ᠸᠢᠴᠠᠲ ᠢᠶᠠᠷ ᠲᠠᠩᠰᠠ ᠰᠢᠯᠵᠢᠭᠦᠯᠬᠦ ᠦᠶ᠎ᠡ ᠳᠤ ᠡᠨᠡ 15 ᠮᠢᠨᠦ᠋ᠲ ᠪᠣᠯ ᠲᠦᠢᠯ ᠤᠨ ᠴᠢᠬᠤᠯᠠ
ᠨᠡᠶᠢᠲᠡᠯᠡᠭᠰᠡᠨ ᠴᠠᠭ᠄
2022/6/30
     ᠸᠢᠴᠠᠲ ᠢᠶᠠᠷ ᠲᠠᠩᠰᠠ ᠰᠢᠯᠵᠢᠭᠦᠯᠬᠦ ᠦᠶ᠎ᠡ ᠳᠤ ᠭᠠᠷ ᠤᠲᠠᠰᠤ ᠳᠡᠭᠡᠷ᠎ᠡ ᠴᠢᠨᠢ ᠡᠶᠢᠮᠦᠷᠬᠦ ᠳᠡᠯᠭᠡᠴᠡ ᠢᠯᠡᠷᠡᠵᠤ ᠪᠠᠶᠢᠪᠠᠯ ᠰᠣᠨᠣᠷ ᠰᠡᠷᠡᠮᠵᠢ ᠪᠠᠨ ᠵᠠᠪᠠᠯ ᠳᠡᠭᠡᠭᠰᠢᠯᠡᠭᠦᠯᠬᠦ ᠬᠡᠷᠡᠭᠲᠡᠶ᠂ ᠡᠨᠡ ᠨᠢ  ᠣᠳᠣᠬᠠᠨ ᠤ ᠲᠣᠭᠠᠴᠠᠭ᠎ᠠ ᠳᠤ ᠯᠤᠲᠤ ᠶᠡᠭᠡ ᠠᠶᠤᠯ ᠲᠦᠭᠰᠢᠭᠦᠷᠢ ᠣᠷᠣᠰᠢᠵᠤ ᠪᠠᠶᠢᠬᠤ ᠶᠢ ᠬᠠᠷᠠᠭᠤᠯᠵᠤ ᠪᠠᠶᠢᠨ᠎ᠠ᠃              ᠳᠠᠩᠰᠠ ᠰᠢᠯᠵᠢᠭᠦᠯᠬᠦ ᠦᠶ᠎ᠡ ᠳᠤ ᠡᠨᠡ ᠬᠤᠶᠠᠷ ᠵᠦᠢᠯ ᠤᠨ ᠳᠡᠯᠭᠡᠴᠡ ᠢᠯᠡᠷᠡᠪᠡᠯ  ᠶᠠᠭᠠᠬᠢᠭᠰᠠᠨ ᠴᠤ ᠬᠢᠴᠢᠶᠡᠬᠦ ᠬᠡᠷᠡᠭᠲᠡᠶ︕              ᠡᠨᠡ 15 ᠮᠢᠨᠦ᠋ᠲ ᠪᠣᠯ ᠲᠦᠢᠯ ᠤᠨ ᠵᠠᠩᠭᠢᠯᠠᠭ᠎ᠠ ᠪᠣᠯᠤᠨ᠎ᠠ᠃ ᠵᠣᠭᠤᠰ ᠳᠥᠯᠥᠬᠦ  ᠶᠠᠪᠤᠴᠠ ᠳᠤ᠂ ᠰᠢᠰᠲ᠋ᠧᠮ ᠨᠢ‌ᠵᠣᠭᠤᠰ ᠬᠤᠷᠢᠶᠠᠬᠤ ᠲᠠᠯ᠎ᠠ ᠶᠢᠨ ᠲᠠᠩᠰᠠᠨ ᠡᠷᠦᠬᠡ ᠳᠤ ᠬᠡᠪ ᠤᠨ ᠪᠤᠰᠤ ᠣᠨᠴᠠᠯᠢᠭ ᠪᠠᠶᠢᠬᠤ  ᠡᠰᠡᠬᠦ ᠶᠢ ᠢᠯᠭᠠᠨ ᠲᠠᠨᠢᠬᠤ ᠦᠶ᠎ᠡ ᠳᠡᠭᠡᠨ᠂ ᠸᠢᠴᠠᠲ ᠨᠢ ᠲᠦᠭᠰᠢᠭᠦᠷᠢ ᠶᠢᠨ ᠬᠡᠮᠵᠢᠶ᠎ᠡ ᠶᠢ ᠦᠨᠳᠦᠰᠦᠯᠡᠨ ᠬᠡᠷᠡᠭᠯᠡᠭᠴᠢ  ᠳᠤ ᠠᠷᠠᠯᠵᠢᠶᠠᠨ ᠤ ᠲᠦᠭᠰᠢᠭᠦᠷᠢ ᠶᠢᠨ ᠰᠡᠷᠡᠮᠵᠢ ᠦᠭᠬᠦ ᠪᠤᠶᠤ ᠬᠤᠷᠢᠭᠯᠠᠯᠲᠠ ᠬᠢᠳᠡᠭ᠃              ᠵᠣᠭᠤᠰ ᠬᠤᠷᠢᠶᠠᠬᠤ ᠲᠠᠯ᠎ᠠ ᠶᠢᠨ ᠬᠢᠨ ᠤ ᠳᠠᠩᠰᠠᠨ ᠨᠣᠮᠧᠷ ᠨᠢ ᠮᠡᠬᠡᠯᠡᠭᠰᠡᠨ᠂  ᠲᠣᠭᠲᠠᠭᠠᠯ ᠠᠴᠠ ᠵᠥᠷᠢᠴᠡᠭᠰᠡᠨ᠂ ᠡᠰᠡᠬᠦᠯ᠎ᠡ ᠮᠠᠭᠤ ᠰᠠᠨᠠᠭᠠᠨ ᠤ ᠰᠡᠵᠢᠭᠯᠡᠯᠲᠡᠶ ᠪᠠᠶᠢᠬᠤ ᠶᠢ  ᠰᠢᠰᠲ᠋ᠧᠮ ᠨᠢ ᠢᠯᠭᠠᠨ ᠲᠠᠨᠢᠭᠰᠠᠨ ᠤ ᠳᠠᠷᠠᠭ᠎ᠠ᠂ ᠸᠢᠴᠠᠲ ᠨᠢ ᠠᠷᠠᠯᠵᠢᠶ᠎ᠠ ᠶᠢ ᠬᠠᠰᠢᠵᠤ᠂ ᠬᠡᠷᠡᠭᠯᠡᠭᠴᠢ ᠳᠤ ᠪᠠᠯᠠ ᠮᠥᠩᠭᠦᠨ ᠤ ᠠᠮᠤᠷ ᠲᠦᠪᠰᠢᠨ ᠢ ᠰᠠᠨᠠᠭᠤᠯᠤᠨ᠂ ᠵᠣᠭᠤᠰ ᠲᠤᠰᠢᠶᠠᠬᠤ ᠬᠡᠷᠡᠭᠯᠡᠭᠴᠢ ᠳᠤ 15 ᠮᠢᠨᠦ᠋ᠲ ᠤᠨ ᠬᠢᠵᠠᠭᠠᠷ ᠲᠠᠢ ᠬᠤᠷᠢᠭᠯᠠᠯᠲᠠ ᠬᠠᠮᠠᠭᠠᠯᠠᠯᠲᠠ ᠬᠢᠳᠡᠭ ᠪᠠᠶᠢᠨ᠎ᠠ᠃              ᠸᠢᠴᠠᠲ ᠤᠨ ᠪᠦᠯᠬᠦᠮ ᠢᠯᠡᠷᠬᠡᠶᠢᠯᠡᠬᠦ ᠳᠡᠭᠡᠨ᠂ ᠲᠠ ᠳᠡᠭᠡᠷᠡᠬᠢ ᠢᠮᠦᠷᠬᠦᠦ  ᠲᠦᠭᠰᠢᠭᠦᠷᠢ ᠶᠢᠨ ᠰᠠᠨᠠᠭᠤᠯᠤᠮᠵᠢ ᠪᠤᠶᠤ ᠬᠤᠷᠢᠭᠯᠠᠯᠲᠠ ᠲᠤᠯᠭᠠᠷᠠᠬᠤ ᠦᠶ᠎ᠡ ᠳᠤ ᠶᠠᠭ ᠮᠡᠬᠡᠯᠡᠯ ᠳᠤ ᠤᠴᠠᠷᠠᠵᠤ ᠪᠠᠶᠢᠵᠦ ᠮᠡᠳᠡᠨ᠎ᠡ ᠭᠡᠵᠡᠶ︕              15 ᠮᠢᠨᠦ᠋ᠲ ᠤᠨ ︽ᠳᠠᠩᠰᠠ ᠰᠢᠯᠵᠢᠭᠦᠯᠬᠦ ᠲᠠᠶᠢᠪᠤᠭᠤ ᠪᠤᠲᠤᠯᠬᠢᠯᠠᠬᠤ ᠬᠤᠭᠤᠴᠠᠭ᠎ᠠ︾ ᠶᠢᠨ ᠳᠣᠲᠣᠷ᠎ᠠ ᠴᠢ ᠵᠣᠭᠤᠰ ᠬᠤᠷᠢᠶᠠᠬᠤ ᠲᠠᠯ᠎ᠠ ᠶᠢᠨ ᠪᠡᠶ᠎ᠡ ᠶᠢᠨ ᠭᠠᠷᠤᠯ ᠢ ᠠᠯᠢ ᠴᠢᠳᠠᠬᠤ ᠪᠠᠷ ᠬᠠᠷᠭᠤᠭᠤᠯᠤᠨ ᠲᠣᠳᠣᠯᠠᠵᠤ ︽ᠳᠠᠩᠰᠠ ᠰᠢᠯᠵᠢᠭᠦᠯᠬᠦ ᠲᠠᠶᠢᠪᠤᠭᠤ ᠪᠤᠲᠤᠯᠬᠢᠯᠠᠬᠤ ᠬᠤᠭᠤᠴᠠᠭ᠎ᠠ︾  ᠦᠩᠭᠡᠷᠡᠭᠰᠡᠨ ᠤ ᠲᠠᠷᠠᠭ᠎ᠠ ᠬᠢᠨᠠᠵᠤ ᠬᠠᠷᠭᠤᠭᠤᠯᠤᠭᠠᠳ ᠪᠠᠶᠢᠳᠠᠯ ᠢ ᠦᠨᠳᠦᠰᠦᠯᠡᠨ ᠦᠷᠭᠦᠯᠵᠢᠯᠡᠨ ᠲᠥᠯᠥᠬᠦ ᠡᠰᠡᠬᠦ ᠪᠠᠨ ᠰᠣᠩᠭᠤᠵᠤ ᠪᠣᠯᠤᠨ᠎ᠠ᠃              ᠳᠠᠬᠢᠨ ᠰᠠᠨᠠᠭᠤᠯᠬᠤ ᠨᠢ᠄              1 . ᠰᠦᠯᠵᠢᠶᠡᠨ ᠳᠡᠭᠡᠷ᠎ᠡ ᠠᠴᠠ ᠶᠠᠭᠤᠮ᠎ᠠ ᠬᠤᠳᠠᠯᠳᠤᠨ ᠠᠪᠬᠤ ᠳᠤ ᠬᠢᠴᠢᠶᠡᠬᠦ ᠬᠡᠷᠡᠭᠲᠡᠶ᠃  ︽ᠤᠷᠢᠳᠠᠪᠠᠷ ᠵᠣᠭᠤᠰ ᠲᠤᠰᠢᠶᠠᠵᠤ ᠳᠠᠷᠠᠭ᠎ᠠ ᠨᠢ ᠪᠠᠷᠠᠭ᠎ᠠ ᠬᠤᠷᠢᠶᠠᠬᠤ︾ ᠠᠷᠠᠯᠵᠢᠶᠠᠨ ᠤ ᠠᠷᠭ᠎ᠠ  ᠬᠡᠯᠪᠡᠷᠢ ᠶᠢᠨ ᠠᠶᠤᠯ ᠲᠦᠭᠰᠢᠭᠦᠷᠢ ᠮᠠᠰᠢ ᠶᠡᠭᠡ᠂ ᠨᠡᠶᠢᠭᠡᠮ ᠤᠨ ᠬᠠᠷᠢᠯᠴᠠᠭᠠᠨ ᠤ ᠲᠠᠪᠴᠠᠩ ᠳᠡᠭᠡᠷ᠎ᠡ ᠠᠷᠠᠯᠵᠢᠶ᠎ᠠ ᠬᠢᠬᠦ ᠳᠤ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠪᠣᠯᠭᠤᠮᠵᠢᠲᠠᠶ ᠨᠤᠲᠠᠯᠠᠨ᠂ ᠠᠯᠢ ᠴᠢᠳᠠᠬᠤ ᠪᠠᠷ ᠢᠲᠡᠭᠡᠮᠵᠢᠲᠡᠶ ᠠᠯᠪᠠᠨ ᠤ ᠰᠣᠯᠢᠯᠴᠠᠭᠠᠨ ᠤ ᠠᠷᠭ᠎ᠠ ᠵᠠᠮ ᠢ ᠬᠡᠷᠡᠭᠯᠡᠬᠦ ᠬᠡᠷᠡᠭᠲᠡᠶ᠃  ᠢᠩᠭᠢᠪᠡᠯ ᠠᠰᠠᠭᠤᠳᠠᠯ ᠭᠠᠷᠤᠭᠰᠠᠨ ᠴᠤ᠂ ᠲᠠᠪᠴᠠᠩ ᠢᠶᠠᠷ ᠳᠠᠮᠵᠢᠨ ᠵᠣᠭᠤᠰ ᠪᠤᠴᠠᠭᠠᠵᠤ ᠪᠠᠷᠠᠭ᠎ᠠ ᠪᠤᠴᠠᠭᠠᠵᠤ ᠪᠣᠯᠤᠨ᠎ᠠ᠃              2 . ᠲᠣᠭᠠᠴᠠᠭ᠎ᠠ ᠬᠢᠬᠦ ᠦᠶ᠎ᠡ ᠳᠤ᠂ ᠬᠡᠷᠪᠡ ︽ᠲᠦᠭᠰᠢᠭᠦᠷᠢ ᠶᠢᠨ ᠰᠡᠷᠡᠮᠵᠢ︾ ᠶᠢᠨ  ᠳᠡᠯᠭᠡᠴᠡ ᠢᠯᠡᠷᠡᠪᠡᠯ ᠨᠠᠩ ᠢᠯᠡᠭᠦᠦ ᠬᠢᠴᠢᠶᠡᠬᠦ ᠬᠡᠷᠡᠭᠲᠡᠶ᠂ ᠲᠡᠭᠡᠪᠡᠯ ᠲᠠ ᠶᠠᠭ ᠮᠡᠬᠡᠯᠡᠯ ᠳᠤ ᠤᠴᠠᠷᠠᠵᠤ ᠪᠠᠶᠢᠵᠦ ᠮᠡᠳᠡᠨ᠎ᠡ︕
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号