ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠷᠢᠨᠭᠡᠷ ᠰᠢᠶᠠᠨ ᠤ ᠬᠤᠷᠢᠶ᠎ᠠ 2022 ᠣᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠳᠤ ᠡᠷᠡᠮᠡᠯᠵᠡᠯ ᠲᠠᠭᠯᠠᠬᠤ ᠨᠡᠶᠢᠲᠡ ᠶᠢᠨ ᠠᠰᠠᠷᠠᠮᠵᠢ ᠶᠢᠨ ᠲᠠᠶᠢᠯᠤᠮᠵᠢ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2022/7/4
     ᠮᠠᠨ ᠤ ᠰᠢᠶᠠᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠥᠷᠭᠡᠨ ᠣᠯᠠᠨ ᠰᠣᠷᠣᠭᠴᠢ ᠵᠢᠴᠢ ᠬᠡᠷ ᠤᠨ ᠠᠬᠠᠮᠠᠳ ᠢ ᠨᠠᠩ ᠰᠠᠶᠢᠨ ᠬᠠᠪᠰᠤᠷᠴᠤ ᠴᠠᠭ ᠲᠤᠬᠠᠶ ᠳᠤᠨᠢ ᠡᠷᠡᠮᠡᠯᠵᠡᠯ ᠲᠠᠭᠯᠠᠬᠤ᠂ ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ ᠶᠢ ᠣᠶᠢᠯᠠᠭᠠᠭᠤᠯᠬᠤ ᠶᠢᠨ ᠲᠤᠰᠠᠳᠠ᠂ 6 ᠰᠠᠷ᠎ᠠ ᠶᠢᠨ 30 ᠤ ᠡᠳᠦᠷ᠂ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠷᠢᠨᠭᠡᠷ ᠰᠢᠶᠠᠨ ᠤ ᠬᠤᠷᠢᠶ᠎ᠠ 2022 ᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠡᠷᠡᠮᠡᠯᠵᠡᠯ ᠲᠠᠭᠯᠠᠬᠤ ᠨᠡᠶᠢᠲᠡ ᠶᠢᠨ ᠠᠰᠠᠷᠠᠮᠵᠢ ᠶᠢᠨ ᠲᠠᠶᠢᠯᠤᠮᠵᠢ ᠶᠢ ᠵᠣᠬᠢᠶᠠᠨ ᠪᠠᠶᠢᠭᠤᠯᠵᠤ ᠥᠷᠨᠢᠭᠦᠯᠪᠡ᠃      ᠲᠤᠰ ᠤᠳᠠᠭᠠᠨ ᠤ ᠠᠵᠢᠯᠯᠠᠭ᠎ᠠ ᠳᠤ ᠯᠢᠶᠣᠤᠨᠢᠩ ᠤᠨ ᠢᠨᠵᠧᠨᠧᠷᠢᠩ ᠤᠨ ᠮᠡᠷᠭᠡᠵᠢᠯ ᠤᠨ ᠶᠡᠭᠡ ᠰᠤᠷᠭᠠᠭᠤᠯᠢ ᠳᠤ ᠰᠤᠷᠤᠯᠴᠠᠵᠤ ᠪᠠᠶᠢᠭ᠎ᠠ ᠠᠰᠫᠢᠷᠠᠨᠲ ᠱᠢ ᠬᠤᠤ ᠹᠠᠨ ᠢ ᠤᠷᠢᠵᠤ᠂ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠡᠷᠡᠮᠡᠯᠵᠡᠯ ᠢ ᠲᠠᠭᠯᠠᠬᠤ ᠲᠠᠶᠢᠯᠤᠮᠵᠢ ᠬᠢᠯᠭᠡᠵᠡᠶ᠃ ᠡᠭᠦᠨ ᠤ ᠬᠠᠮᠲᠤ ᠣᠳᠣᠬᠢ ᠱᠠᠲᠤᠨ ᠤ ᠲᠥᠷᠥ ᠶᠢᠨ ᠪᠣᠳᠣᠯᠭ᠎ᠠ ᠶᠢᠨ ᠬᠤᠪᠢᠷᠠᠯᠲᠠ ᠪᠠ ᠪᠣᠳᠠᠲᠠᠶ ᠵᠢᠱᠢᠶ᠎ᠡ ᠲᠠᠢ ᠤᠶᠠᠯᠳᠤᠭᠤᠯᠤᠨ᠂ ᠡᠷᠡᠮᠡᠯᠵᠡᠯ ᠲᠠᠭᠯᠠᠬᠤ ᠶᠠᠪᠤᠴᠠ ᠶᠢᠨ ᠶᠡᠷᠦ ᠶᠢᠨ ᠮᠡᠳᠡᠯᠭᠡ᠂ ᠡᠷᠡᠮᠡᠯᠵᠡᠯ ᠲᠠᠭᠯᠠᠬᠤ ᠠᠳᠡᠭᠦᠷᠡᠯ ᠤᠨ ᠠᠩᠬᠠᠷᠬᠤ ᠵᠦᠢᠯ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠡᠷᠡᠮᠡᠯᠵᠡᠯ ᠲᠠᠭᠯᠠᠬᠤ ᠪᠦᠯᠦᠭ ᠤᠳᠠᠭ᠎ᠠ᠂ ᠶᠡᠭᠡ ᠳᠡᠭᠡᠳᠦ ᠰᠤᠷᠭᠠᠭᠤᠯᠢ ᠶᠢᠨ ᠲᠤᠰᠬᠠᠶ ᠮᠡᠷᠭᠡᠵᠢᠯ ᠵᠡᠷᠭᠡ ᠲᠠᠯ᠎ᠠ ᠪᠠᠷ ᠲᠣᠰ ᠲᠣᠰ ᠨᠠᠷᠢᠨ ᠲᠠᠶᠢᠯᠤᠮᠵᠢ ᠪᠠ ᠵᠢᠯᠣᠭᠤᠳᠣᠯᠭ᠎ᠠ ᠬᠢᠭᠰᠡᠨ ᠪᠥᠭᠡᠳ ᠰᠢᠯᠭᠠᠭᠤᠯᠤᠭᠴᠢ ᠪᠠ ᠬᠡᠷ ᠤᠨ ᠠᠬᠠᠮᠠᠳ ᠲᠤ ᠡᠷᠡᠮᠡᠯᠵᠡᠯ ᠲᠠᠭᠯᠠᠬᠤ ᠦᠨᠳᠦᠰᠦᠨ ᠵᠠᠷᠴᠢᠮ ᠢ ᠡᠵᠡᠮᠰᠢᠭᠦᠯᠬᠦ ᠶᠢᠨ ᠬᠠᠮᠲᠤ᠂ ᠰᠢᠯᠭᠠᠭᠤᠯᠤᠭᠴᠢ ᠪᠠ ᠬᠡᠷ ᠤᠨ ᠠᠬᠠᠮᠠᠳ ᠲᠤ ᠡᠷᠡᠮᠡᠯᠵᠡᠯ ᠲᠠᠭᠯᠠᠬᠤ ᠦᠨᠳᠦᠰᠦᠨ ᠵᠠᠷᠴᠢᠮ ᠢ ᠡᠵᠡᠮᠰᠢᠭᠦᠯᠪᠡ᠃ ᠳᠠᠷᠠᠭ᠎ᠠ ᠪᠠᠷ ᠨᠢ᠂ ᠥᠩᠭᠡᠷᠡᠭᠰᠡᠨ ᠬᠤᠭᠤᠴᠠᠭᠠᠨ ᠤ ᠰᠢᠯᠢᠳᠡᠭ ᠲᠡᠭᠦᠰᠬᠦ ᠰᠤᠷᠤᠭᠴᠢᠳ ᠤᠨ ᠲᠥᠯᠥᠭᠡᠯᠡᠭᠴᠢᠳ ᠲᠤᠷᠰᠢᠯᠭ᠎ᠠ ᠪᠠᠨ ᠰᠣᠯᠢᠯᠴᠠᠪᠠ᠃      ᠲᠤᠰᠬᠠᠶ ᠮᠡᠷᠭᠡᠵᠢᠯᠲᠡᠨ ᠪᠣᠯᠤᠨ ᠰᠢᠯᠢᠳᠡᠭ ᠲᠡᠭᠦᠰᠬᠦ ᠰᠤᠷᠤᠭᠴᠢᠳ ᠤᠨ ᠲᠥᠯᠥᠭᠡᠯᠡᠭᠴᠢᠳ ᠤᠨ ᠲᠠᠶᠢᠯᠪᠤᠷᠢᠯᠠᠯᠲᠠ ᠪᠠᠷ ᠳᠡᠮᠵᠢᠨ᠂ ᠰᠢᠯᠭᠠᠭᠤᠯᠤᠭᠴᠢ ᠪᠣᠯᠤᠨ ᠬᠡᠷ ᠤᠨ ᠠᠬᠠᠮᠠᠳ ᠰᠡᠳᠬᠢᠮᠵᠢ ᠪᠠᠨ ᠥᠷᠭᠡᠳᠬᠡᠵᠦ᠂ ᠡᠷᠡᠮᠡᠯᠵᠡᠯ ᠲᠠᠭᠯᠠᠬᠤ ᠲᠤᠬᠠᠶ ᠨᠠᠩ ᠰᠢᠭᠤᠳ᠂ ᠨᠠᠩ ᠭᠦᠨᠵᠡᠭᠡᠶ ᠲᠠᠨᠢᠯᠲᠠ ᠲᠠᠢ ᠪᠣᠯᠤᠭᠰᠠᠨ ᠪᠠᠶᠢᠨ᠎ᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号