ᠵᠣᠴᠢᠨ᠄ ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ | ᠱᠢ ᠸᠧᠨ ᠴᠠᠩ᠂ ᠪᠡᠯᠡ ᠣᠷᠣᠭᠤᠯᠤᠯᠲᠠ ᠶᠢᠨ ᠰᠠᠯᠠᠭᠠᠨ ᠤ ᠳᠠᠷᠤᠭ᠎ᠠ ᠰᠧ ᠷᠦᠢ ᠪᠢᠨ᠂ ᠪᠡᠯᠡ | ᠣᠷᠣᠭᠤᠯᠤᠯᠲᠠ ᠶᠢᠨ ᠰᠠᠯᠠᠭᠠᠨ ᠤ ᠵᠠᠩ ᠮᠦᠸᠧ ᠵᠢᠩ᠂ ᠲᠥᠷᠥᠯ ᠵᠦᠢᠯ ᠤᠨ ᠲᠣᠬᠢᠷᠠᠭᠤᠯᠤᠯᠲᠠ ᠶᠢᠨ ᠰᠠᠯᠠᠭᠠᠨ ᠤ | ᠲᠡᠭᠷᠢ | | ᠬᠠᠮᠢᠶᠠᠷᠤᠭᠴᠢ᠄ | ᠲᠣᠰ ᠤᠳᠠᠭᠠᠨ ᠤ ᠰᠣᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠬᠢᠭᠡᠳ | ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠤᠨ ᠷᠠᠳᠢᠣ᠋ ᠶᠢᠨ ᠬᠠᠮᠲᠤᠷᠠᠭᠰᠠᠨ ᠲᠤᠰᠬᠠᠢ | ᠰᠣᠷᠪᠤᠯᠵᠢᠯᠠᠭ᠎ᠠ ᠪᠣᠯᠣᠨ᠎ᠠ᠂ ᠰᠦᠯᠵᠢᠶᠡᠨ ᠨᠠᠶᠢᠵᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ ᠵᠣᠴᠢᠳ ᠲᠠᠢ | ᠰᠠᠨᠠᠯ ᠢᠶᠠᠨ ᠰᠣᠯᠢᠯᠴᠠᠵᠤ ᠪᠣᠯᠣᠨ᠎ᠠ᠂ ᠰᠦᠯᠵᠢᠶᠡᠨ ᠨᠠᠶᠢᠵᠠ ᠨᠠᠷ ᠤᠨ ᠢᠳᠡᠪᠬᠢᠲᠡᠢ ᠣᠷᠤᠯᠴᠠᠬᠤ ᠶᠢ ᠪᠠᠶᠠᠷᠯᠠᠨ | ᠤᠭᠲᠤᠵᠤ ᠪᠠᠶᠢᠨ᠎ᠠ᠃ | ᠬᠥᠲᠥᠯᠥᠭᠴᠢ᠄ | ᠡᠩ ᠲᠡᠷᠢᠭᠦᠨ ᠳᠤ ᠪᠢᠳᠡᠨ ᠳᠤ ᠡᠨᠡ ᠵᠢᠯ ᠤᠨ ᠮᠠᠨ ᠤ ᠬᠤᠲᠠ ᠶᠢᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠤᠭᠰᠠᠨ ᠶᠡᠷᠦᠩᠬᠡᠢ ᠪᠠᠶᠢᠳᠠᠯ ᠢ ᠲᠠᠨᠢᠯᠴᠠᠭᠤᠯᠤᠭᠠᠳ ᠦᠭᠭᠦᠨ᠎ᠡ ᠤᠤ᠃ | ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠱᠢ ᠸᠧᠨ | ᠴᠠᠩ᠄ | | | | | | ᠡᠨᠡ ᠵᠢᠯ ᠮᠠᠨ ᠤ ᠬᠤᠲᠠ ᠬᠤᠲᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠤᠯᠤᠰ ᠤᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠴᠢᠩᠭ᠎ᠠ ᠠᠳᠬᠤᠨ᠂ ᠠᠵᠤ | ᠦᠢᠯᠡᠰ ᠤᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠭᠤᠣᠯᠳᠠᠯᠭ᠎ᠠ ᠲᠠᠢ ᠬᠦᠷᠢᠶ᠎ᠡ | ᠴᠠᠷᠠᠭ᠎ᠠ ᠲᠠᠢ ᠨᠢᠭᠲᠠ ᠤᠶᠠᠯᠳᠤᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠷᠡᠰ ᠭᠤᠶᠢᠪᠢᠰᠢ | ᠦᠭᠡᠢ ᠪᠠᠷ ︽ᠲᠡᠷᠢᠭᠦᠨ ᠢᠨᠵᠧᠨᠧᠷᠢᠩ︾ ᠪᠣᠯᠭᠠᠨ ᠠᠳᠬᠤᠵᠤ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠲᠥᠷᠥᠯ ᠵᠦᠢᠯ ᠤᠨ ᠲᠤᠭ᠎ᠠ ᠬᠡᠮᠵᠢᠶ᠎ᠡ ᠪᠠ | ᠪᠡᠯᠡ ᠣᠷᠣᠭᠤᠯᠤᠯᠲᠠ ᠶᠢᠨ ᠲᠤᠭ᠎ᠠ ᠶᠢ ︽ᠬᠤᠣᠰ ᠨᠢᠭᠡ ᠮᠢᠩᠭ᠎ᠠ︾ ᠠᠴᠠ ᠳᠠᠪᠠᠭᠤᠯᠬᠤ ᠡᠭᠦᠷᠭᠡ ᠬᠠᠷᠠᠯᠲᠠ ᠶᠢ | ᠪᠡᠶᠡᠯᠡᠭᠦᠯᠬᠦ ᠪᠠᠷ ᠴᠢᠷᠮᠠᠶᠢᠵᠤ ᠪᠠᠶᠢᠨ᠎ᠠ᠃ 2022 ᠣᠨ ᠳᠤ᠂ ᠪᠥᠬᠦ ᠬᠤᠲᠠ ᠳᠤ 1042 ᠭᠤᠣᠯᠳᠠᠯᠭ᠎ᠠ ᠲᠠᠢ | ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ 1232 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠬᠤ ᠪᠠᠷ ᠲᠥᠯᠥᠪᠯᠡᠵᠦ ᠪᠣᠶ᠂ ᠡᠭᠦᠨ ᠳᠤ 664 ᠲᠥᠷᠥᠯ ᠵᠦᠢᠯ ᠢ ᠰᠢᠨ᠎ᠡ ᠪᠠᠷ ᠪᠠᠶᠢᠭᠤᠯᠵᠤ᠂ 378 | ᠲᠥᠷᠥᠯ ᠵᠦᠢᠯ ᠢ ᠦᠷᠭᠦᠯᠵᠢᠯᠡᠨ ᠪᠠᠶᠢᠭᠤᠯᠬᠤ ᠪᠠᠷ ᠲᠥᠯᠥᠪᠯᠡᠵᠦ ᠪᠣᠶ︔ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠲᠥᠷᠥᠯ ᠵᠦᠢᠯ 342᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ | 700 ᠪᠣᠶ︔ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠥᠷᠥᠯ ᠵᠦᠢᠯ ᠢᠶᠠᠷ ᠵᠢᠭᠰᠠᠭᠠᠭᠳᠠᠭᠰᠠᠨ ᠨᠢ | 503 ᠪᠣᠢ᠃ ᠶᠡᠷᠦᠩᠬᠡᠢ ᠳᠤᠨᠢ ᠠᠪᠴᠤ ᠦᠵᠡᠪᠡᠯ᠂ ᠡᠨᠡ ᠵᠢᠯ ᠤᠨ ᠬᠡᠷᠡᠭᠵᠢᠭᠦᠯᠬᠦ ᠭᠤᠣᠯᠳᠠᠯᠭ᠎ᠠ ᠲᠠᠢ ᠲᠥᠷᠥᠯ | ᠵᠦᠢᠯ ᠲᠤᠭ᠎ᠠ ᠬᠡᠮᠵᠢᠶ᠎ᠡ ᠨᠢ ᠣᠯᠠᠨ᠂ ᠪᠡᠯᠡ ᠣᠷᠣᠭᠤᠯᠤᠯᠲᠠ ᠨᠢ ᠶᠡᠭᠡ᠂ ᠶᠠᠰᠤ ᠴᠢᠨᠠᠷ ᠨᠢ ᠥᠨᠳᠥᠷ ᠵᠡᠷᠭᠡ | ᠣᠨᠴᠠᠯᠢᠭ ᠢᠯᠡᠷᠡᠵᠦ᠂ ᠲᠥᠷᠥᠯ ᠵᠦᠢᠯ ᠤᠨ ᠲᠤᠭ᠎ᠠ ᠬᠡᠮᠵᠢᠶ᠎ᠡ ᠨᠢ 2021 ᠣᠨ ᠤ ᠬᠢ ᠠᠴᠠ 462 ᠢᠯᠡᠭᠦᠦ | ᠪᠣᠯᠵᠤ᠂ ᠲᠦᠯᠦᠪᠯᠡᠭᠰᠡᠨ ᠪᠡᠯᠡ ᠣᠷᠣᠭᠤᠯᠤᠯᠲᠠ ᠨᠢ 452 ᠳ᠋ᠦᠩᠰᠢᠭᠤᠷ ᠲᠥᠭᠦᠷᠢᠭ ᠨᠡᠮᠡᠭᠳᠡᠪᠡ︔ ᠣᠨᠴᠠᠭᠠᠶᠢᠯᠠᠨ | ᠰᠢᠨ᠎ᠡ ᠪᠠᠷ ᠪᠠᠶᠢᠭᠤᠯᠬᠤ ᠲᠥᠷᠥᠯ ᠵᠦᠢᠯ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠲᠦᠷᠦᠯ ᠵᠦᠢᠯ᠂ | ᠠᠵᠤ ᠦᠢᠯᠡᠰ ᠤᠨ ᠲᠦᠷᠦᠯ ᠵᠦᠢᠯ ᠴᠥᠮ ᠲᠦᠷᠦᠭᠦᠦ ᠵᠢᠯ ᠤᠨ ᠬᠢ ᠠᠴᠠ ᠶᠡᠭᠡ ᠬᠡᠮᠵᠢᠶ᠎ᠡ ᠪᠠᠷ ᠨᠡᠮᠡᠭᠳᠡᠪᠡ︔ ᠠᠵᠤ | ᠦᠢᠯᠡᠰ ᠤᠨ ᠲᠥᠷᠥᠯ ᠵᠦᠢᠯ ᠤᠨ ᠲᠤᠭ᠎ᠠ ᠬᠡᠮᠵᠢᠶ᠎ᠡ ᠪᠠ ᠲᠦᠯᠦᠪᠯᠡᠭᠰᠡᠨ ᠪᠡᠯᠡ ᠣᠷᠣᠭᠤᠯᠤᠯᠲᠠ ᠨᠢ ᠴᠥᠮ | ᠬᠠᠭᠠᠰ ᠠᠴᠠ ᠳᠡᠭᠡᠭᠰᠢᠬᠢ ᠶᠢ ᠡᠵᠡᠯᠡᠵᠦ᠂ ᠬᠥᠲᠥᠯᠥᠨ ᠳᠠᠶᠢᠴᠢᠯᠠᠬᠤ ᠦᠢᠯᠡᠳᠦᠯ ᠨᠢ ᠨᠠᠩ ᠲᠣᠪᠤᠶᠢᠮ᠎ᠠ ᠪᠣᠯᠪᠠ᠃ | ᠬᠥᠲᠥᠯᠥᠭᠴᠢ᠄ | ᠲᠠᠨᠢᠯᠴᠠᠭᠤᠯᠬᠤ ᠪᠠᠷ ᠳᠠᠮᠵᠢᠭᠠᠳ ᠪᠢᠳᠡ ᠮᠠᠨ ᠤ ᠬᠤᠲᠠ ᠶᠢᠨ ᠡᠨᠡ ᠵᠢᠯ ᠤᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠤᠨ ᠲᠤᠬᠠᠢ ᠶᠡᠷᠦᠩᠬᠡᠢ ᠣᠶᠢᠯᠠᠭᠠᠯᠲᠠ ᠲᠠᠢ ᠪᠣᠯᠤᠯ᠎ᠠ᠂ ᠮᠦᠨᠴᠦ ᠡᠨᠡ ᠵᠢᠯ ᠤᠨ ᠮᠠᠨ ᠤ ᠬᠤᠲᠠ ᠶᠢᠨ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠢᠲᠡᠭᠡᠯ ᠲᠡᠭᠦᠯᠳᠡᠷ ᠪᠠᠶᠢᠨ᠎ᠠ᠂ ᠲᠡᠭᠡᠪᠡᠯ ᠡᠳᠡᠭᠡᠷ ᠲᠥᠷᠥᠯ | ᠵᠦᠢᠯ ᠨᠢ ᠶᠠᠮᠠᠷ ᠶᠠᠮᠠᠷ ᠠᠵᠤ ᠦᠢᠯᠡᠰ ᠪᠠ ᠶᠠᠮᠠᠷ ᠶᠠᠮᠠᠷ ᠬᠦᠷᠢᠶᠡᠨ ᠳᠤ ᠪᠣᠳᠠᠲᠠᠢ ᠲᠠᠷᠬᠠᠵᠤ ᠪᠠᠶᠢᠬᠤ ᠪᠣᠢ︖ | ᠪᠡᠯᠡ ᠣᠷᠣᠭᠤᠯᠤᠯᠲᠠ ᠶᠢᠨ ᠰᠠᠯᠠᠭᠠᠨ ᠤ ᠳᠠᠷᠤᠭ᠎ᠠ ᠰᠧ ᠷᠦᠢ ᠪᠢᠨ᠄ | ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠶᠡᠷᠦᠩᠬᠡᠢ ᠪᠠᠶᠢᠷᠢᠯᠠᠭᠤᠯᠤᠯᠲᠠ ᠶᠣᠰᠣᠭᠠᠷ᠂ | ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠪᠥᠬᠦ ᠲᠠᠯ᠎ᠠ ᠳᠤ ᠰᠠᠭᠤᠷᠢᠯᠠᠨ᠂ ᠨᠢᠭᠡᠳᠦᠯᠲᠡᠢ | ᠲᠥᠯᠥᠪᠯᠡᠨ ᠠᠷᠭ᠎ᠠ ᠰᠦᠪᠡᠭᠴᠢᠯᠡᠵᠦ᠂ ᠭᠤᠣᠯᠳᠠᠯᠭ᠎ᠠ ᠶᠢ ᠲᠣᠪᠤᠶᠢᠯᠭᠠᠨ᠂ ︽ᠵᠢᠷᠭᠤᠭᠠᠨ ᠶᠡᠭᠡ ᠠᠵᠤ ᠦᠢᠯᠡᠰ ᠤᠨ | ᠪᠦᠯᠦᠭᠵᠢᠯ᠂ ᠳᠥᠷᠪᠡᠨ ᠣᠷᠣᠨ ᠪᠦᠰᠡ ᠶᠢᠨ ᠲᠥᠪ᠂ ᠭᠤᠷᠪᠠᠨ ᠶᠡᠭᠡ ᠭᠤᠣᠯᠳᠠᠯᠭ᠎ᠠ ᠲᠠᠢ ᠬᠦᠷᠢᠶ᠎ᠡ︾ ᠶᠢᠨ | ᠵᠦᠢᠯᠡᠰ ᠤᠨ ᠬᠥᠭᠵᠢᠯᠲᠡ ᠶᠢ ᠬᠦᠴᠦᠯᠡᠨ ᠠᠬᠢᠭᠤᠯᠵᠤ᠂ ᠬᠥᠭᠵᠢᠯᠲᠡ ᠶᠢᠨ ᠰᠠᠭᠤᠷᠢ ᠶᠢ ᠲᠠᠰᠤᠷᠠᠯᠲᠠ ᠦᠭᠡᠢ | ᠪᠠᠲᠤᠳᠬᠠᠨ᠂ ᠬᠥᠭᠵᠢᠯᠲᠡ ᠶᠢᠨ ᠰᠡᠯᠭᠦᠬᠦ ᠬᠦᠴᠦᠨ ᠢ ᠴᠢᠩᠭᠠᠷᠠᠭᠤᠯᠵᠤ᠂ ᠬᠥᠭᠵᠢᠯᠲᠡ ᠶᠢᠨ ᠰᠢᠨ᠎ᠡ ᠣᠷᠣᠨ ᠵᠠᠢ ᠪᠠ | ᠨᠡᠮᠡᠭᠳᠡᠯ ᠤᠨ ᠴᠡᠭ ᠢ ᠥᠷᠭᠡᠳᠬᠡᠪᠡ᠃ ᠡᠭᠦᠨ ᠳᠤ ︽ᠵᠢᠷᠭᠤᠭᠠᠨ ᠶᠡᠭᠡ ᠠᠵᠤ ᠦᠢᠯᠡᠰ ᠤᠨ ᠪᠦᠯᠦᠭᠵᠢᠯ︾ ᠳᠤ᠄ | ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ | ᠪᠦᠯᠦᠭᠵᠢᠯ᠂ ᠡᠯᠧᠺᠳ᠋ᠷᠣᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠪᠦᠯᠦᠭᠵᠢᠯ᠂ ᠴᠡᠪᠡᠷ | ᠡᠨᠧᠷᠭᠢ ᠶᠢᠨ ᠠᠵᠤ ᠦᠢᠯᠡᠰ ᠤᠨ ᠪᠦᠯᠦᠭᠵᠢᠯ᠂ ᠣᠳᠣᠬᠢᠴᠢᠯᠠᠭᠰᠠᠨ ᠠᠵᠤ ᠦᠢᠯᠡᠳᠪᠦᠷᠢ ᠶᠢᠨ ᠠᠵᠤ ᠦᠢᠯᠡᠰ ᠤᠨ | ᠪᠦᠯᠦᠭᠵᠢᠯ᠂ ᠰᠢᠨ᠎ᠡ ᠮᠠᠲ᠋ᠧᠷᠢᠶᠠᠯ ᠪᠠ ᠲᠣᠨᠤᠭᠯᠠᠯ ᠦᠶ᠋ᠯᠡᠳᠬᠦ ᠦᠢᠯᠡᠰ ᠤᠨ ᠪᠦᠯᠦᠭᠵᠢᠯ ᠪᠠ ᠠᠮᠢᠳᠤ ᠪᠣᠳᠠᠰ ᠤᠨ | ᠡᠮ ᠡᠮᠨᠡᠯᠭᠡ ᠶᠢᠨ ᠠᠵᠤ ᠦᠢᠯᠡᠰ ᠤᠨ ᠪᠦᠯᠦᠭᠵᠢᠯ ᠪᠠᠭᠲᠠᠨ᠎ᠠ᠃ ︽ᠳᠥᠷᠪᠡᠨ ᠣᠷᠣᠨ ᠪᠦᠰᠡ ᠶᠢᠨ ᠲᠥᠪ︾ ᠨᠢ | ᠲᠣᠰ ᠲᠣᠰ᠄ ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠣᠷᠣᠨ | ᠪᠦᠰᠡ ᠶᠢᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠲᠥᠪ᠂ ᠣᠷᠣᠨ ᠪᠦᠰᠡ ᠶᠢᠨ ᠰᠡᠯᠡᠭᠦᠴᠡᠯ | ᠠᠮᠠᠷᠠᠯᠲᠠ ᠶᠢᠨ ᠲᠥᠪ ᠪᠠ ᠣᠷᠣᠨ ᠪᠦᠰᠡ ᠶᠢᠨ ᠣᠲᠣ ᠦᠶ᠎ᠡ ᠶᠢᠨ ᠬᠡᠷᠡᠭᠯᠡᠭᠡᠨ ᠤ ᠲᠥᠪ ᠪᠣᠯᠣᠨ᠎ᠠ᠃ ᠭᠤᠷᠪᠠᠨ | ᠶᠡᠭᠡ ᠭᠤᠣᠯᠳᠠᠯᠭ᠎ᠠ ᠲᠠᠢ ᠬᠦᠷᠢᠶ᠎ᠡ ᠨᠢ ᠲᠣᠰ ᠲᠣᠰ᠄ ᠠᠵᠤ ᠦᠢᠯᠡᠰ ᠤᠨ ᠬᠥᠭᠵᠢᠯᠲᠡ ᠶᠢᠨ ᠲᠥᠷᠥᠯ ᠤᠨ ᠴᠢᠬᠤᠯᠠ | ᠶᠡᠭᠡ ᠲᠥᠷᠥᠯ ᠵᠦᠢᠯ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠥᠷᠥᠯ ᠤᠨ ᠴᠢᠬᠤᠯᠠ ᠶᠡᠭᠡ ᠲᠥᠷᠥᠯ ᠵᠦᠢᠯ | ᠪᠠ ᠰᠠᠭᠤᠷᠢ ᠪᠡᠯᠡᠳᠬᠡᠮᠵᠢ ᠶᠢᠨ ᠲᠥᠷᠥᠯ ᠤᠨ ᠴᠢᠬᠤᠯᠠ ᠶᠡᠭᠡ ᠲᠥᠷᠥᠯ ᠵᠦᠢᠯ ᠪᠣᠯᠣᠨ᠎ᠠ᠃ | ᠬᠥᠲᠥᠯᠥᠭᠴᠢ᠄ | ᠡᠨᠡ ᠵᠢᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠷᠢᠰᠢᠭᠤᠯᠤᠯᠲᠠ ᠨᠢ ᠦᠨᠡᠬᠡᠷ ᠪᠥᠬᠦ | ᠲᠠᠯ᠎ᠠ ᠶᠢᠨ᠂ ᠣᠨᠴᠠᠯᠢᠭ ᠨᠢ ᠲᠣᠪᠤᠶᠢᠮ᠎ᠠ ᠪᠠᠶᠢᠨ᠎ᠠ᠂ ᠲᠡᠭᠡᠪᠡᠯ ᠡᠨᠡ ᠬᠦ ︽ᠵᠢᠷᠭᠤᠭᠠᠨ ᠶᠡᠭᠡ ᠠᠵᠤ ᠦᠢᠯᠡᠰ ᠤᠨ | ᠪᠦᠯᠦᠭᠵᠢᠯ᠂ ᠳᠥᠷᠪᠡᠨ ᠣᠷᠣᠨ ᠪᠦᠰᠡ ᠶᠢᠨ ᠲᠥᠪ᠂ ᠭᠤᠷᠪᠠᠨ ᠶᠡᠭᠡ ᠭᠤᠣᠯᠳᠠᠯᠭ᠎ᠠ ᠲᠠᠢ ᠬᠦᠷᠢᠶ᠎ᠡ︾ ᠳᠤ | ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠥᠷᠥᠯ ᠵᠦᠢᠯ ᠳᠤ ᠣᠷᠣᠭᠰᠠᠨ ᠲᠦᠷᠦᠯ ᠵᠦᠢᠯ ᠢ ᠬᠡᠳᠦᠢ ᠶᠢ | ᠪᠣᠳᠠᠲᠠᠢ ᠪᠦᠲᠦᠭᠡᠨ ᠪᠠᠶᠢᠭᠤᠯᠬᠤ ᠪᠣᠶ︖ ᠶᠠᠭᠤᠨ ᠤ ᠡᠮᠦᠨ᠎ᠡ ᠮᠠᠨ ᠤ ᠠᠩᠬᠠᠷᠴᠤ ᠪᠠᠶᠢᠭ᠎ᠠ ᠵᠢᠷᠭᠤᠭᠠᠨ ᠲᠣᠮᠣ | ᠠᠵᠤ ᠦᠢᠯᠡᠰ ᠤᠨ ᠪᠦᠯᠦᠭᠵᠢᠯ ᠳᠤ ᠶᠠᠮᠠᠷ ᠶᠠᠮᠠᠷ ᠪᠣᠳᠠᠲᠠᠢ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠪᠠᠶᠢᠬᠤ | ᠪᠣᠶ︖ | ᠲᠥᠷᠥᠯ ᠵᠦᠢᠯ ᠤᠨ ᠲᠣᠬᠢᠷᠠᠭᠤᠯᠤᠯᠲᠠ ᠶᠢᠨ ᠰᠠᠯᠠᠭᠠᠨ ᠤ ᠲᠡᠭᠷᠢ᠄ | | | | | | ᠪᠥᠬᠦ ᠠᠵᠤ ᠦᠢᠯᠡᠰ ᠤᠨ ᠬᠡᠯᠬᠢᠶ᠎ᠡ ᠶᠢᠨ᠂ ᠪᠦᠯᠦᠭᠵᠢᠭᠦᠯᠦᠨ ᠬᠥᠭᠵᠢᠭᠦᠯᠬᠦ ᠰᠡᠳᠬᠢᠬᠦᠢ ᠶᠢ ᠪᠠᠷᠢᠮᠲᠠᠯᠠᠵᠤ᠂ | ᠮᠠᠨ ᠤ ᠬᠤᠲᠠ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠶᠢ ᠲᠠᠰᠤᠷᠠᠯᠲᠠ ᠦᠭᠡᠢ | ᠰᠢᠯᠢᠳᠡᠭᠵᠢᠭᠦᠯᠦᠨ ᠳᠡᠭᠡᠭᠰᠢᠯᠡᠭᠦᠯᠵᠦ᠂ ᠣᠨᠴᠠᠯᠢᠭᠲᠤ ᠳᠠᠪᠠᠭᠤᠯᠢᠭ ᠲᠠᠭᠠᠨ ᠰᠠᠭᠤᠷᠢᠯᠠᠨ᠂ ᠵᠢᠷᠭᠤᠭᠠᠨ ᠲᠣᠮᠣ ᠠᠵᠤ | ᠦᠢᠯᠡᠰ ᠤᠨ ᠪᠦᠯᠦᠭᠵᠢᠯ ᠢ ᠪᠥᠬᠦ ᠬᠦᠴᠦᠨ ᠢᠶᠠᠷ ᠢᠶᠠᠨ ᠴᠤᠭᠴᠠᠯᠠᠨ᠎ᠠ᠃ ᠡᠭᠦᠨ ᠳᠤ ᠪᠣᠬᠢᠷᠳᠤᠯ ᠦᠭᠡᠢ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ ᠪᠦᠯᠦᠭᠵᠢᠯ ᠤᠨ ᠨᠡᠶᠢᠲᠡ 41 | ᠲᠥᠷᠥᠯ ᠵᠦᠢᠯ ᠢ ᠪᠦᠲᠦᠭᠡᠨ ᠪᠠᠶᠢᠭᠤᠯᠵᠤ᠂ ᠶᠡᠷᠦᠩᠬᠡᠢ ᠪᠡᠯᠡ ᠣᠷᠤᠭᠤᠯᠤᠯᠲᠠ ᠨᠢ 280.08 ᠳ᠋ᠦᠩᠰᠢᠭᠤᠷ | ᠲᠥᠭᠦᠷᠢᠭ ᠪᠠᠶᠢᠵᠤ᠂ ᠢᠯᠢ ᠶᠢᠨ ᠣᠲᠣ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ᠂ ᠰᠢ ᠪᠸᠢ ᠵᠢᠶᠠ | ᠭᠦᠸᠧ ᠯᠦᠩ ᠭᠦᠩᠹᠦ᠋ ᠼᠠᠢ ᠶᠢᠨ ᠲᠠᠰ ᠠᠴᠠ ᠳᠠᠪᠠᠭᠰᠠᠨ ᠲᠥᠪ ᠲᠣᠭᠤᠭᠠᠨ ᠭᠡᠷ᠂ ᠥᠪᠥᠷ ᠮᠣᠩᠭᠤᠯ ᠤᠨ ᠵᠢᠶᠠ | ᠪᠢᠨ ᠤᠮᠳᠠᠭᠠᠨ ᠤ ᠵᠢᠯ ᠤᠨ ᠭᠠᠷᠤᠯᠲᠠ 30 ᠲᠦᠮᠡᠨ ᠲᠣᠨ ᠤ ᠤᠮᠳᠠᠭᠠᠨ ᠵᠢᠴᠢ ᠵᠢᠮᠢᠰ ᠨᠣᠭᠤᠭ᠎ᠠ ᠶᠢᠨ ᠰᠢᠭᠦᠰᠦ᠂ | ᠥᠪᠥᠷ ᠮᠣᠩᠭᠤᠯ ᠤᠨ ᠵᠧᠩ ᠳ᠋ᠡ ᠬᠤᠩ ᠶᠧ ᠢᠳᠡᠭᠡᠨ ᠡᠳ᠋ᠰᠢᠭᠦᠯᠬᠦ ᠦᠢᠯᠡᠳᠪᠦᠷᠢ ᠵᠡᠷᠭᠡ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ 2022 ᠣᠨ ᠳᠤ 78.04 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠣᠶ᠃ ᠡᠯᠧᠺᠳ᠋ᠷᠣᠨ ᠮᠡᠳᠡᠭᠡ ᠵᠠᠩᠭᠢ ᠶᠢᠨ ᠮᠡᠷᠭᠡᠵᠢᠯ ᠤᠨ | ᠠᠵᠤ ᠦᠢᠯᠡᠰ ᠤᠨ ᠪᠦᠯᠦᠭᠵᠢᠯ ᠤᠨ ᠨᠡᠶᠢᠲᠡ 24 ᠲᠦᠷᠦᠯ ᠵᠦᠢᠯ ᠢ ᠪᠦᠲᠦᠭᠡᠨ ᠪᠠᠶᠢᠭᠤᠯᠵᠤ᠂ ᠶᠡᠷᠦᠩᠬᠡᠢ ᠪᠡᠯᠡ | ᠣᠷᠣᠭᠤᠯᠤᠯᠲᠠ ᠨᠢ 483.94 ᠳ᠋ᠦᠩᠰᠢᠭᠤᠷ ᠲᠥᠭᠦᠷᠢᠭ ᠪᠠᠶᠢᠵᠤ᠂ ᠳᠤᠮᠳᠠᠳᠤ ᠤᠯᠤᠰ ᠤᠨ ᠪᠠᠩᠬᠢ ᠶᠢᠨ | ᠶᠡᠷᠦᠩᠬᠡᠢ ᠪᠠᠩᠬᠢ ᠶᠢᠨ ᠮᠥᠩᠭᠦᠨ ᠭᠦᠢᠯᠭᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳ᠋ᠠᠶᠢᠲ᠋ᠠ ᠶᠢᠨ ᠲᠥᠪ᠂ | ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠳ᠋ᠠᠶᠢᠲ᠋ᠠ ᠶᠢᠨ ᠲᠥᠪ ᠵᠡᠷᠭᠡ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ 2022 ᠣᠨ ᠳᠤ 33.06 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠬᠤ ᠪᠠᠷ ᠲᠥᠯᠥᠪᠯᠡᠵᠦ ᠪᠠᠶᠢᠨ᠎ᠠ᠃ ᠴᠡᠪᠡᠷ ᠡᠨᠧᠷᠭᠢ ᠶᠢᠨ ᠠᠵᠤ ᠦᠢᠯᠡᠰ ᠤᠨ ᠪᠦᠯᠦᠭᠵᠢᠯ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠨᠡᠶᠢᠲᠡ 30 ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ ᠨᠢ 309.5 | ᠳ᠋ᠦᠩᠰᠢᠭᠤᠷ ᠲᠥᠭᠦᠷᠢᠭ ᠪᠠᠶᠢᠵᠤ᠂ ᠵᠢᠨᠱᠠᠨ ᠢᠯᠴᠢ ᠶᠢᠨ ᠴᠠᠬᠢᠯᠭᠠᠨ ᠤ ᠦᠢᠯᠡᠳᠪᠦᠷᠢ ᠶᠢᠨ ᠥᠷᠭᠡᠳᠬᠡᠨ | ᠪᠠᠶᠢᠭᠤᠯᠬᠤ ᠢᠨᠵᠧᠨᠧᠷᠢᠩ᠂ ᠳ᠋ᠠ ᠲᠠᠩ ᠤᠨ ᠵᠠᠭᠤᠨ ᠲᠦᠮᠡᠨ ᠺᠢᠯᠣᠸᠠᠲ ᠤᠨ ᠲᠠᠰ ᠤᠨ ᠰᠢᠨ᠎ᠡ ᠡᠨᠧᠷᠭᠢ ᠶᠢ | ᠨᠡᠶᠢᠯᠡᠭᠦᠯᠵᠦ ᠭᠠᠳᠠᠭᠰᠢ ᠬᠦᠷᠭᠡᠬᠦ᠂ ᠬᠥᠬᠡᠬᠤᠲᠠ ᠶᠢᠨ ᠢᠯᠴᠢ ᠶᠢᠨ ᠴᠠᠬᠢᠯᠭᠠᠨ ᠤ ᠠᠮᠢᠳᠤᠯᠢᠭ ᠴᠢᠨᠠᠷᠲᠠᠢ | ᠥᠭᠡᠷᠡᠴᠢᠯᠡᠯᠲᠡ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ 2022 | ᠣᠨ ᠳᠤ 87.81 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠠᠶᠢᠨ᠎ᠠ᠃ ᠣᠲᠣ | ᠦᠶ᠎ᠡ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠪᠦᠯᠦᠭᠵᠢᠯ ᠤᠨ ᠨᠡᠶᠢᠲᠡ 11 ᠲᠥᠷᠥᠯ ᠵᠦᠢᠯ ᠢ | ᠪᠦᠲᠦᠭᠡᠨ ᠪᠠᠶᠢᠭᠤᠯᠵᠤ᠂ ᠶᠡᠷᠦᠩᠬᠡᠢ ᠪᠡᠯᠡ ᠣᠷᠤᠭᠤᠯᠤᠯᠲᠠ ᠨᠢ 235.76 ᠳ᠋ᠦᠩᠰᠢᠭᠤᠷ ᠲᠥᠭᠦᠷᠢᠭ ᠪᠠᠶᠢᠵᠤ᠂ | ᠵᠢᠦ ᠲᠠᠢ ᠶᠢᠨ 100 ᠲᠦᠮᠡᠨ ᠲᠣᠨ ᠤ ᠡᠲ᠋ᠠ ᠬᠤᠶᠠᠷᠴᠢ ᠠᠯᠺᠣᠣᠯ᠂ ᠮᠧᠩ ᠯᠢᠶᠠᠨ ᠤ ᠰᠢᠩᠭᠡᠨᠵᠢᠭᠦᠯᠦᠭᠰᠡᠨ ᠬᠡᠢ ᠶᠢ | ᠭᠦᠨᠵᠡᠭᠡᠢ ᠡᠳ᠋ᠰᠢᠭᠦᠯᠦᠨ ᠴᠢᠳᠠᠪᠤᠷᠢ ᠶᠢ ᠥᠷᠭᠡᠳᠬᠡᠬᠦ ᠮᠡᠷᠭᠡᠵᠢᠯ ᠤᠨ ᠥᠭᠡᠷᠡᠴᠢᠯᠡᠯᠲᠡ᠂ ᠰᠢᠦᠢ ᠶᠠᠩ ᠵᠦᠩ ᠷᠠᠨ ᠤ | 300 ᠲᠦᠮᠡᠨ ᠲᠣᠨ ᠬᠡᠦᠷᠰᠢᠭᠦᠯᠬᠦ ᠵᠢᠴᠢ ᠤᠰᠤᠲᠥ᠋ᠷᠥᠭᠴᠢ ᠦᠶ᠋ᠯᠡᠳᠬᠦ ᠵᠡᠷᠭᠡ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ 2022 ᠣᠨ ᠳᠤ 43.17 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠬᠤ ᠪᠠᠷ ᠲᠥᠯᠥᠪᠯᠡᠵᠦ ᠪᠠᠶᠢᠨ᠎ᠠ᠃ ᠰᠢᠨ᠎ᠡ ᠮᠠᠲ᠋ᠧᠷᠢᠶᠠᠯ ᠪᠠ ᠲᠣᠨᠣᠭᠯᠠᠯ ᠦᠢᠯᠡᠳᠬᠦ ᠦᠢᠯᠡᠰ ᠤᠨ ᠠᠵᠤ | ᠦᠢᠯᠡᠰ ᠤᠨ ᠪᠦᠯᠦᠭᠵᠢᠯ ᠤᠨ ᠨᠡᠶᠢᠳᠡ 10 ᠲᠦᠷᠦᠯ ᠵᠦᠢᠯ ᠢ ᠪᠦᠲᠦᠭᠡᠨ ᠪᠠᠶᠢᠭᠤᠯᠵᠤ᠂ ᠶᠡᠷᠦᠩᠬᠡᠢ ᠪᠡᠯᠡ | ᠣᠷᠣᠭᠤᠯᠤᠯᠲᠠ ᠨᠢ 139.2 ᠳ᠋ᠦᠩᠰᠢᠭᠤᠷ ᠲᠥᠭᠦᠷᠢᠭ ᠪᠠᠶᠢᠵᠤ᠂ ᠵᠦᠩ ᠬᠤᠸᠠᠨ ᠠᠵᠤ ᠦᠢᠯᠡᠰ ᠤᠨ ᠬᠤᠳᠠ᠂ | ᠰᠠᠨᠰᠠᠷ ᠠᠶᠠᠯᠠᠯ ᠤᠨ ᠵᠢᠷᠭᠤᠳᠤᠭᠠᠷ ᠬᠦᠷᠢᠶᠡᠯᠡᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠲᠥᠪ᠂ ᠬᠤᠸᠠ ᠶᠣᠣ ᠭᠡᠷᠡᠯ ᠴᠠᠬᠢᠯᠭᠠᠨ ᠤ 12GW ᠲᠠᠩ ᠲᠠᠯᠠᠰᠲᠤ ᠴᠠᠬᠢᠭᠤᠷ ᠤᠨ ᠢᠯᠲᠠᠰᠤ ᠵᠡᠷᠭᠡ ᠲᠦᠷᠦᠯ | ᠵᠦᠢᠯ ᠢ ᠪᠦᠲᠦᠭᠡᠨ ᠪᠠᠶᠢᠭᠤᠯᠬᠤ ᠶᠢ ᠦᠷᠭᠦᠯᠵᠢᠯᠡᠨ ᠠᠬᠢᠭᠤᠯᠵᠤ᠂ 2022 ᠣᠨ ᠳᠤ 42.9 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠤᠢ᠃ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ | ᠦᠢᠯᠡᠰ ᠤᠨ ᠪᠦᠯᠦᠭᠵᠢᠯ ᠤᠨ ᠨᠡᠶᠢᠲᠡ 19 ᠲᠥᠷᠥᠯ ᠵᠦᠢᠯ ᠢ ᠪᠦᠲᠦᠭᠡᠨ ᠪᠠᠶᠢᠭᠤᠯᠵᠤ᠂ ᠶᠡᠷᠦᠩᠬᠡᠢ ᠪᠡᠯᠡ | ᠣᠷᠣᠭᠤᠯᠤᠯᠲᠠ ᠨᠢ 98.48 ᠳ᠋ᠦᠩᠰᠢᠭᠤᠷ ᠲᠥᠭᠦᠷᠢᠭ ᠪᠠᠶᠢᠵᠤ᠂ ᠺᠧ ᠲᠦᠸᠧ ᠠᠮᠢᠳᠤ ᠪᠣᠳᠠᠰ ᠤᠨ ᠰᠢᠨ᠎ᠡ ᠪᠠᠷ | ᠪᠠᠶᠢᠭᠤᠯᠤᠭᠰᠠᠨ ᠠᠮᠢᠲᠠᠨ ᠤᠷᠭᠤᠮᠠᠯ ᠤᠨ ᠪᠢᠴᠢᠯ ᠠᠮᠢ ᠠᠬᠤᠢ ᠶᠢᠨ ᠨᠠᠶᠢᠷᠠᠯᠲᠠ ᠶᠢᠨ ᠦᠢᠯᠡᠳᠪᠦᠷᠢᠯᠡᠯ ᠤᠨ | ᠰᠠᠭᠤᠷᠢᠨ ᠭᠠᠵᠠᠷ᠂ ᠳ᠋ᠠ ᠲᠠᠩ ᠡᠮ ᠤᠨ ᠦᠢᠯᠡᠰ ᠤᠨ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠠᠵᠤ ᠦᠢᠯᠡᠰ ᠤᠨ ᠬᠦᠷᠢᠶᠡᠯᠡᠩ ᠲᠣᠭᠤᠷᠢᠭ᠂ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠦᠷᠭᠦᠯᠵᠢᠯᠡᠨ ᠠᠬᠢᠭᠤᠯᠵᠤ᠂ 2022 ᠣᠨ ᠳᠤ 14.85 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ | ᠲᠥᠯᠥᠪᠯᠡᠵᠦ ᠪᠠᠶᠢᠨ᠎ᠠ᠃ | ᠬᠥᠲᠥᠯᠥᠭᠴᠢ᠄ | ᠡᠨᠡ ᠵᠢᠷᠭᠤᠭᠠᠨ ᠲᠣᠮᠣ ᠪᠦᠯᠦᠭᠵᠢᠯ ᠤᠨ ᠲᠥᠷᠥᠯ ᠵᠦᠢᠯ ᠨᠢ ᠮᠠᠨ ᠤ ᠬᠤᠲᠠ ᠶᠢᠨ ᠢᠷᠡᠭᠡᠳᠦᠢ ᠶᠢᠨ ᠠᠵᠤ | ᠦᠢᠯᠡᠰ ᠤᠨ ᠬᠥᠭᠵᠢᠯᠲᠡ ᠶᠢ ᠬᠥᠲᠥᠯᠥᠨ ᠳᠠᠭᠠᠭᠤᠯᠤᠨ᠎ᠠ ᠭᠡᠵᠦ ᠬᠡᠯᠡᠵᠦ ᠪᠣᠯᠣᠨ᠎ᠠ᠂ ᠪᠢᠳᠡ ᠪᠠᠰᠠ ᠬᠥᠬᠡᠬᠤᠲᠠ ᠶᠢᠨ | ᠢᠷᠡᠭᠡᠳᠦᠢ ᠳᠤ ᠬᠦᠰᠡᠯ ᠡᠷᠡᠮᠡᠯᠵᠡᠯ ᠪᠢᠯᠬᠠᠮ᠎ᠠ ᠪᠠᠶᠢᠨ᠎ᠠ᠃ ᠲᠡᠭᠡᠪᠡᠯ ᠳᠥᠷᠪᠡᠨ ᠣᠷᠣᠨ ᠪᠦᠰᠡ ᠶᠢᠨ ᠲᠥᠪ ᠲᠤ | ᠪᠠᠰᠠ ᠶᠠᠮᠠᠷ ᠶᠠᠮᠠᠷ ᠴᠢᠬᠤᠯᠠ ᠶᠡᠭᠡ ᠲᠥᠷᠥᠯ ᠵᠦᠢᠯ ᠤᠨ ᠲᠤᠯᠭᠠᠭᠤᠷᠢᠯᠠᠯ ᠪᠠᠶᠢᠬᠤ ᠪᠣᠶ︖ | ᠪᠡᠯᠡ ᠣᠷᠣᠭᠤᠯᠤᠯᠲᠠ ᠶᠢᠨ ᠰᠠᠯᠠᠭ᠎ᠠ ᠶᠢᠨ ᠵᠠᠩ ᠮᠦᠸᠧ ᠵᠢᠩ᠄ | ᠮᠠᠨ ᠤ ᠬᠤᠲᠠ ︽ᠣᠳᠣᠬᠢᠴᠢᠯᠠᠭᠰᠠᠨ ᠣᠷᠣᠨ ᠪᠦᠰᠡ ᠶᠢᠨ ᠴᠢᠨᠠᠷᠲᠠᠢ ᠲᠥᠪ ᠬᠤᠲᠠ ᠶᠢ ᠪᠦᠲᠦᠭᠡᠨ | ᠪᠠᠶᠢᠭᠤᠯᠵᠤ᠂ ᠦᠵᠡᠰᠬᠦᠯᠡᠩᠲᠦ ᠰᠠᠶᠢᠬᠠᠨ ᠬᠦᠬᠡᠬᠤᠲᠠ · ᠲᠠᠯ᠎ᠠ ᠨᠤᠲᠤᠭ ᠤᠨ ᠬᠤᠲᠠ ᠶᠢ ᠪᠦᠲᠦᠭᠡᠨ ᠪᠠᠶᠢᠭᠤᠯᠬᠤ︾ | ᠪᠠᠷ ᠶᠡᠷᠦᠩᠬᠡᠢ ᠬᠠᠷᠠᠯᠲᠠ ᠪᠣᠯᠭᠠᠵᠤ᠂ ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠲᠥᠪ᠂ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠲᠥᠪ᠂ ᠬᠡᠷᠡᠭᠯᠡᠭᠡᠨ ᠤ ᠲᠥᠪ᠂ ᠰᠡᠯᠡᠭᠦᠴᠡᠯ | ᠠᠮᠠᠷᠠᠯᠲᠠ ᠶᠢᠨ ᠲᠥᠪ ︽ᠳᠥᠷᠪᠡᠨ ᠲᠥᠪ︾ ᠢ ᠭᠤᠣᠯᠳᠠᠯᠭ᠎ᠠ ᠲᠠᠢ ᠪᠠᠶᠢᠭᠤᠯᠤᠨ᠎ᠠ᠃ ᠡᠭᠦᠨ ᠳᠤ᠂ ᠣᠷᠣᠨ | ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ 34 ᠪᠠᠶᠢᠵᠤ᠂ 2022 ᠣᠨ ᠳᠤ 39.81 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠬᠤ ᠪᠠᠷ ᠲᠥᠯᠥᠪᠯᠡᠵᠦ᠂ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ | ᠦᠢᠯᠡᠳᠪᠦᠷᠢ ᠶᠢᠨ ᠵᠢᠷᠭᠤᠳᠤᠭᠠᠷ ᠬᠦᠷᠢᠶᠡᠯᠡᠩ ᠤᠨ ᠶᠡᠷᠦᠩᠬᠡᠢ ᠬᠡᠯᠲᠡᠰ ᠤᠨ ᠰᠠᠭᠤᠷᠢᠨ ᠭᠠᠵᠠᠷ᠂ ᠳᠤᠮᠳᠠᠳᠤ | ᠤᠯᠤᠰ ᠤᠨ ᠴᠠᠬᠢᠯᠭᠠᠨ ᠬᠤᠯᠪᠣᠭᠠᠨ ᠤ ᠡᠭᠦᠯᠡᠨ ᠪᠣᠳᠣᠯᠲᠠ ᠶᠢᠨ ᠮᠡᠳᠡᠭᠡ ᠵᠠᠩᠭᠢ ᠶᠢᠨ ᠬᠦᠷᠢᠶᠡᠯᠡᠩ᠂ ᠳ᠋ᠦᠩ ᠹᠠᠩ | ᠭᠦᠸᠧ ᠰᠢᠨ ᠤ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠤᠮᠠᠷᠠᠲᠤ ᠶᠢᠨ ᠣᠷᠣᠨ ᠪᠦᠰᠡ ᠶᠢᠨ ᠲᠥᠪ | ᠵᠡᠷᠭᠡ ᠲᠥᠷᠥᠯ ᠵᠦᠢᠯ ᠢ ᠪᠦᠲᠦᠭᠡᠨ ᠪᠠᠶᠢᠭᠤᠯᠤᠨ᠎ᠠ᠃ ᠣᠷᠣᠨ ᠪᠦᠰᠡ ᠶᠢᠨ ᠵᠠᠮ ᠬᠠᠷᠢᠯᠴᠠᠭ᠎ᠠ ᠪᠠᠷᠠᠭᠠᠨ ᠤ | ᠭᠦᠢᠯᠭᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ 27 ᠪᠠᠶᠢᠵᠤ᠂ 2022 ᠣᠨ ᠳᠤ 59. | 27 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠶᠤᠸᠠᠨ ᠲᠦᠩ ᠤᠨ ᠥᠪᠥᠷ | ᠮᠣᠩᠭᠤᠯ ᠤᠨ ᠣᠷᠣᠨ ᠪᠦᠰᠡ ᠶᠢᠨ ᠶᠡᠷᠦᠩᠬᠡᠢ ᠬᠡᠯᠲᠡᠰ ᠤᠨ ᠰᠠᠭᠤᠷᠢᠨ ᠭᠠᠵᠠᠷ᠂ ᠱᠧᠨ ᠲᠦᠩ ᠤᠨ ᠣᠶᠤᠨᠲᠤ | ᠡᠯᠧᠺᠳ᠋ᠷᠣᠨ ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ ᠬᠦᠷᠢᠶᠡᠯᠡᠩ᠂ ᠶᠦᠨ ᠳ᠋ᠡ ᠶᠢᠨ ᠥᠪᠥᠷ ᠮᠣᠩᠭᠤᠯ ᠤᠨ | ᠲᠦᠷᠭᠡᠨ ᠬᠦᠷᠭᠡᠯᠲᠡ ᠶᠢᠨ ᠡᠯᠧᠺᠳ᠋ᠷᠣᠨ ᠬᠤᠳᠠᠯᠳᠤᠭᠠᠨ ᠤ ᠶᠡᠷᠦᠩᠬᠡᠢ ᠬᠡᠯᠲᠡᠰ ᠤᠨ ᠰᠠᠭᠤᠷᠢᠨ ᠭᠠᠵᠠᠷ ᠵᠡᠷᠭᠡ | ᠲᠥᠷᠥᠯ ᠵᠦᠢᠯ ᠢ ᠪᠦᠲᠦᠭᠡᠨ ᠪᠠᠶᠢᠭᠤᠯᠤᠨ᠎ᠠ᠃ ᠣᠷᠣᠨ ᠪᠦᠰᠡ ᠶᠢᠨ ᠰᠡᠯᠡᠭᠦᠴᠡᠯ ᠠᠮᠠᠷᠠᠯᠲᠠ ᠶᠢᠨ ᠲᠥᠪ ᠤᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ 14 ᠪᠠᠶᠢᠵᠤ᠂ 2022 ᠣᠨ ᠳᠤ 17.1 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠳᠠᠯᠠᠨ ᠬᠠᠷ᠎ᠠ ᠠᠭᠤᠯᠠ ᠶᠢᠨ ᠨᠢᠰᠦᠯᠲᠡ ᠶᠢᠨ ᠵᠢᠵᠢᠭ | ᠪᠠᠯᠭᠠᠰᠤ᠂ ᠮᠠ ᠽᠦᠩ ᠱᠠᠨ ᠠᠭᠤᠯᠠ ᠶᠢᠨ ᠴᠠᠨᠠᠯᠠᠯᠲᠠ ᠶᠢᠨ ᠲᠠᠯᠠᠪᠠᠶ ᠶᠢᠨ ᠬᠤᠶᠠᠳᠤᠭᠠᠷ ᠬᠤᠭᠤᠴᠠᠭ᠎ᠠ᠂ ᠶᠡᠭᠡ | ᠲᠦᠷᠭᠡᠨ ᠭᠤᠣᠯ ᠤᠨ ᠴᠡᠷᠢᠭ ᠤᠨ ᠶᠠᠪᠤᠳᠠᠯ ᠤᠨ ᠬᠥᠮᠦᠵᠢᠯ ᠵᠢᠭᠤᠯᠴᠢᠯᠠᠯ ᠴᠡᠩᠭᠡᠯ ᠤᠨ ᠬᠦᠷᠢᠶᠡᠯᠡᠩ ᠵᠡᠷᠭᠡ ᠲᠥᠷᠥᠯ | ᠵᠦᠢᠯ ᠢ ᠪᠦᠲᠦᠭᠡᠨ ᠪᠠᠶᠢᠭᠤᠯᠤᠨ᠎ᠠ᠃ ᠣᠷᠣᠨ ᠪᠦᠰᠡ ᠶᠢᠨ ᠣᠲᠣ ᠦᠶ᠎ᠡ ᠶᠢᠨ ᠬᠡᠷᠡᠭᠯᠡᠭᠡᠨ ᠤ ᠲᠥᠪ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ 15 ᠪᠠᠶᠢᠵᠤ᠂ 2022 ᠣᠨ ᠳᠤ 32.5 ᠳ᠋ᠦᠩᠰᠢᠭᠤᠷ ᠲᠥᠭᠦᠷᠢᠭ ᠤᠨ | ᠪᠡᠯᠡ ᠣᠷᠣᠭᠤᠯᠬᠤ ᠪᠠᠷ ᠲᠥᠯᠥᠪᠯᠡᠵᠦ᠂ ᠬᠤᠸᠠ ᠷᠦᠨ ᠸᠠᠨ ᠰᠢᠶᠠᠩ ᠴᠧᠩ᠂ ᠬᠤᠲᠠ ᠶᠢᠨ ᠡᠮᠦᠨᠡᠬᠢ ᠸᠠᠨ ᠳ᠋ᠠ | ᠠᠷᠠᠯᠵᠢᠶ᠎ᠠ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ ᠴᠠᠭ ᠦᠶ᠎ᠡ ᠶᠢᠨ ᠠᠭᠤᠳᠠᠮ ᠲᠠᠯᠠᠪᠠᠶ᠂ ᠤᠲᠯᠧᠲᠰ ᠤᠨ | ᠬᠦᠭᠵᠢᠶᠡᠨᠲᠦ ᠵᠢᠵᠢᠭ ᠪᠠᠯᠭᠠᠰᠤ ᠵᠡᠷᠭᠡ ᠲᠥᠷᠥᠯ ᠵᠦᠢᠯ ᠢ ᠪᠦᠲᠦᠭᠡᠨ ᠪᠠᠶᠢᠭᠤᠯᠤᠨ᠎ᠠ᠃ | ᠬᠥᠲᠥᠯᠥᠭᠴᠢ᠄ | ᠡᠨᠡ ᠳᠦᠷᠪᠡᠨ ᠣᠷᠣᠨ ᠪᠦᠰᠡ ᠶᠢᠨ ᠲᠥᠪ ᠤᠨ ᠲᠦᠷᠦᠯ ᠵᠦᠢᠯ ᠨᠢ ᠦᠨᠡᠬᠡᠷ ᠬᠢᠯᠠᠰ ᠴᠡᠭ ᠢᠶᠠᠷ ᠲᠦᠭᠦᠷᠴᠦ᠂ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠬᠤ ᠮᠥᠷᠲᠡᠭᠡᠨ ᠰᠡᠯᠡᠭᠦᠴᠡᠯ ᠠᠷᠠᠯᠵᠢᠶ᠎ᠠ | ᠬᠤᠳᠠᠯᠳᠤᠭ᠎ᠠ ᠴᠤ ᠪᠠᠶᠢᠨ᠎ᠠ᠂ ᠲᠡᠭᠡᠪᠡᠯ ᠰᠠᠶ᠋ᠢᠬᠠᠨ ᠡᠮᠦᠨ᠎ᠡ ᠳᠤᠷᠠᠳᠤᠭᠰᠠᠨ ᠭᠤᠷᠪᠠᠨ ᠶᠡᠭᠡ ᠭᠤᠣᠯᠳᠠᠯᠭ᠎ᠠ ᠲᠠᠢ | ᠬᠦᠷᠢᠶ᠎ᠡ ᠨᠢ ᠪᠠᠰᠠ ᠶᠠᠮᠠᠷ ᠶᠠᠮᠠᠷ ᠬᠦᠷᠢᠶᠡᠨ ᠤ ᠲᠦᠷᠦᠯ ᠵᠦᠢᠯ ᠪᠣᠯᠬᠤ ᠪᠤᠢ︖ | ᠲᠥᠷᠥᠯ ᠵᠦᠢᠯ ᠤᠨ ᠲᠣᠬᠢᠷᠠᠭᠤᠯᠤᠯᠲᠠ ᠶᠢᠨ ᠰᠠᠯᠠᠭᠠᠨ ᠤ ᠲᠡᠭᠷᠢ᠄ | | | | | | 2022 ᠣᠨ ᠳᠤ᠂ ᠬᠥᠬᠡᠬᠤᠲᠠ ᠶᠢᠨ ᠬᠢᠨ ᠠᠵᠤ ᠦᠢᠯᠡᠰ ᠤᠨ ᠬᠥᠭᠵᠢᠯᠲᠡ ᠶᠢᠨ ᠲᠥᠷᠥᠯ ᠤᠨ 333 | ᠴᠢᠬᠤᠯᠠ ᠶᠡᠭᠡ ᠲᠥᠷᠥᠯ ᠵᠦᠢᠯ ᠢ ᠲᠦᠯᠬᠢᠨ ᠠᠬᠢᠭᠤᠯᠵᠤ᠂ 571.32 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠬᠤ ᠪᠠᠷ ᠲᠥᠯᠥᠪᠯᠡᠵᠦ ᠪᠣᠶ︔ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠥᠷᠥᠯ ᠤᠨ ᠴᠢᠬᠤᠯᠠ ᠶᠡᠭᠡ | ᠲᠥᠷᠥᠯ ᠵᠦᠢᠯ 181 ᠪᠠᠶᠢᠵᠤ᠂ 144 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠣᠶ︔ | ᠰᠠᠭᠤᠷᠢ ᠪᠡᠯᠡᠳᠬᠡᠮᠵᠢ ᠶᠢᠨ ᠲᠥᠷᠥᠯ ᠤᠨ ᠴᠢᠬᠤᠯᠠ ᠶᠡᠭᠡ ᠲᠥᠷᠥᠯ ᠵᠦᠢᠯ 133 ᠪᠠᠶᠢᠵᠤ᠂ 171.69 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠣᠶ᠃ ᠡᠭᠦᠨ ᠳᠤ ᠠᠵᠤ ᠦᠢᠯᠡᠰ ᠤᠨ | ᠬᠥᠭᠵᠢᠯᠲᠡ ᠶᠢᠨ ᠲᠥᠷᠥᠯ ᠤᠨ ᠨᠢᠭᠡᠳᠦᠭᠡᠷ ᠠᠵᠤ ᠦᠢᠯᠡᠰ ᠤᠨ ᠲᠠᠯ᠎ᠠ ᠳᠤ ︽ᠬᠤᠲᠠ ᠶᠢᠨ ᠣᠳᠣ ᠦᠶ᠎ᠡ ᠶᠢᠨ | ᠲᠠᠷᠢᠶᠠᠯᠠᠩ︾ ᠢ ᠶᠡᠬᠡᠪᠡᠷ ᠬᠥᠭᠵᠢᠭᠦᠯᠵᠦ᠂ ᠳᠠᠷᠢᠬᠤ ᠪᠠ ᠲᠡᠵᠢᠭᠡᠨ ᠦᠷᠡᠵᠢᠭᠦᠯᠬᠦ ᠡᠳ᠋ᠰᠢᠭᠦᠯᠬᠦ ᠦᠢᠯᠡᠰ ᠢ | ᠲᠦᠷᠭᠡᠳᠬᠡᠨ ᠬᠥᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠪᠦᠲᠦᠴᠡ ᠶᠢᠨ ᠲᠣᠬᠢᠷᠠᠭᠤᠯᠤᠯᠲᠠ᠂ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠵᠦ᠂ ᠰᠦ ᠶᠢᠨ ᠢᠷᠡᠯᠲᠡ ᠶᠢᠨ | ᠰᠠᠭᠤᠷᠢᠨ ᠭᠠᠵᠠᠷ ᠪᠠ ᠡᠪᠡᠰᠦᠨ ᠦᠷ᠎ᠡ ᠶᠢᠨ ᠦᠢᠯᠡᠰ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠰᠠᠶᠢᠲᠤᠷ ᠬᠢᠵᠦ᠂ ᠲᠡᠵᠢᠭᠡᠯ ᠡᠪᠡᠰᠦᠨ ᠤ ᠠᠵᠤ ᠦᠢᠯᠡᠰ ᠤᠨ ᠬᠡᠯᠬᠢᠶ᠎ᠡ ᠶᠢᠨ ᠰᠢᠰᠲ᠋ᠧᠮᠵᠢ ᠶᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠦᠬᠡᠷ᠂ ᠬᠤᠨᠢ᠂ ᠭᠠᠭ᠋ᠠᠢ ᠶᠢᠨ ᠥᠷᠭᠡᠨ ᠠᠵᠤ ᠦᠢᠯᠡᠰ ᠤᠨ ᠬᠡᠯᠬᠢᠶ᠎ᠡ ᠶᠢ | ᠬᠦᠴᠦᠷᠭᠡᠭᠵᠢᠬᠦᠯᠦᠨ᠎ᠡ᠂ ᠣᠳᠣᠬᠢᠴᠢᠯᠠᠭᠰᠠᠨ ᠮᠠᠯᠵᠢᠯ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ᠡᠨᠡ ᠵᠢᠯ ᠮᠠᠨ ᠤ ᠬᠤᠲᠠ ᠨᠢᠭᠡᠳᠦᠭᠡᠷ ᠠᠵᠤ ᠦᠢᠯᠡᠰ ᠤᠨ ᠴᠢᠬᠤᠯᠠ ᠶᠡᠭᠡ ᠲᠥᠷᠥᠯ ᠵᠦᠢᠯ ᠢ | ᠨᠡᠶᠢᠲᠡ 30 ᠬᠡᠷᠡᠭᠵᠢᠭᠦᠯᠵᠦ᠂ ᠵᠢᠯ ᠳᠤ 47.9 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ | ᠲᠥᠯᠥᠪᠯᠡᠵᠦ ᠪᠣᠶ᠂ ᠡᠭᠦᠨ ᠳᠤ ᠣᠲᠣ ᠦᠶ᠎ᠡ ᠶᠢᠨ ᠲᠠᠷᠢᠶᠠᠯᠠᠩ ᠤᠨ ᠲᠥᠷᠥᠯ ᠵᠦᠢᠯ 5 ᠪᠠᠶᠢᠵᠤ᠂ 3.44 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠣᠶ︔ ᠠᠮᠢ ᠠᠬᠤᠢ ᠶᠢᠨ ᠣᠶ ᠰᠢᠭᠤᠢ ᠶᠢᠨ | ᠲᠥᠷᠥᠯ ᠵᠦᠢᠯ 1 ᠪᠠᠶᠢᠵᠤ᠂ 0.32 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠣᠶ᠄ | ᠰᠦ ᠶᠢᠨ ᠢᠷᠡᠯᠲᠡ ᠶᠢᠨ ᠰᠠᠭᠤᠷᠢᠨ ᠭᠠᠵᠠᠷ ᠤᠨ ᠲᠥᠷᠥᠯ ᠵᠦᠢᠯ 18 ᠪᠠᠶᠢᠵᠤ᠂ 36.64 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠣᠶ︔ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ | ᠲᠥᠷᠥᠯ ᠵᠦᠢᠯ 6 ᠪᠠᠶᠢᠵᠤ᠂ 7.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠣᠶ᠃ | ᠬᠤᠶᠠᠳᠤᠭᠠᠷ ᠠᠵᠤ ᠦᠢᠯᠡᠰ ᠤᠨ ᠲᠠᠯ᠎ᠠ ᠳᠤ ᠳᠠᠪᠠᠭᠤᠯᠢᠭ ᠠᠵᠤ ᠦᠢᠯᠡᠰ ᠲᠠᠢ ᠨᠢᠭᠲᠠ ᠤᠶᠠᠯᠳᠤᠭᠤᠯᠤᠨ᠂ ᠠᠵᠤ | ᠦᠢᠯᠡᠰ ᠤᠨ ᠬᠡᠯᠬᠢᠶ᠎ᠡ ᠶᠢᠨ ᠳᠣᠣᠷᠠᠳᠤ ᠤᠷᠤᠰᠬᠠᠯ ᠢ ᠤᠷᠳᠤᠳᠬᠠᠬᠤ᠂ ᠦᠷᠳᠡᠭ ᠤᠨ ᠬᠡᠯᠬᠢᠶ᠎ᠡ ᠶᠢᠨ ᠳᠤᠮᠳᠠ | ᠳᠡᠭᠡᠳᠦ ᠲᠦᠪᠰᠢᠨ ᠲᠡᠶᠢᠰᠢ ᠳᠡᠭᠡᠭᠰᠢᠯᠡᠬᠦ ᠶᠢ ᠲᠦᠷᠭᠡᠳᠬᠡᠨ ᠠᠬᠢᠭᠤᠯᠵᠤ᠂ 2022 ᠣᠨ ᠳᠤ ᠪᠦᠬᠦ | ᠬᠤᠳᠠ ᠶᠢᠨ ᠬᠢᠨ ᠬᠤᠶᠠᠳᠤᠭᠠᠷ ᠠᠵᠤ ᠦᠢᠯᠡᠰ ᠤᠨ ᠴᠢᠬᠤᠯᠠ ᠶᠡᠭᠡ ᠲᠦᠷᠦᠯ ᠵᠦᠢᠯ ᠢ 100 ᠬᠡᠷᠡᠭᠵᠢᠭᠦᠯᠬᠦ ᠪᠠᠷ | ᠲᠥᠯᠥᠪᠯᠡᠵᠦ᠂ 230.71 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠤᠢ᠃ | ᠭᠤᠷᠪᠠᠳᠤᠭᠠᠷ ᠠᠵᠤ ᠦᠢᠯᠡᠰ ᠤᠨ ᠲᠠᠯ᠎ᠠ ᠳᠤ ᠮᠠᠨ ᠤ ᠬᠤᠳᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠪᠠᠷ᠂ ᠦᠢᠯᠡᠴᠢᠯᠡᠭᠡᠨ ᠤ ᠦᠢᠯᠡᠰ ᠤᠨ ᠪᠦᠲᠦᠮᠵᠢᠲᠡᠢ | ᠬᠠᠩᠭᠠᠯᠭ᠎ᠠ ᠶᠢ ᠥᠷᠭᠡᠳᠬᠡᠵᠦ᠂ ᠬᠥᠬᠡᠬᠤᠲᠠ ᠪᠤᠭᠤᠲᠤ ᠣᠷᠳᠣᠰ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ | ᠤᠳᠤ ᠦᠶ᠎ᠡ ᠶᠢᠨ ᠬᠡᠷᠡᠭᠯᠡᠭᠡᠨ ᠤ ᠲᠥᠪ ᠢ ᠪᠠᠶᠢᠭᠤᠯᠵᠤ᠂ ︽ᠳᠤᠮᠳᠠᠳᠤ ᠤᠯᠤᠰ ᠤᠨ ᠤᠮᠠᠷᠠᠲᠤ ᠶᠢᠨ | ᠦᠢᠯᠡᠴᠢᠯᠡᠭᠡᠨ ᠤ ᠨᠡᠷᠡᠳᠦ ᠬᠤᠳᠠ︾ ᠶᠢ ᠴᠢᠷᠮᠠᠶᠢᠨ ᠴᠣᠭᠴᠠᠯᠠᠨ᠎ᠠ᠃ ᠡᠭᠦᠨ ᠤ ᠬᠠᠮᠲᠤ ᠪᠦᠬᠦ ᠬᠤᠲᠠ ᠶᠢᠨ ᠰᠣᠶᠣᠯ | ᠵᠤᠭᠠᠴᠠᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠠᠯᠢᠭᠵᠢᠭᠤᠯᠵᠤ᠂ | ᠶᠠᠰᠤ ᠴᠢᠨᠠᠷ ᠢ ᠳᠡᠭᠡᠭᠰᠢᠯᠡᠭᠦᠯᠦᠨ᠂ ᠦᠢᠯᠡᠴᠢᠯᠡᠭᠡ ᠶᠢ ᠰᠢᠯᠢᠳᠡᠭᠵᠢᠭᠦᠯᠵᠦ᠂ ᠤᠮᠠᠷᠠᠲᠤ ᠬᠡᠰᠡᠭ ᠤᠨ ᠴᠡᠯᠡᠭᠡᠷ | ᠲᠠᠯ᠎ᠠ ᠶᠢᠨ ᠲᠠᠯ᠎ᠠ ᠨᠤᠲᠤᠭ ᠤᠨ ᠦᠵᠡᠮᠵᠢ ᠶᠢᠨ ᠰᠣᠶᠣᠯ ᠵᠢᠭᠤᠯᠴᠢᠯᠠᠯ ᠤᠨ ᠪᠦᠰᠡ ᠪᠠ ᠡᠮᠦᠨᠡᠲᠦ ᠬᠡᠰᠡᠭ ᠤᠨ | ᠬᠠᠲᠤᠨ ᠭᠤᠣᠯ ᠤᠨ ᠦᠵᠡᠮᠵᠢ ᠶᠢᠨ ᠰᠣᠶᠣᠯ ᠵᠢᠭᠤᠯᠴᠢᠯᠠᠯ ᠤᠨ ᠪᠦᠰᠡ ᠶᠢ ᠥᠨᠳᠥᠷ ᠪᠠᠷᠢᠮᠵᠢᠶ᠎ᠠ ᠪᠠᠷ ᠪᠦᠲᠦᠭᠡᠨ | ᠪᠠᠶᠢᠭᠤᠯᠵᠤ᠂ ᠤᠯᠠᠭᠠᠨᠴᠠᠪ᠂ ᠪᠤᠭᠤᠲᠤ᠂ ᠣᠷᠳᠣᠰ ᠵᠡᠷᠭᠡ ᠡᠷᠬᠢᠨ ᠲᠣᠭᠤᠷᠢᠨ ᠤ ᠣᠷᠣᠨ ᠪᠦᠰᠡ ᠯᠦᠭᠡ | ᠬᠠᠮᠵᠢᠯᠴᠠᠨ ᠰᠣᠳᠣᠨ ᠵᠢᠭᠤᠯᠴᠢᠯᠠᠯ ᠤᠨ ᠵᠠᠮ ᠱᠤᠭᠤᠮ ᠢ ᠪᠣᠶ ᠪᠣᠯᠭᠠᠵᠤ᠂ ᠵᠢᠭᠤᠯᠴᠢᠯᠠᠯ ᠤᠨ ᠠᠮᠢ ᠠᠬᠤᠢ ᠪᠠ | ᠬᠥᠮᠥᠨ ᠰᠣᠶᠣᠯ ᠤᠨ ᠠᠭᠤᠯᠤᠭᠳᠠᠬᠤᠨ ᠢ ᠪᠠᠶᠠᠯᠢᠭᠵᠢᠭᠤᠯᠤᠨ᠂ ᠪᠡᠭᠡᠵᠢᠩ ᠲᠢᠶᠠᠨᠵᠢᠨ ᠾᠧᠪᠧᠢ ᠶᠢᠨ ᠰᠡᠯᠡᠭᠦᠴᠡᠨ | ᠠᠮᠠᠷᠠᠬᠤ ︽ᠠᠷᠤ ᠴᠡᠴᠡᠷᠯᠢᠭ︾ ᠢ ᠪᠠᠶᠢᠭᠤᠯᠤᠨ᠎ᠠ᠃ | ᠠᠷᠠᠳ ᠤᠨ ᠠᠮᠢᠳᠤᠷᠠᠯ ᠢ ᠪᠠᠲᠤᠯᠠᠬᠤ ᠬᠦᠷᠢᠶᠡᠨ ᠳᠤ᠂ ᠰᠤᠷᠭᠠᠨ ᠬᠥᠮᠦᠵᠢᠯ ᠤᠨ ᠡᠬᠢ ᠪᠠᠶᠠᠯᠢᠭ ᠢ ᠤᠯᠠᠮ | ᠨᠢᠭᠡ ᠠᠯᠬᠤᠮ ᠰᠢᠯᠢᠳᠡᠭᠵᠢᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢ | ᠲᠡᠭᠦᠯᠳᠡᠷᠵᠢᠭᠦᠯᠵᠦ᠂ ᠣᠯᠠᠨ ᠲᠦᠮᠡᠨ ᠤ ᠣᠷᠣᠨ ᠰᠠᠭᠤᠴᠠ ᠶᠢᠨ ᠣᠷᠴᠢᠨ ᠨᠦᠬᠦᠴᠡᠯ ᠢ ᠰᠠᠶᠢᠵᠢᠷᠠᠭᠤᠯᠵᠤ᠂ ᠣᠯᠠᠨ | ᠲᠦᠮᠡᠨ ᠤ ᠣᠶᠤᠨ ᠤ ᠰᠣᠶᠣᠯ ᠤᠨ ᠬᠡᠷᠡᠭᠴᠡᠭᠡ ᠶᠢ ᠪᠠᠶᠠᠯᠢᠭᠵᠢᠭᠤᠯᠵᠤ᠂ ᠠᠷᠠᠳ ᠤᠯᠠᠨ ᠤ ᠬᠦᠷᠲᠡᠮᠵᠢ ᠶᠢᠨ | ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠵᠦ᠂ ︽ᠲᠠᠪᠤᠨ | ᠲᠣᠬᠢᠷᠠᠮᠵᠢᠲᠠᠢ︾ ᠬᠤᠳᠠ ᠶᠢ ᠪᠠᠶᠢᠭᠤᠯᠬᠤ ᠶᠢᠨ ᠲᠦᠯᠦᠭᠡ᠂ ᠡᠨᠡ ᠵᠢᠯ ᠤᠨ ᠮᠠᠨ ᠤ ᠬᠤᠳᠠ ᠶᠢᠨ ᠭᠤᠣᠯᠳᠠᠯᠭ᠎ᠠ ᠲᠠᠢ | ᠠᠬᠢᠭᠤᠯᠬᠤ ᠲᠦᠷᠦᠯ ᠵᠦᠢᠯ ᠳᠤ ᠭᠤᠣᠯᠳᠠᠭᠤ᠄ ᠬᠤᠳᠠ ᠶᠢᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠬᠦᠷᠢᠶᠡᠯᠡᠩ ᠲᠣᠭᠤᠷᠢᠭ᠂ ᠬᠤᠳᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠴᠡᠯᠡᠭᠡᠷ ᠲᠠᠯ᠎ᠠ | ᠬᠤᠪᠢᠶᠠᠷᠢ ᠰᠤᠷᠭᠠᠭᠤᠯᠢ᠂ ᠬᠤᠳᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠥᠷᠭᠡᠳᠬᠡᠨ ᠪᠠᠶᠢᠭᠤᠯᠬᠤ | ᠢᠨᠵᠧᠨᠧᠷᠢᠩ ᠵᠡᠷᠭᠡ ᠰᠤᠷᠭᠠᠨ ᠬᠥᠮᠦᠵᠢᠯ ᠤᠨ ᠬᠦᠷᠢᠶᠡᠨ ᠤ 68 ᠲᠦᠷᠦᠯ ᠵᠦᠢᠯ ᠪᠠᠭᠲᠠᠨ᠎ᠠ︔ ᠬᠤᠳᠠ ᠶᠢᠨ | ᠤᠶᠤᠨ ᠮᠡᠳᠡᠷᠡᠯ ᠤᠨ ᠡᠷᠡᠭᠦᠯ ᠬᠠᠮᠠᠭᠠᠯᠠᠯ ᠤᠨ ᠲᠥᠪ᠂ ᠬᠤᠳᠠ ᠶᠢᠨ ᠠᠵᠢᠯ ᠤᠨ ᠨᠥᠯᠥᠭᠡᠨ ᠤ ᠡᠪᠡᠳᠴᠢᠨ ᠢ | ᠰᠡᠷᠭᠡᠶᠢᠯᠡᠨ ᠵᠠᠰᠠᠬᠤ ᠡᠮᠨᠡᠯᠭᠡ ᠶᠢᠨ ᠬᠤᠷᠢᠶ᠎ᠠ᠂ ᠬᠤᠳᠠ ᠶᠢᠨ ᠬᠤᠶᠠᠳᠤᠭᠠᠷ ᠡᠮᠨᠡᠯᠭᠡ ᠶᠢᠨ ᠬᠤᠷᠢᠶ᠎ᠠ ᠶᠢ ᠨᠡᠭᠦᠯᠭᠡᠨ | ᠪᠠᠶᠢᠭᠤᠯᠬᠤ᠂ ᠴᠡᠯᠡᠭᠡᠷ ᠲᠠᠯ᠎ᠠ ᠡᠮᠨᠡᠯᠭᠡ ᠶᠢᠨ ᠬᠤᠷᠢᠶ᠎ᠠ ᠵᠡᠷᠭᠡ ᠡᠮ ᠡᠮᠨᠡᠯᠭᠡ ᠡᠷᠡᠭᠦᠯ ᠬᠠᠮᠠᠭᠠᠯᠠᠯ ᠤᠨ 22 ᠲᠦᠷᠦᠯ | ᠵᠦᠢᠯ ᠢ ᠲᠦᠷᠭᠡᠪᠴᠢᠯᠡᠨ ᠪᠠᠶᠢᠭᠤᠯᠤᠨ᠎ᠠ︔ ᠵᠢᠱᠢᠶ᠎ᠡ ᠦᠵᠡᠭᠦᠯᠬᠦ ᠴᠢᠨᠠᠷᠲᠠᠢ ᠨᠠᠰᠤᠲᠠᠶᠢᠴᠤᠳ ᠤᠨ ᠨᠡᠶᠢᠲᠡ ᠶᠢᠨ | ᠪᠠᠶᠢᠷᠢ᠂ ᠲᠠᠢ ᠺᠠᠩ ᠡᠷᠡᠭᠦᠯᠵᠢᠯ ᠨᠠᠰᠤᠵᠢᠯ ᠤᠨ ᠠᠰᠠᠷᠠᠮᠵᠢ ᠶᠢᠨ ᠲᠥᠪ᠂ ᠾᠦᠢ ᠳ᠋ᠧ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠲᠥᠪ ᠵᠡᠷᠭᠡ 27 ᠡᠷᠡᠭᠦᠯ ᠮᠡᠨᠳᠦ ᠨᠠᠰᠤᠵᠢᠯ ᠤᠨ ᠠᠰᠠᠷᠠᠮᠵᠢ ᠶᠢᠨ ᠲᠦᠷᠦᠯ | ᠵᠦᠢᠯ ᠢ ᠭᠤᠣᠯᠳᠠᠯᠭ᠎ᠠ ᠲᠠᠢ ᠲᠦᠯᠬᠢᠨ ᠠᠬᠢᠭᠤᠯᠤᠨ᠎ᠠ︔ ᠬᠠᠭᠤᠴᠢᠨ ᠬᠤᠷᠢᠶᠠᠯᠠᠯ ᠢ ᠥᠭᠡᠷᠡᠴᠢᠯᠡᠨ ᠪᠠᠶᠢᠭᠤᠯᠬᠤ 31 | ᠲᠥᠷᠥᠯ ᠵᠦᠢᠯ ᠢ ᠬᠡᠷᠡᠭᠵᠢᠭᠦᠯᠵᠦ᠂ ᠪᠥᠬᠦ ᠵᠢᠯ ᠳᠤ 392 ᠬᠠᠭᠤᠴᠢᠨ ᠬᠤᠷᠢᠶᠠᠯᠠᠯ ᠢ ᠥᠭᠡᠷᠡᠴᠢᠯᠡᠨ ᠪᠠᠶᠢᠭᠤᠯᠵᠤ | ᠳᠠᠭᠤᠰᠬᠠᠨ᠎ᠠ᠃ | ᠰᠠᠭᠤᠷᠢ ᠪᠡᠯᠡᠳᠬᠡᠮᠵᠢ ᠶᠢᠨ ᠲᠦᠷᠦᠯ ᠤᠨ ᠴᠢᠬᠤᠯᠠ ᠶᠡᠭᠡ ᠲᠦᠷᠦᠯ ᠵᠦᠢᠯ ᠳᠤ ᠵᠠᠮ ᠬᠠᠷᠢᠯᠴᠠᠭᠠᠨ ᠤ | ᠪᠡᠯᠡᠳᠬᠡᠮᠵᠢ ᠶᠢᠨ 15 ᠲᠦᠷᠦᠯ ᠵᠦᠢᠯ ᠢ ᠦᠷᠭᠦᠯᠵᠢᠯᠡᠨ ᠠᠬᠢᠭᠤᠯᠵᠤ᠂ 2022 ᠣᠨ ᠳᠤ 46.37 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠬᠤ ᠪᠠᠷ ᠲᠦᠯᠦᠪᠯᠡᠵᠦ ᠪᠣᠢ︔ ᠬᠤᠲᠠ ᠶᠢᠨ ᠶᠠᠪᠤᠳᠠᠯ ᠤᠨ ᠢᠨᠵᠧᠨᠧᠷᠢᠩ ᠤᠨ | ᠲᠥᠷᠥᠯ ᠵᠦᠢᠯ 102 ᠪᠠᠶᠢᠵᠤ᠂ 2022 ᠣᠨ ᠳᠤ 111.53 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠬᠤ ᠪᠠᠷ ᠲᠥᠯᠥᠪᠯᠡᠵᠦ ᠪᠣᠶ︔ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠷᠥᠯ ᠵᠦᠢᠯ | 16 ᠪᠠᠶᠢᠵᠤ᠂ 2022 ᠣᠨ ᠳᠤ 13.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ | ᠪᠣᠶ᠃ | ᠬᠥᠲᠥᠯᠥᠭᠴᠢ᠄ | ᠰᠠᠭᠤᠷᠢ ᠪᠡᠯᠡᠳᠬᠡᠮᠵᠢ ᠶᠢᠨ ᠲᠦᠷᠦᠯ ᠤᠨ ᠲᠦᠷᠦᠯ ᠵᠦᠢᠯ ᠢ ᠳᠤᠷᠠᠳᠬᠤ ᠳᠤ᠂ 4 ᠳ᠋ᠤᠭᠡᠷ ᠰᠠᠷ᠎ᠠ ᠶᠢᠨ | 26 ᠤ ᠡᠳᠦᠷ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠠᠷᠪᠠᠨ ᠨᠢᠭᠡᠳᠦᠭᠡᠷ ᠤᠳᠠᠭ᠎ᠠ ᠶᠢᠨ | ᠬᠤᠷᠠᠯ ᠬᠤᠷᠠᠯᠳᠤᠭᠤᠯᠵᠤ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ | ᠴᠢᠩᠭᠠᠳᠬᠠᠬᠤ ᠠᠰᠠᠭᠤᠳᠠᠯ ᠢ ᠰᠤᠳᠤᠯᠪᠠ᠂ ᠡᠭᠦᠨ ᠤ ᠲᠤᠬᠠᠢ ᠮᠠᠨ ᠤ ᠬᠤᠳᠠ ᠶᠠᠮᠠᠷᠰᠢᠤ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠰᠠᠨᠠᠯ ᠪᠠᠶᠢᠨ᠎ᠠ︖ | ᠪᠡᠯᠡ ᠣᠷᠣᠭᠤᠯᠤᠯᠲᠠ ᠶᠢᠨ ᠰᠠᠯᠠᠭᠠᠨ ᠤ ᠳᠠᠷᠤᠭ᠎ᠠ ᠰᠧ ᠷᠦᠢ ᠪᠢᠨ᠄ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠲᠦᠷᠦᠭᠦᠯᠡᠬᠦ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠲᠥᠪ ᠤᠨ ᠡᠳ᠋ ᠤᠨ ᠵᠠᠰᠠᠭ | ᠠᠵᠤ ᠠᠬᠤᠢ ᠶᠢᠨ ᠵᠥᠪᠯᠡᠯ ᠤᠨ ᠠᠷᠪᠠᠨ ᠨᠢᠭᠡᠳᠦᠭᠡᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠵᠤ᠂ ᠤᠯᠤᠰ ᠠᠴᠠ ᠰᠠᠭᠤᠷᠢ ᠪᠡᠯᠡᠳᠬᠡᠮᠵᠢ ᠶᠢᠨ ︽ᠴᠣᠩᠬᠤᠨ ᠤ ᠬᠤᠭᠤᠴᠠᠭ᠎ᠠ︾ ᠶᠢ | ᠵᠣᠬᠢᠰᠲᠠᠢ ᠪᠠᠷ ᠤᠷᠢᠳᠴᠢᠯᠠᠨ ᠪᠠᠶᠢᠷᠢᠯᠠᠭᠤᠯᠬᠤ ᠶᠢ ᠵᠠᠪᠳᠤᠨ ᠠᠳᠬᠤᠵᠤ᠂ ᠳᠤᠲᠠᠭᠤᠳᠠᠯ ᠢᠶᠠᠨ ᠨᠥᠬᠦᠪᠦᠷᠢᠯᠡᠬᠦ᠂ | ᠪᠠᠭᠤᠷᠠᠢ ᠲᠠᠯ᠎ᠠ ᠪᠠᠨ ᠰᠠᠶᠢᠵᠢᠷᠠᠭᠤᠯᠬᠤ ᠳᠤ ᠰᠠᠭᠤᠷᠢᠯᠠᠨ᠂ ᠵᠠᠮ ᠬᠠᠷᠢᠯᠴᠠᠭ᠎ᠠ᠂ ᠡᠨᠧᠷᠭᠢ ᠂ ᠤᠰᠤᠨ ᠠᠰᠢᠭᠯᠠᠯᠲᠠ | ᠵᠡᠷᠭᠡ ᠲᠣᠣᠷ ᠬᠡᠯᠪᠡᠷᠢ ᠶᠢᠨ ᠰᠠᠭᠤᠷᠢ ᠪᠡᠯᠡᠳᠬᠡᠮᠵᠢ᠂ ᠮᠡᠳᠡᠭᠡ ᠵᠠᠩᠭᠢ᠂ ᠰᠢᠨᠵᠢᠯᠡᠬᠦ ᠤᠬᠠᠭᠠᠨ ᠮᠡᠷᠭᠡᠵᠢᠯ᠂ ᠡᠳ᠋ | ᠪᠠᠷᠠᠭᠠᠨ ᠤ ᠭᠦᠢᠯᠭᠡᠭᠡ ᠵᠡᠷᠭᠡ ᠠᠵᠤ ᠦᠢᠯᠡᠰ ᠤᠨ ᠲᠡᠰ ᠳᠡᠪᠰᠢᠬᠦ ᠰᠠᠭᠤᠷᠢ ᠪᠡᠯᠡᠳᠬᠡᠮᠵᠢ᠂ ᠬᠤᠳᠠ ᠶᠢᠨ ᠰᠠᠭᠤᠷᠢ | ᠪᠡᠯᠡᠳᠬᠡᠮᠵᠢ᠂ ᠲᠠᠷᠢᠶᠠᠯᠠᠩ ᠬᠥᠳᠡᠭᠡ ᠲᠣᠰᠬᠤᠨ ᠤ ᠰᠠᠭᠤᠷᠢ ᠪᠡᠯᠡᠳᠬᠡᠮᠵᠢ᠂ ᠤᠯᠤᠰ ᠤᠨ ᠠᠮᠤᠷ ᠲᠦᠪᠰᠢᠨ ᠤ | ᠰᠠᠭᠤᠷᠢ ᠪᠡᠯᠡᠳᠬᠡᠮᠵᠢ ᠵᠡᠷᠭᠡ ᠲᠠᠪᠤᠨ ᠶᠡᠭᠡ ᠬᠦᠷᠢᠶ᠎ᠡ ᠶᠢ ᠴᠢᠩᠭᠠᠳᠬᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ | ᠲᠦᠷᠦᠯ ᠵᠦᠢᠯ ᠢ ᠲᠥᠯᠥᠪᠯᠡᠵᠦ ᠨᠥᠭᠡᠴᠡᠯᠡᠬᠦ ᠠᠵᠢᠯ ᠢ ᠢᠳᠡᠪᠬᠢᠲᠡᠢ ᠥᠷᠨᠢᠭᠦᠯᠦᠨ᠎ᠡ᠃ ᠣᠳᠣᠬᠠᠨ ᠳᠤ ᠪᠢᠳᠡ | ᠡᠮᠬᠢᠯᠡᠨ ᠰᠢᠯᠢᠵᠦ ᠰᠣᠩᠭᠤᠬᠤ ᠪᠠᠷ ᠳᠠᠮᠵᠢᠭᠤᠯᠤᠨ ︽ᠵᠣᠬᠢᠰᠲᠠᠢ ᠪᠠᠷ ᠤᠷᠢᠳᠴᠢᠯᠠᠨ ᠪᠠᠶᠢᠷᠢᠯᠠᠭᠤᠯᠬᠤ ᠰᠠᠭᠤᠷᠢ | ᠪᠡᠯᠡᠳᠬᠡᠮᠵᠢ ᠶᠢᠨ ᠴᠢᠬᠤᠯᠠ ᠶᠡᠭᠡ ᠲᠦᠷᠦᠯ ᠵᠦᠢᠯ ᠤᠨ ᠬᠥᠮᠥᠷᠭᠡ︾ ᠶᠢ ᠠᠩᠬ᠎ᠠ ᠠᠯᠬᠤᠮ ᠪᠤᠶ ᠪᠣᠯᠭᠠᠵᠤ᠂ ᠣᠳᠣ | ᠶᠠᠭ ᠬᠠᠷᠭᠤᠭᠤᠯᠤᠨ ᠨᠤᠲᠠᠯᠠᠵᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠳᠤ | ᠮᠡᠳᠡᠭᠦᠯᠦᠨ ᠬᠢᠨᠠᠨ ᠶᠠᠷᠢᠯᠴᠠᠭᠤᠯᠬᠤ ᠪᠠᠷ ᠪᠠᠶᠢᠨ᠎ᠠ᠃ ᠮᠠᠨ ᠤ ᠬᠤᠲᠠ ᠰᠠᠭᠤᠷᠢ ᠪᠡᠯᠡᠳᠬᠡᠮᠵᠢ ᠶᠢᠨ ᠴᠢᠬᠤᠯᠠ ᠶᠡᠭᠡ | ᠲᠥᠷᠥᠯ ᠵᠦᠢᠯ ᠢ ᠨᠡᠶᠢᠲᠡ 200 ᠭᠠᠷᠤᠢ ᠶᠢ ᠲᠦᠯᠦᠪᠯᠡᠵᠦ ᠨᠥᠭᠡᠴᠡᠯᠡᠨ ᠪᠠᠶᠢᠷᠢᠰᠢᠭᠤᠯᠤᠨ᠎ᠠ᠂ ᠪᠡᠯᠡ | ᠣᠷᠣᠭᠤᠯᠤᠯᠲᠠ ᠶᠢᠨ ᠬᠡᠪᠴᠢᠶ᠎ᠡ 5000 ᠳ᠋ᠦᠩᠰᠢᠭᠤᠷ ᠲᠥᠭᠦᠷᠢᠭ ᠲᠤ ᠬᠦᠷᠴᠦ᠂ ᠶᠡᠷᠦᠩᠬᠡᠶᠢᠯᠡᠭᠰᠡᠨ ᠵᠠᠮ | ᠬᠠᠷᠢᠯᠴᠠᠭᠠᠨ ᠤ ᠰᠦᠯᠵᠢᠶ᠎ᠡ᠂ ᠡᠨᠧᠷᠭᠢ ᠶᠢᠨ ᠰᠦᠯᠵᠢᠶ᠎ᠡ᠂ ᠤᠰᠤᠨ ᠠᠰᠢᠭᠯᠠᠯᠲᠠ᠂ ᠮᠡᠳᠡᠭᠡ ᠵᠠᠩᠭᠢ ᠶᠢᠨ ᠰᠢᠨᠵᠢᠯᠡᠬᠦ | ᠤᠬᠠᠭᠠᠨ ᠮᠡᠷᠭᠡᠵᠢᠯ᠂ ᠪᠠᠷᠠᠭᠠᠨ ᠤ ᠭᠦᠢᠯᠭᠡᠭᠡ᠂ ᠬᠤᠲᠠ ᠪᠠᠯᠭᠠᠰᠤ ᠶᠢᠨ ᠰᠠᠭᠤᠷᠢ ᠪᠡᠯᠡᠳᠬᠡᠮᠵᠢ᠂ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ᠂ ᠠᠮᠢ ᠠᠬᠤᠢ ᠶᠢᠨ ᠬᠠᠮᠠᠭᠠᠯᠠᠯᠲᠠ᠂ ᠲᠠᠷᠢᠶᠠᠯᠠᠩ ᠬᠥᠳᠡᠭᠡ ᠲᠣᠰᠬᠤᠨ ᠵᠡᠷᠭᠡ | ᠶᠢᠰᠦᠨ ᠬᠦᠷᠢᠶᠡᠨ ᠳᠤ ᠬᠤᠯᠪᠣᠭᠳᠠᠵᠤ᠂ ᠣᠷᠣᠨ ᠤ ᠲᠥᠪ ᠤᠨ ᠰᠠᠭᠤᠷᠢ ᠪᠡᠯᠡᠳᠬᠡᠮᠵᠢ ᠶᠢᠨ ᠪᠠᠶᠢᠷᠢᠰᠢᠭᠤᠯᠤᠯᠲᠠ᠂ | ᠪᠦᠲᠦᠴᠡ᠂ ᠴᠢᠳᠠᠮᠵᠢ ᠪᠠ ᠬᠥᠭᠵᠢᠯᠲᠡ ᠶᠢᠨ ᠵᠠᠭᠪᠤᠷ ᠢ ᠰᠢᠯᠢᠳᠡᠭᠵᠢᠬᠦᠯᠵᠦ᠂ ᠣᠳᠣᠬᠢᠴᠢᠯᠠᠭᠰᠠᠨ ᠰᠠᠭᠤᠷᠢ | ᠪᠡᠯᠡᠳᠬᠡᠮᠵᠢ ᠶᠢᠨ ᠰᠢᠰᠲ᠋ᠧᠮᠵᠢ ᠶᠢ ᠪᠠᠶᠢᠭᠤᠯᠤᠨ᠂ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠲᠠ ᠶᠢ | ᠪᠦᠲᠦᠭᠡᠨ ᠪᠠᠶᠢᠭᠤᠯᠬᠤ ᠳᠤ ᠴᠢᠬᠤᠯᠠ ᠲᠤᠯᠭᠠᠭᠤᠷᠢᠯᠠᠯ ᠬᠠᠩᠭᠠᠨ᠎ᠠ᠃ | ᠬᠥᠲᠥᠯᠥᠭᠴᠢ᠄ | ᠪᠢᠳᠡ ᠨᠢᠭᠡᠨᠲᠡ ᠮᠠᠨ ᠤ ᠬᠤᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠤᠭ᠎ᠠ | ᠲᠥᠰᠥᠪ ᠢ ᠣᠯᠵᠤ ᠬᠠᠷᠠᠯ᠎ᠠ᠂ ᠲᠡᠭᠡᠪᠡᠯ ᠡᠳᠡᠭᠡᠷ ᠲᠥᠷᠥᠯ ᠵᠦᠢᠯ ᠢ ᠦᠨᠡᠨᠬᠦ ᠨᠠᠶᠢᠳᠠᠪᠤᠷᠢᠵᠢᠭᠤᠯᠬᠤ ᠶᠢ | ᠪᠠᠲᠤᠯᠠᠬᠤ ᠶᠢᠨ ᠲᠥᠯᠥᠭᠡ ᠪᠠᠰᠠ ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠠᠪᠬᠤ ᠪᠣᠢ︖ | ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠱᠢ ᠸᠧᠨ | ᠴᠠᠩ᠄ | | | | | | 2022 ᠣᠨ ᠳᠤ᠂ ᠪᠢᠳᠡ ᠬᠤᠳᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠬᠤᠳᠠ ᠶᠢᠨ ᠨᠠᠮ ᠤᠨ ᠬᠤᠷᠢᠶ᠎ᠠ᠂ ᠬᠤᠲᠠ ᠶᠢᠨ | ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ︽ᠲᠦᠷᠦᠯ ᠵᠦᠢᠯ ᠢ ᠶᠡᠬᠡᠪᠡᠷ | ᠠᠳᠬᠤᠵᠤ᠂ ᠲᠣᠮᠣ ᠲᠦᠷᠦᠯ ᠵᠦᠢᠯ ᠢ ᠠᠳᠬᠤᠬᠤ︾᠂ ︽ᠳᠥᠷᠪᠡ ᠶᠢ ᠴᠢᠩᠭ᠎ᠠ ᠠᠩᠬᠠᠷᠬᠤ︾ ᠲᠣᠭᠤᠷᠢᠨ ᠳᠤ | ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ | ᠨᠢᠭᠡ ᠳᠤ᠂ ᠬᠠᠷᠠᠯᠲᠠ ᠶᠢ ᠴᠢᠩᠭ᠎ᠠ ᠠᠩᠬᠠᠷᠴᠤ ᠠᠬᠢᠴᠠ ᠶᠢ ᠠᠳᠬᠤᠨ᠎ᠠ᠃ ᠣᠨ ᠤ ᠲᠥᠯᠥᠪᠯᠡᠭᠡ ᠶᠢᠨ | ᠬᠠᠷᠠᠯᠲᠠ ᠶᠢᠨ ᠲᠣᠭᠤᠷᠢᠨ ᠳᠤ᠂ ᠤᠳᠤᠷᠢᠳᠤᠯᠭ᠎ᠠ ᠶᠢᠨ ᠳᠠᠭᠠᠭᠠᠴᠢᠯᠠᠨ ᠬᠠᠷᠢᠯᠴᠠᠬᠤ ᠶᠢ ᠭᠦᠨᠵᠡᠭᠡᠶᠢᠷᠡᠭᠦᠯᠵᠦ᠂ ︽ | ᠰᠦᠯᠵᠢᠶᠡᠨ ᠳᠡᠭᠡᠷ᠎ᠡ ᠲᠣᠬᠢᠷᠠᠭᠤᠯᠬᠤ + ᠰᠦᠯᠵᠢᠶᠡᠨ ᠭᠠᠳᠠᠨ᠎ᠠ ᠬᠢᠨᠠᠨ ᠵᠢᠯᠤᠭᠤᠳᠬᠤ + ᠬᠠᠮᠲᠤᠷᠠᠭᠰᠠᠨ | ᠬᠤᠷᠠᠯ ᠢᠶᠠᠷ ᠰᠤᠳᠤᠯᠬᠤ︾ ᠠᠵᠢᠯ ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠤᠨ᠂ ᠭᠤᠣᠯ ᠴᠣᠭᠴᠠ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠤᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ | ᠲᠣᠬᠢᠷᠠᠭᠤᠯᠤᠯᠲᠠ ᠶᠢᠨ ᠲᠠᠪᠴᠠᠩ ᠢ ᠠᠰᠢᠭᠯᠠᠨ᠂ ᠪᠥᠬᠦ ᠬᠤᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ | ᠭᠠᠷᠳᠠᠮ ᠢ ᠭᠦᠢᠴᠡᠳᠬᠡᠬᠦ᠂ ᠠᠵᠢᠯ ᠢᠶᠠᠨ ᠡᠬᠢᠯᠡᠭᠦᠯᠬᠦ᠂ ᠪᠦᠲᠦᠭᠡᠨ ᠪᠠᠶᠢᠭᠤᠯᠤᠯᠲᠠ ᠶᠢᠨ ᠠᠬᠢᠴᠠ᠂ ᠪᠡᠯᠡ | ᠣᠷᠣᠭᠤᠯᠤᠯᠲᠠ ᠶᠢ ᠪᠡᠶᠡᠯᠡᠭᠦᠯᠦᠭᠰᠡᠨ ᠵᠡᠷᠭᠡ ᠪᠠᠶᠢᠳᠠᠯ ᠢ ᠡᠳᠦᠷ ᠪᠦᠷᠢ ᠲᠣᠬᠢᠷᠠᠭᠤᠯᠵᠤ᠂ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠳᠤᠮᠳᠠᠬᠢ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠨ᠎ᠡ᠃ | ᠠᠵᠢᠯ ᠤᠨ ᠡᠬᠡ ᠲᠠᠩᠰᠠ ᠶᠢ ᠲᠥᠷᠥᠯ ᠬᠤᠪᠢᠶᠠᠨ ᠪᠠᠶᠢᠭᠤᠯᠵᠤ᠂ ︽ᠠᠰᠠᠭᠤᠳᠠᠯ ᠤᠨ ᠨᠠᠷᠢᠨ ᠬᠠᠭᠤᠳᠠᠰᠤ᠂ | ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ ᠠᠷᠭ᠎ᠠ ᠬᠡᠮᠵᠢᠶ᠎ᠡ ᠶᠢᠨ ᠨᠠᠷᠢᠨ ᠬᠠᠭᠤᠳᠠᠰᠤ︾ ᠶᠢᠨ ᠭᠤᠷᠪᠠᠨ | ᠬᠠᠭᠤᠳᠠᠰᠤ ᠶᠢᠨ ᠬᠠᠮᠢᠶᠠᠷᠤᠯᠲᠠ ᠶᠢ ᠬᠡᠷᠡᠭᠵᠢᠭᠦᠯᠦᠨ᠂ ᠲᠥᠷᠥᠯ ᠵᠦᠢᠯ ᠤᠨ ᠡᠷᠲᠡ ᠠᠵᠢᠯ ᠡᠬᠢᠯᠡᠭᠦᠯᠵᠦ᠂ ᠲᠦᠷᠭᠡᠨ | ᠦᠷ᠎ᠡ ᠪᠦᠲᠦᠮᠵᠢ ᠣᠯᠬᠤ ᠶᠢ ᠪᠠᠲᠤᠯᠠᠨ᠎ᠠ᠃ | ᠬᠤᠶᠠᠷ ᠲᠤ ᠪᠡᠯᠡ ᠣᠷᠣᠭᠤᠯᠤᠯᠲᠠ ᠶᠢ ᠴᠢᠩᠭ᠎ᠠ ᠠᠩᠬᠠᠷᠴᠤ ᠪᠠᠲᠤᠯᠠᠭ᠎ᠠ ᠶᠢ ᠠᠳᠬᠤᠨ᠎ᠠ᠃ ᠬᠠᠮᠵᠢᠯᠴᠠᠬᠤ | ᠦᠵᠡᠯ ᠤᠬᠠᠮᠰᠠᠷ᠂ ᠦᠢᠯᠡᠴᠢᠯᠡᠬᠦ ᠦᠵᠡᠯ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠲᠥᠷᠥᠯ | ᠵᠦᠢᠯ ᠤᠨ ᠨᠢᠭᠡᠴᠡ ᠯᠦᠭᠡ ᠲᠣᠭᠲᠠᠮᠠᠯ ᠬᠤᠭᠤᠴᠠᠭ᠎ᠠ ᠲᠠᠢ ᠪᠠᠷ ᠬᠠᠷᠢᠯᠴᠠᠬᠤ ᠲᠣᠭᠲᠠᠴᠠ ᠶᠢ ᠪᠠᠶᠢᠭᠤᠯᠤᠨ᠂ ᠲᠥᠷᠥᠯ | ᠵᠦᠢᠯ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠪᠠᠶᠢᠳᠠᠯ ᠢ ᠣᠶᠢᠯᠠᠭᠠᠵᠤ᠂ ᠬᠢᠵᠢᠭ ᠢ ᠰᠡᠷᠭᠡᠶᠢᠯᠡᠬᠦ᠂ ᠠᠵᠢᠯᠴᠢᠨ | ᠬᠡᠷᠡᠭᠯᠡᠬᠦ᠂ ᠮᠠᠲ᠋ᠧᠷᠢᠶᠠᠯ ᠬᠡᠷᠡᠭᠯᠡᠬᠦ ᠵᠡᠷᠭᠡ ᠬᠡᠷᠡᠭᠴᠡᠭᠡ ᠱᠠᠭᠠᠷᠳᠠᠯᠭ᠎ᠠ ᠶᠢ ᠵᠣᠬᠢᠴᠠᠭᠤᠯᠤᠨ ᠰᠢᠢᠳᠪᠦᠷᠢᠯᠡᠵᠦ᠂ ᠲᠥᠷᠥᠯ | ᠵᠦᠢᠯ ᠤᠨ ᠡᠬᠢᠯᠡᠭᠦᠯᠬᠦ ᠶᠣᠰᠤᠳᠠᠢ ᠶᠢ ᠨᠢ ᠪᠦᠬᠦᠨ ᠢ ᠡᠬᠢᠯᠡᠭᠦᠯᠬᠦ ᠶᠢ ᠠᠬᠢᠭᠤᠯᠤᠨ᠂ ᠠᠬᠢᠴᠠ ᠶᠢ ᠲᠦᠷᠭᠡᠳᠬᠡᠨ᠎ᠡ᠃ | ᠤᠯᠤᠰ ᠤᠨ ᠪᠡᠯᠡ ᠣᠷᠣᠭᠤᠯᠤᠯᠲᠠ ᠶᠢᠨ ᠤᠳᠤᠷᠢᠳᠤᠮᠵᠢ ᠳᠤ ᠠᠩᠬᠠᠷᠤᠯ ᠢᠶᠠᠨ ᠲᠦᠪᠯᠡᠷᠡᠭᠦᠯᠦᠨ ᠤᠯᠠᠨ ᠠᠷᠭ᠎ᠠ | ᠵᠠᠮ ᠢᠶᠠᠷ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠴᠤᠭᠯᠠᠭᠤᠯᠵᠤ᠂ ᠨᠡᠩ ᠤᠯᠠᠨ ᠲᠦᠷᠦᠯ ᠵᠦᠢᠯ ᠢ | ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ᠂ ᠵᠠᠰᠠᠭ ᠤᠨ ᠣᠷᠳᠣᠨ ᠤ ᠲᠤᠰᠬᠠᠢ ᠵᠦᠢᠯ ᠤᠨ | ᠵᠢᠭᠡᠯᠡᠯᠭᠡ ᠶᠢᠨ ᠲᠡᠮᠳᠡᠭᠲᠦ ᠵᠡᠷᠭᠡ ᠳᠡᠮᠵᠢᠬᠦ ᠬᠡᠪᠴᠢᠶᠡᠨ ᠳᠤ ᠣᠷᠣᠭᠤᠯᠤᠨ᠎ᠠ᠃ ᠣᠷᠣᠯᠭ᠎ᠠ ᠪᠠᠨ ᠨᠡᠮᠡᠭᠳᠡᠭᠦᠯᠦᠨ | ᠵᠠᠷᠤᠯᠭ᠎ᠠ ᠪᠠᠨ ᠠᠷᠪᠢᠯᠠᠬᠤ ᠶᠢ ᠪᠠᠷᠢᠮᠳᠠᠯᠠᠨ ᠤᠯᠠᠨ ᠠᠷᠭ᠎ᠠ ᠬᠡᠮᠵᠢᠶ᠎ᠡ ᠪᠠᠷ ᠭᠠᠵᠠᠷ ᠬᠡᠷᠡᠭᠯᠡᠬᠦ ᠬᠡᠷᠡᠭᠴᠡᠭᠡ ᠶᠢ | ᠰᠢᠢᠳᠪᠦᠷᠢᠯᠡᠵᠦ᠂ ᠭᠠᠵᠠᠷ ᠬᠡᠷᠡᠭᠯᠡᠬᠦ ᠬᠦᠢᠴᠡᠳᠭᠡᠯ ᠲᠤᠭ᠎ᠠ ᠶᠢ ᠢᠳᠡᠪᠬᠢᠲᠡᠢ ᠭᠤᠶᠤᠴᠢᠯᠠᠨ ᠮᠡᠳᠡᠭᠦᠯᠵᠦ᠂ ᠨᠡᠩ | ᠤᠯᠠᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠠᠵᠠᠷ ᠰᠢᠷᠣᠢ ᠶᠢ ᠣᠯᠬᠤ ᠪᠠᠷ ᠴᠢᠷᠮᠠᠶᠢᠨ᠎ᠠ᠃ | ᠭᠤᠷᠪᠠ ᠳᠤ᠂ ᠲᠦᠷᠦ ᠶᠢᠨ ᠪᠣᠳᠣᠯᠭ᠎ᠠ ᠶᠢ ᠴᠢᠩᠭ᠎ᠠ ᠠᠩᠬᠠᠷᠴᠤ ᠠᠷᠭ᠎ᠠ ᠰᠦᠪᠡᠭᠴᠢᠯᠡᠬᠦ ᠶᠢ ᠠᠳᠬᠤᠨ᠎ᠠ᠃ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ | ᠲᠥᠯᠦᠪᠵᠢᠭᠦᠯᠭᠡ ᠵᠡᠷᠭᠡ ᠴᠢᠬᠤᠯᠠ ᠶᠡᠭᠡ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠲᠠᠢ ᠨᠢᠭᠲᠠ | ᠤᠶᠠᠯᠳᠤᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ ᠦᠢᠯᠡᠰ ᠤᠨ ᠬᠥᠭᠵᠢᠯᠲᠡ᠂ | ᠰᠠᠭᠤᠷᠢ ᠪᠡᠯᠡᠳᠬᠡᠮᠵᠢ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠠᠷᠠᠳ ᠤᠨ ᠠᠮᠢᠳᠤᠷᠠᠯ ᠤᠨ | ᠪᠠᠲᠤᠯᠠᠭ᠎ᠠ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠪᠦᠯᠦᠭ | ᠳᠤᠲᠠᠭᠤᠳᠠᠯ ᠢ ᠨᠥᠬᠦᠪᠦᠷᠢᠯᠡᠬᠦ᠂ ᠬᠡᠯᠬᠢᠶ᠎ᠡ ᠶᠢ ᠴᠢᠩᠭᠠᠳᠬᠠᠬᠤ᠂ ᠰᠠᠭᠤᠷᠢ ᠲᠠᠯᠪᠢᠬᠤ᠂ ᠠᠷᠠᠳ ᠤᠨ ᠠᠮᠢᠳᠤᠷᠠᠯ ᠳᠤ | ᠠᠰᠢᠭ ᠬᠦᠷᠲᠡᠭᠡᠬᠦ ᠲᠣᠮᠣ ᠲᠦᠷᠦᠯ ᠵᠦᠢᠯ᠂ ᠰᠠᠶᠢᠨ ᠲᠦᠷᠦᠯ ᠵᠦᠢᠯ ᠢ ᠤᠷᠢᠳᠠᠪᠠᠷ ᠲᠥᠯᠥᠪᠯᠡᠨ ᠨᠥᠭᠡᠴᠡᠯᠡᠨ᠎ᠡ᠃ | ᠤᠯᠤᠰ ᠠᠴᠠ ᠰᠠᠭᠤᠷᠢ ᠪᠡᠯᠡᠳᠬᠡᠮᠵᠢ ᠶᠢᠨ ︽ᠴᠣᠩᠬᠤᠨ ᠤ ᠬᠤᠭᠤᠴᠠᠭ᠎ᠠ︾ ᠶᠢ ᠵᠣᠬᠢᠰᠲᠠᠢ ᠪᠠᠷ ᠤᠷᠢᠳᠴᠢᠯᠠᠨ | ᠪᠠᠶᠢᠷᠢᠰᠢᠭᠤᠯᠬᠤ ᠶᠢ ᠠᠳᠬᠤᠵᠤ᠂ ᠲᠣᠣᠷ ᠬᠡᠯᠪᠡᠷᠢ ᠶᠢᠨ ᠰᠠᠭᠤᠷᠢ ᠪᠡᠯᠡᠳᠬᠡᠮᠵᠢ᠂ ᠠᠵᠤ ᠦᠢᠯᠡᠰ ᠤᠨ ᠲᠡᠰ | ᠳᠡᠪᠰᠢᠬᠦ ᠰᠠᠭᠤᠷᠢ ᠪᠡᠯᠡᠳᠬᠡᠮᠵᠢ᠂ ᠬᠤᠳᠠ ᠶᠢᠨ ᠰᠠᠭᠤᠷᠢ ᠪᠡᠯᠡᠳᠬᠡᠮᠵᠢ᠂ ᠬᠥᠳᠡᠭᠡ ᠠᠵᠤ ᠠᠬᠤᠢ ᠬᠥᠳᠡᠭᠡ | ᠲᠣᠰᠬᠤᠨ ᠤ ᠰᠠᠭᠤᠷᠢ ᠪᠡᠯᠡᠳᠬᠡᠮᠵᠢ᠂ ᠤᠯᠤᠰ ᠤᠨ ᠠᠮᠤᠷ ᠲᠦᠪᠰᠢᠨ ᠤ ᠰᠠᠭᠤᠷᠢ ᠪᠡᠯᠡᠳᠬᠡᠮᠵᠢ ᠵᠡᠷᠭᠡ ᠲᠠᠪᠤᠨ ᠶᠡᠭᠡ | ᠬᠦᠷᠢᠶ᠎ᠡ ᠶᠢ ᠴᠢᠩᠭᠠᠳᠬᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠷᠦᠯ ᠵᠦᠢᠯ ᠤᠨ ᠨᠥᠭᠡᠴᠡᠯᠡᠯᠲᠡ ᠶᠢ | ᠢᠳᠡᠪᠬᠢᠲᠡᠢ ᠥᠷᠨᠢᠭᠦᠯᠦᠨ᠎ᠡ᠂ ᠤᠳᠤ ᠪᠣᠯᠲᠠᠯ᠎ᠠ᠂ ᠪᠢᠳᠡ ᠨᠢᠭᠡᠨᠲᠡ 256 ᠳ᠋ᠦᠩᠰᠢᠭᠤᠷ ᠲᠥᠭᠦᠷᠢᠭ ᠠᠴᠠ | ᠳᠡᠭᠡᠭᠰᠢᠬᠢ ᠨᠥᠭᠡᠴᠡᠯᠡᠯᠲᠡ ᠶᠢᠨ ᠲᠦᠷᠦᠯ ᠵᠦᠢᠯ ᠢ ᠠᠩᠬ᠎ᠠ ᠠᠯᠬᠤᠮ ᠡᠮᠬᠢᠯᠡᠨ ᠭᠠᠷᠭᠠᠪᠠ᠃ | ᠳᠥᠷᠪᠡ ᠳᠤ᠂ ᠠᠷᠠᠯᠵᠢᠶᠠᠴᠢᠨ ᠤᠷᠢᠬᠤ ᠶᠢ ᠴᠢᠩᠭ᠎ᠠ ᠠᠩᠬᠠᠷᠴᠤ ᠪᠣᠳᠠᠲᠠᠢ ᠳᠤ ᠨᠠᠶᠢᠳᠠᠪᠤᠷᠢᠵᠢᠭᠤᠯᠬᠤ ᠶᠢ | ᠠᠳᠬᠤᠨ᠎ᠠ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ | ᠨᠠᠷᠠᠲᠠᠢ ᠭᠠᠳᠠᠭᠠᠳᠤ ᠶᠢᠨ ᠠᠵᠤ ᠠᠬᠤᠶᠢᠯᠠᠯ᠂ ᠲᠣᠮᠣ ᠬᠡᠯᠪᠡᠷᠢ ᠶᠢᠨ ᠲᠥᠪ ᠤᠨ ᠠᠵᠤ ᠠᠬᠤᠶᠢᠯᠠᠯ᠂ | ᠭᠤᠣᠯᠳᠠᠯᠭ᠎ᠠ ᠲᠠᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠯᠤᠭ᠎ᠠ ᠬᠠᠮᠲᠤᠷᠠᠯᠴᠠᠨ ᠬᠥᠭᠵᠢᠬᠦ ᠶᠢ | ᠭᠦᠨᠵᠡᠭᠡᠶᠢᠷᠡᠭᠦᠯᠦᠨ᠂ ᠠᠷᠠᠯᠵᠢᠶᠠᠴᠢᠨ ᠤᠷᠢᠬᠤ ᠲᠥᠷᠥᠯ ᠵᠦᠢᠯ ᠤᠨ ᠠᠬᠢᠴᠠ ᠶᠢ ᠴᠠᠭ ᠲᠤᠬᠠᠢ ᠳᠤᠨᠢ ᠮᠥᠷᠳᠡᠵᠦ᠂ | ᠭᠤᠣᠯᠳᠠᠯᠭ᠎ᠠ ᠲᠠᠢ ᠲᠥᠷᠥᠯ ᠵᠦᠢᠯ ᠤᠨ ᠭᠡᠷ᠎ᠡ ᠲᠣᠭᠲᠠᠬᠤ ᠶᠢ ᠲᠦᠷᠭᠡᠳᠬᠡᠨ᠂ ᠭᠡᠷ᠎ᠡ ᠲᠣᠭᠲᠠᠬᠤ ᠲᠥᠷᠥᠯ ᠵᠦᠢᠯ ᠢ | ᠨᠠᠶᠢᠳᠠᠪᠤᠷᠢᠵᠢᠭᠤᠯᠤᠨ ᠠᠵᠢᠯ ᠡᠬᠢᠯᠡᠭᠦᠯᠬᠦ ᠶᠢ ᠠᠬᠢᠭᠤᠯᠵᠤ᠂ ᠨᠦᠭᠡᠴᠡᠯᠡᠭᠰᠡᠨ ᠲᠥᠷᠥᠯ ᠵᠦᠢᠯ ᠤᠨ | ᠬᠤᠪᠢᠷᠠᠭᠤᠯᠤᠯᠲᠠ ᠶᠢ ᠦᠨᠡᠨᠬᠦ ᠰᠠᠶᠢᠲᠤᠷ ᠬᠢᠨ᠎ᠡ᠃ ᠬᠢᠨᠠᠨ ᠰᠢᠯᠭᠠᠵᠤ ᠰᠢᠮᠳᠠᠭᠤᠯᠤᠨ ᠭᠦᠢᠴᠡᠳᠬᠡᠬᠦ ᠶᠢ | ᠴᠢᠩᠭᠠᠷᠠᠭᠤᠯᠵᠤ᠂ ᠰᠠᠷ᠎ᠠ ᠪᠦᠷᠢ ᠴᠢᠬᠤᠯᠠ ᠶᠡᠭᠡ ᠲᠥᠷᠥᠯ ᠵᠦᠢᠯ ᠢ ᠲᠦᠯᠬᠢᠨ ᠠᠬᠢᠭᠤᠯᠤᠭᠰᠠᠨ ᠪᠠᠶᠢᠳᠠᠯ ᠢ ᠵᠠᠷᠯᠠᠨ᠂ | ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠣᠨ ᠤ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢ 10% ᠪᠠᠷ ᠨᠡᠮᠡᠭᠳᠡᠭᠦᠯᠬᠦ ᠡᠭᠦᠷᠭᠡ ᠬᠠᠷᠠᠯᠲᠠ ᠶᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ | ᠬᠠᠮᠢᠶᠠᠷᠤᠭᠴᠢ᠄ | ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠱᠢ ᠸᠧᠨ | ᠴᠠᠩ᠂ ᠪᠡᠯᠡ ᠣᠷᠣᠭᠤᠯᠤᠯᠲᠠ ᠶᠢᠨ ᠰᠠᠯᠠᠭᠠᠨ ᠤ ᠳᠠᠷᠤᠭ᠎ᠠ ᠰᠧ ᠷᠦᠢ ᠪᠢᠨ᠂ ᠪᠡᠯᠡ ᠣᠷᠣᠭᠤᠯᠤᠯᠲᠠ ᠶᠢᠨ | ᠰᠠᠯᠠᠭᠠᠨ ᠤ ᠵᠠᠩ ᠮᠦᠸᠧ ᠵᠢᠩ᠂ ᠲᠥᠷᠥᠯ ᠵᠦᠢᠯ ᠤᠨ ᠲᠣᠬᠢᠷᠠᠭᠤᠯᠤᠯᠲᠠ ᠶᠢᠨ ᠰᠠᠯᠠᠭᠠᠨ ᠤ ᠲᠡᠭᠷᠢ ᠳᠤ ᠪᠠᠶᠠᠷᠯᠠᠯ᠎ᠠ᠂ | ᠰᠦᠯᠵᠢᠶᠡᠨ ᠨᠠᠶᠢᠵᠠ ᠨᠠᠷ ᠤᠨ ᠠᠩᠬᠠᠷᠤᠯ ᠢᠶᠠᠨ ᠬᠠᠨᠳᠤᠭᠤᠯᠵᠤ ᠣᠷᠤᠯᠴᠠᠭᠰᠠᠨ ᠳᠤ ᠪᠠᠶᠠᠷᠯᠠᠯ᠎ᠠ᠂ ᠲᠣᠰ | ᠬᠤᠭᠤᠴᠠᠭᠠᠨ ᠤ ᠰᠣᠷᠪᠤᠯᠵᠢᠯᠠᠭ᠎ᠠ ᠠᠳᠡ ᠬᠦᠷᠦᠭᠡᠳ ᠦᠨᠳᠦᠷᠯᠡᠯ᠎ᠡ᠂ ᠪᠠᠶᠠᠷᠯᠠᠯ᠎ᠠ᠃ | | |