7 ᠰᠠᠷ᠎ᠠ ᠶᠢᠨ 3 ᠤ ᠡᠳᠦᠷ ᠤᠨ 0 ᠠᠴᠠ 24 ᠴᠠᠭ ᠪᠣᠯᠲᠠᠯ᠎ᠠ ᠥᠪᠥᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/7/4
    7 ᠰᠠᠷ᠎ᠠ ᠶᠢᠨ 3 ᠤ ᠡᠳᠦᠷ ᠤᠨ 0 ᠠᠴᠠ 24 ᠴᠠᠭ ᠪᠣᠯᠲᠠᠯ᠎ᠠ᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 2 ︵ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠨ︶ ᠨᠡᠮᠡᠭᠳᠡᠪᠡ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ ᠦᠭᠡᠢ 1 ᠬᠠᠯᠳᠠᠪᠤᠷᠢᠯᠠᠭᠳᠠᠭᠴᠢ ︵ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠨ︶ ᠪᠤᠢ᠃ ᠲᠤᠬᠠᠢ ᠶᠢᠨ ᠭᠠᠵᠠᠷ ᠤᠨ ᠲᠣᠳᠣᠯᠠᠭᠰᠠᠨ 7 ᠡᠪᠡᠳᠴᠢᠨ ᠤ ᠵᠢᠱᠢᠶ᠎ᠡ ᠢᠯᠠᠷᠢᠰᠢᠵᠤ ᠡᠮᠨᠡᠯᠭᠡ ᠠᠴᠠ ᠭᠠᠷᠪᠠ᠂ ᠡᠭᠦᠨ ᠳᠤ ᠤᠯᠠᠭᠠᠨᠬᠠᠳᠠ ᠬᠤᠲᠠ ᠳᠤ 1᠂ ᠰᠢᠯᠢ ᠶᠢᠨ ᠭᠤᠣᠯ ᠠᠶᠢᠮᠠᠭ ᠲᠤ 6 ᠪᠤᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ 2 ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠵᠠᠢ ︵ᠴᠦᠮ ᠰᠢᠯᠢ ᠶᠢᠨ ᠭᠤᠣᠯ ᠠᠶᠢᠮᠠᠭ ᠲᠤ ᠪᠤᠢ︶᠃      7 ᠰᠠᠷ᠎ᠠ ᠶᠢᠨ 3 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠲᠣ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 14 ᠪᠠᠶᠢᠵᠤ᠂ ᠡᠭᠦᠨ ᠳᠤ ᠤᠯᠠᠭᠠᠨᠬᠠᠳᠠ ᠬᠤᠲᠠ ᠳᠤ 2᠂ ᠰᠢᠯᠢ ᠶᠢᠨ ᠭᠤᠣᠯ ᠠᠶᠢᠮᠠᠭ ᠲᠤ 12 ᠪᠣᠶ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 10 ᠪᠠᠶᠢᠵᠤ᠂ ᠡᠭᠦᠨ ᠳᠤ ᠤᠯᠠᠭᠠᠨᠬᠠᠳᠠ ᠬᠤᠲᠠ ᠳᠤ 1᠂ ᠰᠢᠯᠢ ᠶᠢᠨ ᠭᠤᠣᠯ ᠠᠶᠢᠮᠠᠭ ᠲᠤ 9 ᠪᠣᠶ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ 5 ᠡᠪᠡᠳᠴᠢᠨ ᠤ ᠵᠢᠱᠢᠶ᠎ᠡ ︵ᠴᠦᠮ ᠬᠥᠬᠡᠬᠤᠲᠠ ᠳᠤ︶ ᠪᠣᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ︵ᠴᠥᠮ ᠬᠥᠬᠡᠬᠤᠲᠠ ᠳᠤ︶ ᠪᠣᠢ᠃ ᠪᠥᠬᠦᠨ ᠢ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠲᠠᠯᠠᠪᠤᠷ ᠲᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ  ᠶᠢᠨ ᠵᠥᠪᠯᠡᠯ ᠤᠨ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号