| | | 6 ᠰᠠᠷ᠎ᠠ ᠶᠢᠨ 25 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠯᠢᠦ ᠰᠢᠶᠤᠤ ᠴᠠᠩ ᠱᠧᠩ | ᠸᠧᠶ ᠶᠧ ᠰᠢᠩᠭᠡᠨᠵᠢᠮᠡᠯ ᠬᠡᠶ ᠶᠢᠨ ᠥᠷᠲᠡᠭᠡ᠂ ᠭᠤᠸᠠᠩ ᠰᠢᠶᠠ ᠬᠤᠷᠢᠶᠠᠯᠠᠯ᠂ ᠰᠦ ᠶᠢᠨ ᠦᠢᠯᠡᠰ ᠤᠨ | ᠨᠡᠭᠡᠭᠡᠯᠲᠡ ᠶᠢᠨ ᠲᠣᠭᠤᠷᠢᠭ ᠤᠨ ᠳᠤᠮᠳᠠᠳᠤ ᠤᠯᠤᠰ ᠤᠨ ᠰᠢᠲᠠᠮᠠᠬᠠᠶ ᠬᠡᠶ ᠶᠢᠨ ᠺᠣᠮᠫᠠᠨᠢ ᠳᠤ ᠭᠦᠨᠵᠡᠭᠡᠶᠢᠷᠡᠨ᠂ | ᠰᠢᠲᠠᠮᠠᠬᠠᠶ ᠬᠡᠶ ᠶᠢᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠲᠤᠬᠠᠶ ᠲᠤᠰᠬᠠᠶ ᠰᠡᠳᠦᠪᠲᠦ ᠪᠠᠶᠢᠴᠠᠭᠠᠨ | ᠰᠤᠳᠤᠯᠤᠯᠲᠠ ᠬᠢᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠠᠶᠤᠯᠭᠦᠶ ᠦᠢᠯᠡᠳᠪᠦᠷᠢᠯᠡᠯ᠂ ᠭᠠᠵᠠᠷ | ᠳᠣᠤᠷᠠᠬᠢ ᠬᠤᠭᠤᠯᠠᠶ ᠶᠢᠨ ᠲᠣᠤᠷ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠠᠪᠴᠠᠩ ᠤᠨ ᠠᠵᠢᠯᠯᠠᠭᠠᠨ ᠵᠢᠴᠢ | ᠰᠠᠭᠤᠭᠠᠯᠢ ᠡᠷᠦᠬᠡ ᠶᠢᠨ ᠰᠢᠲᠠᠮᠠᠬᠠᠶ ᠬᠡᠶ ᠶᠢ ᠠᠮᠤᠷ ᠲᠦᠪᠰᠢᠨ ᠢᠶᠠᠷ ᠬᠡᠷᠡᠭᠯᠡᠵᠦ ᠪᠠᠶᠢᠭ᠎ᠠ ᠵᠡᠷᠭᠡ ᠪᠠᠶᠢᠳᠠᠯ ᠢ ᠪᠣᠳᠠᠲᠠᠶ | ᠭᠠᠵᠠᠷ ᠲᠤᠨᠢ ᠣᠶᠢᠯᠠᠭᠠᠪᠠ᠃ | ᠯᠢ ᠯᠢᠦ ᠰᠢᠶᠤᠤ ᠢᠯᠡᠷᠬᠡᠶᠢᠯᠡᠬᠦ ᠳᠡᠭᠡᠨ᠂ ᠰᠢᠲᠠᠮᠠᠬᠠᠶ ᠬᠡᠶ ᠶᠢᠨ ᠠᠮᠤᠷ ᠲᠦᠪᠰᠢᠨ ᠨᠢ ᠲᠦᠭ ᠲᠦᠮᠡᠨ ᠠᠶᠢᠯ | ᠡᠷᠦᠬᠡ ᠳᠤ ᠬᠤᠯᠪᠣᠭᠳᠠᠵᠤ᠂ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ | ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠳᠤ ᠬᠤᠯᠪᠣᠭᠳᠠᠵᠤ ᠪᠠᠶᠢᠳᠠᠭ᠃ ᠰᠢᠲᠠᠮᠠᠬᠠᠶ ᠬᠡᠶ ᠶᠢᠨ ᠠᠵᠤ | ᠠᠬᠤᠶᠢᠯᠠᠯ ᠤᠳ ᠠᠶᠤᠯᠭᠦᠶ ᠦᠢᠯᠡᠳᠪᠦᠷᠢᠯᠡᠯ ᠤᠨ ᠬᠥᠪᠴᠢ ᠪᠠᠨ ᠴᠠᠭ ᠢᠮᠠᠭᠲᠠ ᠴᠢᠩᠭᠠᠷᠠᠭᠤᠯᠵᠤ᠂ ᠰᠢᠲᠠᠮᠠᠬᠠᠶ | ᠬᠡᠶ ᠶᠢᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠥᠬᠦ ᠲᠠᠯ᠎ᠠ ᠪᠠᠷ | ᠥᠷᠨᠢᠭᠦᠯᠵᠦ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ | ᠪᠦᠷᠢᠨᠰᠢᠬᠦᠯᠵᠦ᠂ ᠰᠢᠲᠠᠮᠠᠬᠠᠶ ᠬᠡᠶ ᠶᠢᠨ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠵᠦ᠂ ᠬᠠᠭᠤᠴᠢᠷᠠᠭᠰᠠᠨ᠂ | ᠡᠪᠳᠡᠷᠡᠵᠦ ᠰᠦᠢᠳᠦᠭᠰᠡᠨ ᠲᠥᠬᠦᠭᠡᠷᠦᠮᠵᠢ ᠪᠠᠨ ᠴᠠᠭ ᠲᠤᠬᠠᠶ ᠳᠤᠨᠢ ᠰᠣᠯᠢᠵᠤ᠂ ᠠᠳᠡᠯ ᠭᠠᠷᠬᠤ ᠶᠢ ᠴᠢᠩᠭ᠎ᠠ | ᠰᠡᠷᠭᠡᠶᠢᠯᠡᠬᠦ ᠬᠡᠷᠡᠭᠲᠡᠶ ᠭᠡᠵᠡᠢ᠃ | ᠡᠯ᠎ᠡ ᠬᠤᠯᠪᠣᠭᠳᠠᠯ ᠪᠥᠬᠦᠶ ᠨᠢᠭᠡᠴᠡ ᠰᠠᠯᠠᠭ᠎ᠠ ᠮᠥᠴᠢᠷ ᠤᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ | ᠪᠠᠶᠢᠴᠠᠭᠠᠨ ᠰᠢᠢᠳᠪᠦᠷᠢᠯᠡᠵᠦ᠂ ᠰᠢᠲᠠᠮᠠᠬᠠᠶ ᠬᠡᠶ ᠶᠢᠨ ᠠᠮᠤᠷ ᠲᠦᠪᠰᠢᠨ ᠢ ᠬᠠᠤᠯᠢ ᠶᠣᠰᠣᠭᠠᠷ ᠵᠢᠷᠤᠮᠵᠢᠭᠤᠯᠬᠤ ᠪᠠ | ᠪᠠᠲᠤᠯᠠᠬᠤ ᠬᠡᠷᠡᠭᠲᠡᠶ᠃ ᠰᠢᠲᠠᠮᠠᠬᠠᠶ ᠬᠡᠶ ᠶᠢᠨ ᠠᠮᠤᠷ ᠲᠦᠪᠰᠢᠨ ᠤ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢᠨ | ᠡᠷᠴᠢᠮ ᠢ ᠴᠢᠩᠭᠠᠷᠠᠭᠤᠯᠵᠤ᠂ ᠰᠠᠭᠤᠭᠠᠯᠢ ᠠᠷᠠᠳ ᠤᠨ ᠠᠮᠤᠷ ᠲᠦᠪᠰᠢᠨ ᠢᠶᠠᠷ ᠰᠢᠲᠠᠮᠠᠬᠠᠶ ᠬᠡᠶ ᠬᠡᠷᠡᠭᠯᠡᠬᠦ ᠤᠬᠠᠮᠰᠠᠷ ᠢ | ᠤᠯᠠᠮ ᠨᠢᠭᠡ ᠠᠯᠬᠤᠮ ᠴᠢᠩᠭᠠᠷᠠᠭᠤᠯᠵᠤ᠂ ᠬᠡᠷ ᠳᠣᠲᠣᠷᠠᠬᠢ ᠰᠢᠲᠠᠮᠠᠬᠠᠶ ᠬᠡᠶ ᠶᠢᠨ ᠠᠮᠤᠷ ᠲᠦᠪᠰᠢᠨ ᠤ ᠠᠳᠡᠯ ᠤᠨ | ᠲᠦᠭᠰᠢᠭᠦᠷᠢ ᠶᠢ ᠬᠠᠮᠤᠭ ᠶᠡᠭᠡ ᠬᠡᠮᠵᠢᠶᠡᠨ ᠳᠤ ᠪᠠᠭᠠᠰᠬᠠᠬᠤ ᠬᠡᠷᠡᠭᠲᠡᠢ᠃ | ᠰᠢᠶᠠᠨ ᠤ ᠤᠳᠤᠷᠢᠳᠤᠯᠭ᠎ᠠ ᠭᠦᠸᠧ ᠸᠧᠨ ᠵᠢᠶᠦ᠋ᠨ᠂ ᠹᠠᠨ ᠬᠤᠤ ᠪᠥᠸᠧ᠂ ᠮᠠ ᠵᠢᠶᠦ᠋ᠨ ᠸᠧᠢ᠂ ᠰᠢᠶᠠᠨ ᠤ | ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ | ᠣᠷᠣᠯᠴᠠᠪᠠ᠃ |