6 ᠳ᠋ᠤᠭᠠᠷ ᠰᠠᠷ᠎ᠠ ᠶᠢᠨ 26 ᠤ ᠡᠳᠦᠷ ᠤᠨ 24 ᠴᠠᠭ ᠪᠣᠯᠲᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2022/6/27
    6 ᠳ᠋ᠤᠭᠠᠷ ᠰᠠᠷ᠎ᠠ ᠶᠢᠨ 26 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ ᠲᠣᠳᠣᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠠᠴᠠ 19 ᠬᠥᠮᠥᠨ ︵ᠡᠭᠦᠨ ᠳᠤ ᠤᠯᠠᠭᠠᠨᠬᠠᠳᠠ ᠬᠤᠲᠠ ᠠᠴᠠ 8᠂ ᠰᠢᠯᠢ ᠶᠢᠨ ᠭᠤᠣᠯ ᠠᠶᠢᠮᠠᠭ ᠠᠴᠠ 11︶ ᠢᠯᠡᠷᠢᠰᠢᠵᠦ ᠡᠮᠨᠡᠯᠭᠡ ᠠᠴᠠ ᠭᠠᠷᠪᠠ᠃ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ 12 ᠬᠥᠮᠥᠨ ︵ᠴᠥᠮ ᠰᠢᠯᠢ ᠶᠢᠨ ᠭᠤᠣᠯ ᠠᠶᠢᠮᠠᠭ ᠲᠤ︶ ᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠃      6 ᠳ᠋ᠤᠭᠠᠷ ᠰᠠᠷ᠎ᠠ ᠶᠢᠨ 26 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ 85 ᠪᠠᠶᠢᠵᠤ᠂ ᠡᠭᠦᠨ ᠳᠤ ᠤᠯᠠᠭᠠᠨᠬᠠᠳᠠ ᠬᠤᠲᠠ ᠳᠤ 21᠂ ᠰᠢᠯᠢ ᠶᠢᠨ ᠭᠤᠣᠯ ᠠᠶᠢᠮᠠᠭ ᠲᠤ 64 ᠪᠣᠢ᠃ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 76 ᠪᠠᠶᠢᠵᠤ᠂ ᠡᠭᠦᠨ ᠳᠤ ᠤᠯᠠᠭᠠᠨᠬᠠᠳᠠ ᠬᠤᠲᠠ ᠳᠤ 7᠂ ᠰᠢᠯᠢ ᠶᠢᠨ ᠭᠤᠣᠯ ᠠᠶᠢᠮᠠᠭ ᠲᠤ 69 ᠪᠣᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 2 ︵ᠬᠥᠬᠡᠬᠤᠲᠠ ᠳᠤ︶ ᠪᠤᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 2 ︵ᠴᠥᠮ ᠬᠥᠬᠡᠬᠤᠲᠠ ᠳᠤ︶ ᠪᠤᠢ᠃ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶᠠᠨ ᠳᠤ ᠲᠤᠰᠠᠭᠠᠷᠯᠠᠨ ᠡᠮᠨᠡᠵᠦ᠂ ᠪᠦᠬᠦ ᠣᠶᠢᠷ᠎ᠠ ᠬᠠᠪᠢᠳᠠᠯ ᠢ ᠴᠦᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃ ︵ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠠᠯᠪᠠᠨ ᠰᠦᠯᠵᠢᠶ᠎ᠡ︶‍
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ  ᠶᠢᠨ ᠵᠥᠪᠯᠡᠯ ᠤᠨ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号