤᠨ ᠲᠤᠷᠰᠢᠯᠭ᠎ᠠ ᠭᠦᠢᠴᠡᠳ᠂ ᠨᠡᠶᠢᠭᠡᠮ ᠳᠡᠭᠡᠷ᠎ᠡ ᠨᠡᠷ᠎ᠡ ᠬᠦᠨᠳᠦ ᠲᠠᠢ ᠡᠷᠬᠢᠮ | ᠨᠠᠨᠳᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠵᠠᠯᠠᠭᠤᠴᠤᠳ ᠪᠠᠭᠠᠴᠤᠳ ᠢ ᠬᠥᠮᠥᠵᠢᠭᠦᠯᠵᠦ ᠬᠥᠲᠥᠯᠥᠨ | ᠵᠢᠯᠤᠭᠤᠳᠬᠤ ᠪᠠᠨ ᠴᠢᠩᠭᠠᠳᠬᠠᠵᠤ᠂ ᠬᠤᠪᠢᠰᠬᠠᠯᠲᠤ ᠤᠳᠤᠮᠰᠢᠯ ᠢ ᠤᠯᠠᠮᠵᠢᠯᠠᠨ ᠵᠠᠯᠭᠠᠮᠵᠢᠯᠠᠭᠰᠠᠨ᠂ ᠨᠡᠶᠢᠭᠡᠮ | ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠪᠠᠳᠠᠷᠠᠭᠤᠯᠤᠨ ᠳᠡᠯᠭᠡᠷᠡᠭᠦᠯᠦᠭᠰᠡᠨ ᠰᠢᠨ᠎ᠡ ᠨᠢᠭᠡ ᠦᠶ᠎ᠡ ᠶᠢᠨ | ᠵᠠᠯᠭᠠᠮᠵᠢᠯᠠᠭᠴᠢ ᠶᠢ ᠪᠦᠯᠦᠭ ᠪᠦᠯᠦᠭ ᠢᠶᠠᠷ ᠬᠥᠮᠥᠵᠢᠭᠦᠯᠦᠨ ᠪᠣᠶᠢᠵᠢᠭᠤᠯᠵᠤ᠂ ᠨᠡᠶᠢᠭᠡᠮ ᠵᠢᠷᠤᠮ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠲᠤ ᠲᠠᠰᠤᠷᠠᠯᠳᠠ ᠦᠭᠡᠢ ᠠᠮᠢᠵᠢᠷᠠᠯ ᠤᠨ ᠬᠦᠴᠦᠨ | ᠨᠡᠮᠡᠬᠦ ᠬᠡᠷᠡᠭᠲᠡᠢ ᠭᠡᠵᠡᠢ᠃ | |