ᠬᠤᠷᠢᠨᠭᠡᠷ ᠰᠢᠶᠠᠨ ᠪᠦᠬᠦ ᠰᠢᠶᠠᠨ ᠤ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠠᠵᠢᠯ ᠤᠨ ᠪᠣᠯᠪᠠᠰᠤᠷᠠᠭᠤᠯᠤᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2022/6/27
     ᠪᠥᠬᠦ ᠰᠢᠶᠠᠨ ᠤ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠠᠵᠢᠯ ᠢ ᠲᠦᠷᠭᠡᠳᠬᠡᠨ ᠠᠬᠢᠭᠤᠯᠬᠤ ᠶᠢᠨ ᠲᠤᠰᠠᠳᠠ᠂ 6 ᠰᠠᠷ᠎ᠠ ᠶᠢᠨ 24 ᠤ ᠡᠳᠦᠷ᠂ ᠮᠠᠨ ᠤ ᠰᠢᠶᠠᠨ ᠤ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠠᠵᠢᠯ ᠤᠨ ᠪᠣᠯᠪᠠᠰᠤᠷᠠᠭᠤᠯᠤᠯ ᠤᠨ ᠠᠩᠭᠢ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠠᠯᠪᠠᠨ ᠭᠡᠷ ᠲᠤ ᠠᠩᠬᠢ ᠡᠬᠢᠯᠡᠭᠦᠯᠪᠡ᠃ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤ᠂ ᠲᠣᠰᠬᠤᠨ ︵ᠨᠡᠶᠢᠭᠡᠮ ᠲᠣᠭᠤᠷᠢᠭ︶ ᠤ ᠬᠠᠮᠢᠶ᠎ᠠ ᠪᠥᠬᠦᠶ ᠬᠠᠷᠢᠭᠤᠴᠠᠯᠭᠠᠲᠠᠨ ᠵᠢᠴᠢ ᠠᠵᠢᠯᠲᠠᠳ ᠪᠣᠯᠪᠠᠰᠤᠷᠠᠭᠤᠯᠤᠯ ᠳᠤ ᠣᠷᠣᠯᠴᠠᠭᠰᠠᠨ ᠪᠠᠶᠢᠨ᠎ᠠ᠃      ᠲᠤᠰ ᠤᠳᠠᠭᠠᠨ ᠤ ᠪᠣᠯᠪᠠᠰᠤᠷᠠᠭᠤᠯᠤᠯ ᠳᠤ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠶᠢᠨ ᠳ᠋ᠢᠩ ᠼᠠᠢ ᠰᠢᠶᠠ ᠫᠷᠤᠹᠧᠰᠰᠤᠷ ᠢ ᠤᠷᠢᠵᠤ ︽ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠠᠵᠢᠯᠯᠠᠭᠠᠨ ᠤ ᠯᠣᠭᠢᠭ︾ ᠭᠡᠬᠦ ᠰᠡᠳᠦᠪ ᠢᠶᠠᠷ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠴᠠᠭ ᠦᠶ᠎ᠡ ᠶᠢᠨ ᠣᠷᠣᠨ ᠪᠠᠶᠢᠷᠢ᠂ ᠠᠵᠢᠯᠯᠠᠭᠠᠨ ᠤ ᠬᠠᠷᠠᠯᠲᠠ᠂ ᠨᠡᠶᠢᠲᠡᠯᠢᠭ ᠵᠢᠱᠢᠶ᠎ᠡ ᠵᠠᠭᠪᠤᠷ ᠵᠡᠷᠭᠡ ᠶᠢ ᠨᠠᠷᠢᠨ ᠲᠠᠶᠢᠯᠪᠤᠷᠢᠯᠠᠵᠤ᠂ ᠮᠠᠨ ᠤ ᠰᠢᠶᠠᠨ ᠤ ᠲᠠᠷᠠᠭᠠᠴᠢ ᠶᠢᠨ ᠠᠯᠬᠤᠮ ᠤᠨ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠠᠵᠢᠯ ᠳᠤ ᠮᠠᠰᠢ ᠴᠢᠩᠭ᠎ᠠ ᠬᠠᠨᠳᠤᠯᠭᠠᠲᠤ ᠴᠢᠨᠠᠷ ᠪᠠ ᠵᠢᠯᠣᠭᠤᠳᠬᠤ ᠦᠢᠯᠡᠳᠦᠯ ᠶᠢ ᠶᠠᠷᠢᠭᠰᠠᠨ ᠪᠠᠶᠢᠨ᠎ᠠ᠃      ᠪᠣᠯᠪᠠᠰᠤᠷᠠᠭᠤᠯᠤᠯ ᠤᠨ ᠬᠤᠷᠠᠯ ᠤᠨ ᠳᠠᠷᠠᠭ᠎ᠠ᠂ ᠰᠢᠶᠠᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠤᠨ ᠬᠤᠷᠢᠨᠭᠡᠷ ᠰᠢᠶᠠᠨ ᠤ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠠᠵᠢᠯ ᠤᠨ ᠲᠠᠩᠰᠠ ᠡᠪᠬᠡᠮᠡᠯ ᠤᠨ ᠬᠠᠷᠢᠭᠤ ᠲᠤᠰᠬᠠᠭᠰᠠᠨ ᠠᠰᠠᠭᠤᠳᠠᠯ ᠤᠨ ᠨᠠᠷᠢᠨ ᠲᠠᠩᠰᠠ ᠶᠢ ᠵᠠᠷᠯᠠᠨ ᠮᠡᠳᠡᠭᠳᠡᠵᠦ᠂ ᠣᠳᠣᠬᠠᠨ ᠤ ᠠᠰᠠᠭᠤᠳᠠᠯ ᠤᠨ ᠳᠤᠲᠠᠭᠤᠳᠠᠯ ᠢ ᠵᠠᠳᠠᠯᠤᠨ ᠵᠢᠭᠠᠵᠤ ᠭᠠᠷᠭᠠᠭᠰᠠᠨ ᠪᠥᠭᠡᠳ ᠲᠠᠷᠠᠭᠠᠴᠢ ᠶᠢᠨ ᠱᠠᠲᠤᠨ ᠤ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃      ᠲᠣᠰ ᠤᠳᠠᠭᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢᠶᠠᠷ ᠳᠡᠮᠵᠢᠨ᠂ ᠮᠠᠨ ᠤ ᠰᠢᠶᠠᠨ ᠤ ᠡᠯ᠎ᠡ ᠨᠢᠭᠡᠴᠡ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶ᠎ᠠ ᠶᠢᠨ ᠬᠤᠯᠪᠣᠭᠳᠠᠯ ᠪᠥᠬᠦᠶ ᠠᠵᠢᠯ ᠤᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠭᠦᠨᠵᠡᠭᠡᠶ ᠣᠶᠢᠯᠠᠭᠠᠵᠤ᠂ ᠭᠤᠤᠯ ᠴᠢᠬᠤᠯᠠ ᠠᠭᠤᠯᠭ᠎ᠠ ᠶᠢ ᠣᠨᠣᠪᠴᠢᠲᠠᠶ ᠡᠵᠡᠮᠳᠡᠨ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠪᠥᠬᠦ ᠰᠢᠶᠠᠨ ᠤ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢ ᠬᠦᠴᠦᠲᠡᠶ ᠠᠬᠢᠭᠤᠯᠪᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号