7 ᠰᠠᠷ᠎ᠠ ᠶᠢᠨ 1 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠯᠢᠦ ᠰᠢᠶᠤᠤ ᠪᠥᠬᠦ | ᠬᠤᠲᠠ ᠶᠢᠨ ︽ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠴᠢᠨᠠᠷ ᠰᠠᠶᠢᠲᠠᠶ | ᠬᠥᠭᠵᠢᠯᠲᠡ ᠶᠢ ᠳᠥᠯᠭᠢᠨ ᠠᠬᠢᠭᠤᠯᠬᠤ︾ ᠬᠤᠷᠢᠨᠭᠡᠷ ᠰᠢᠶᠠᠨ ᠤ ᠠᠬᠤᠢ ᠲᠠᠯᠠᠪᠠᠢ ᠶᠢᠨ ᠬᠤᠷᠠᠯ ᠤᠨ ᠠᠵᠢᠯ ᠢ | ᠳᠥᠯᠭᠢᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠯᠪᠣᠭᠳᠠᠯ ᠪᠥᠬᠦᠶ ᠠᠵᠢᠯ ᠢ ᠳᠠᠬᠢᠨ ᠡᠮᠬᠢᠯᠡᠵᠦ᠂ | ᠳᠠᠬᠢᠨ ᠲᠣᠳᠣᠷᠬᠠᠶᠢᠯᠠᠵᠤ᠂ ᠳᠠᠬᠢᠨ ᠪᠠᠶᠢᠷᠢᠯᠠᠭᠤᠯᠪᠠ᠃ | | | | | ᠬᠤᠷᠠᠯ ᠠᠴᠠ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ | ᠦᠨᠡᠨᠬᠦ ᠳᠡᠭᠡᠭᠰᠢᠯᠡᠭᠦᠯᠵᠦ᠂ ᠲᠤᠰ ᠤᠳᠠᠭ᠎ᠠ ᠶᠢᠨ ᠠᠬᠤᠢ ᠲᠠᠯᠠᠪᠠᠢ ᠶᠢᠨ ᠬᠤᠷᠠᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠲᠡᠷᠢᠭᠦᠨ ᠤ ᠠᠷᠭ᠎ᠠ ᠬᠢᠳᠡᠯ ᠪᠣᠯᠤᠨ ᠲᠤᠷᠰᠢᠯᠭ᠎ᠠ ᠶᠢ ᠬᠠᠷᠭᠤᠭᠤᠯᠬᠤ ᠪᠠᠷ ᠪᠠᠷᠠᠬᠤ ᠦᠭᠡᠢ ᠪᠠᠰᠠ | ᠮᠠᠨ ᠤ ᠰᠢᠶᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠨᠠᠷᠢᠨ ᠬᠢᠨᠠᠮᠠᠭᠠᠢ ᠲᠥᠯᠥᠪᠵᠢᠭᠦᠯᠵᠦ᠂ ᠨᠠᠷᠢᠨ | ᠨᠢᠮᠪᠠᠢ ᠵᠣᠬᠢᠶᠠᠨ ᠪᠠᠶᠢᠭᠤᠯᠵᠤ᠂ ᠬᠤᠷᠢᠨᠭᠡᠷ ᠰᠢᠶᠠᠨ ᠤ ᠳᠠᠪᠠᠭᠤᠯᠢᠭ ᠪᠣᠯᠤᠨ ᠣᠨᠴᠠᠯᠢᠭ ᠢ ᠤᠯᠠᠨ ᠤ ᠡᠮᠦᠨ᠎ᠡ | ᠢᠯᠡᠷᠡᠭᠦᠯᠬᠦ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠡᠭᠦᠷᠭᠡ ᠶᠢ ᠲᠣᠳᠣᠷᠬᠠᠶᠢᠯᠠᠵᠤ᠂ ᠡᠯ᠎ᠡ | ᠵᠦᠢᠯ ᠤᠨ ᠠᠵᠢᠯ ᠢ ᠪᠦᠬᠦ ᠲᠠᠯ᠎ᠠ ᠪᠠᠷ ᠨᠠᠷᠢᠨ ᠨᠢᠭᠲᠠ ᠰᠤᠳᠤᠯᠵᠤ᠂ ᠲᠤᠬᠠᠢ ᠶᠢᠨ ᠲᠠᠯᠠᠪᠠᠢ ᠶᠢᠨ ᠬᠤᠷᠠᠯ ᠤᠨ | ᠪᠡᠯᠡᠳᠬᠡᠯ ᠠᠵᠢᠯ ᠢ ᠰᠡᠳᠬᠢᠯ ᠲᠠᠯᠪᠢᠨ ᠬᠦᠴᠦ ᠣᠷᠣᠭᠤᠯᠤᠨ ᠰᠠᠶᠢᠲᠤᠷ ᠠᠳᠬᠤᠬᠤ ᠬᠡᠷᠡᠭᠲᠡᠢ᠃ ᠤᠯᠠᠮ | ᠴᠢᠨᠠᠭᠰᠢᠳᠠ ᠪᠠᠭᠤᠷᠠᠢ ᠲᠠᠯ᠎ᠠ ᠶᠢ ᠪᠠᠶᠢᠴᠠᠭᠠᠵᠤ᠂ ᠳᠤᠲᠠᠭᠤᠳᠠᠯ ᠢ ᠨᠥᠬᠦᠪᠥᠷᠢᠯᠡᠵᠦ᠂ ᠲᠡᠰ ᠳᠡᠪᠰᠢᠭᠦᠯᠬᠦ ᠶᠢ | ᠠᠬᠢᠭᠤᠯᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠦᠨᠡᠨᠬᠦ ᠠᠳᠬᠤᠨ ᠪᠣᠳᠠᠲᠠᠢ ᠠᠵᠢᠯᠯᠠᠵᠤ᠂ | ᠬᠤᠷᠢᠨᠭᠡᠷ ᠰᠢᠶᠠᠨ ᠤ ᠠᠵᠤ ᠠᠬᠤᠢ ᠨᠡᠶᠢᠭᠡᠮ ᠤᠨ ᠡᠯ᠎ᠡ ᠲᠦᠷᠦᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠦᠨᠡᠨᠬᠦ ᠠᠬᠢᠭᠤᠯᠬᠤ ᠬᠡᠷᠡᠭᠲᠡᠢ ᠭᠡᠵᠦ ᠴᠢᠩᠭᠠᠳᠬᠠᠭᠰᠠᠨ ᠪᠠᠶᠢᠨ᠎ᠠ᠃ | ᠭᠤᠤ ᠹᠧᠩ᠂ ᠵᠠᠩ ᠴᠢᠤᠸᠠᠨ ᠱᠧᠩ ᠵᠡᠷᠭᠡ ᠰᠢᠶᠠᠨ ᠤ ᠤᠳᠤᠷᠢᠳᠤᠯᠭ᠎ᠠ᠂ ᠡᠯ᠎ᠡ ᠬᠤᠯᠪᠣᠭᠳᠠᠯ ᠪᠥᠬᠦᠶ | ᠰᠠᠯᠠᠭ᠎ᠠ ᠮᠥᠴᠢᠷ᠂ ᠡᠯ᠎ᠡ ᠬᠤᠯᠪᠣᠭᠳᠠᠯ ᠪᠥᠬᠦᠶ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠨᠥᠬᠦᠳ ᠬᠤᠷᠠᠯ ᠳᠤ | ᠣᠷᠣᠯᠴᠠᠪᠠ᠃ | | |