6 ᠰᠠᠷ᠎ᠠ ᠶᠢᠨ 29 ᠤ ᠡᠳᠦᠷ ᠤᠨ 0 ᠠᠴᠠ 24 ᠴᠠᠭ ᠪᠣᠯᠲᠠᠯ᠎ᠠ ᠥᠪᠥᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/6/30
    6 ᠰᠠᠷ᠎ᠠ ᠶᠢᠨ 29 ᠤ ᠡᠳᠦᠷ ᠤᠨ 0 ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃ ᠲᠤᠬᠠᠢ ᠶᠢᠨ ᠭᠠᠵᠠᠷ ᠤᠨ ᠲᠣᠳᠣᠯᠠᠭᠰᠠᠨ 11 ᠡᠪᠡᠳᠴᠢᠨ ᠤ ᠵᠢᠱᠢᠶ᠎ᠡ ᠢᠯᠠᠷᠢᠰᠢᠵᠤ ᠡᠮᠨᠡᠯᠭᠡ ᠠᠴᠠ ᠭᠠᠷᠪᠠ᠂ ᠡᠭᠦᠨ ᠳᠤ ᠤᠯᠠᠭᠠᠨᠬᠠᠳᠠ ᠬᠤᠲᠠ ᠳᠤ 3᠂ ᠰᠢᠯᠢ ᠶᠢᠨ ᠭᠤᠣᠯ ᠠᠶᠢᠮᠠᠭ ᠲᠤ 8 ᠪᠤᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ 14 ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠵᠠᠢ ᠂ ᠡᠭᠦᠨ ᠳᠤ ᠤᠯᠠᠭᠠᠨᠬᠠᠳᠠ ᠬᠤᠲᠠ ᠳᠤ 1᠂ ᠰᠢᠯᠢ ᠶᠢᠨ ᠭᠤᠣᠯ ᠠᠶᠢᠮᠠᠭ ᠲᠤ 13 ᠪᠤᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ 1 ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠵᠠᠢ ︵ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠨ︶᠃        6 ᠰᠠᠷ᠎ᠠ ᠶᠢᠨ 29 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠲᠣ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 45 ᠪᠠᠶᠢᠵᠤ᠂ ᠡᠭᠦᠨ ᠳᠤ ᠤᠯᠠᠭᠠᠨᠬᠠᠳᠠ ᠬᠤᠲᠠ ᠳᠤ 9᠂ ᠰᠢᠯᠢ ᠶᠢᠨ ᠭᠤᠣᠯ ᠠᠶᠢᠮᠠᠭ ᠲᠤ 36 ᠪᠣᠶ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 34 ᠪᠠᠶᠢᠵᠤ᠂ ᠡᠭᠦᠨ ᠳᠤ ᠤᠯᠠᠭᠠᠨᠬᠠᠳᠠ ᠬᠤᠲᠠ ᠳᠤ 2᠂ ᠰᠢᠯᠢ ᠶᠢᠨ ᠭᠤᠣᠯ ᠠᠶᠢᠮᠠᠭ ᠲᠤ 32 ᠪᠣᠶ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ 2 ᠡᠪᠡᠳᠴᠢᠨ ᠤ ᠵᠢᠱᠢᠶ᠎ᠡ ︵ᠴᠦᠮ ᠬᠥᠬᠡᠬᠤᠲᠠ ᠳᠤ︶ ᠪᠣᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ︵ᠴᠥᠮ ᠬᠥᠬᠡᠬᠤᠲᠠ ᠳᠤ︶ ᠪᠣᠢ᠃ ᠪᠥᠬᠦᠨ ᠢ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠲᠠᠯᠠᠪᠤᠷ ᠲᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ  ᠶᠢᠨ ᠵᠥᠪᠯᠡᠯ ᠤᠨ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号