ᠡᠲᠡᠭᠡᠷ ᠬᠠᠭᠤᠷᠮᠠᠭ APP ᠪᠣᠯ ᠮᠡᠬᠡᠯᠡᠯ ᠤᠨ ᠲᠠᠪᠴᠠᠩ ᠪᠣᠯᠣᠨ᠎ᠠ᠂ ᠲᠠᠷᠣᠢ ᠲᠦᠷᠬᠡᠨ ᠬᠠᠰᠣᠵᠤ ᠬᠠᠶᠠ︕
ᠨᠡᠶᠢᠲᠡᠯᠡᠭᠰᠡᠨ ᠴᠠᠭ᠄
2022/7/7
     ᠣᠶᠢᠷ᠎ᠠ ᠳᠤ᠂ ᠤᠯᠤᠰ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ᠤᠨ  ᠮᠡᠬᠡᠯᠡᠯ ᠢ ᠡᠰᠡᠷᠭᠦᠴᠡᠬᠦ ᠲᠥᠪ ᠠᠴᠠ ᠪᠠᠯᠠ ᠣᠷᠣᠭᠤᠯᠤᠯᠲᠠ ᠶᠢᠨ ᠲᠠᠪᠴᠠᠩ ᠢᠶᠠᠷ ᠣᠪᠯᠠᠨ ᠮᠡᠬᠡᠯᠡᠭᠰᠡᠨ ᠣᠯᠠᠨ ᠬᠡᠷᠡᠭ ᠢ ᠬᠢᠨᠠᠨ ᠬᠡᠮᠵᠢᠵᠦ ᠢᠯᠡᠷᠡᠭᠦᠯᠪᠡ᠃ ᠮᠡᠬᠡᠯᠡᠭᠴᠢᠳ ᠵᠢᠩ ᠳ᠋ᠦᠩ ᠮᠥᠩᠭᠦᠨ ᠭᠦᠢᠯᠭᠡᠭᠡ᠂ ᠮᠠ ᠱᠠᠩ ᠮᠥᠩᠭᠦᠨ ᠭᠦᠢᠯᠭᠡᠭᠡ᠂ 360 ᠵᠢᠭᠡᠯᠡᠯᠭᠡ ᠶᠢᠨ ᠪᠠᠷᠢᠮᠲᠠ  ᠵᠡᠷᠭᠡ ᠲᠠᠪᠴᠠᠩ ᠢᠶᠠᠷ ᠣᠪᠯᠠᠵᠤ᠂ ᠶᠡᠭᠡ ᠬᠡᠮᠵᠢᠶᠡᠨ ᠤ ︽ᠴᠢᠳᠭᠦᠷ︾ ᠮᠠᠶ᠋ᠢᠭ ᠤᠨ APP ᠶᠢ ᠭᠠᠷᠭᠠᠵᠤ᠂ ᠠᠳᠠᠯᠢᠪᠲᠤᠷ ᠲᠡᠮᠳᠡᠭ ᠪᠠ ᠦᠢᠯᠡᠳᠭᠦᠨ ᠤ ᠲᠠᠨᠢᠯᠴᠠᠭᠤᠯᠭ᠎ᠠ ᠪᠠᠷ ᠬᠤᠳᠠᠯ ᠬᠠᠭᠤᠷᠮᠠᠭ ︽ᠪᠠᠭ᠎ᠠ ᠲᠤᠭ᠎ᠠ ᠪᠠᠷ ᠠᠰᠢᠭ ᠪᠤᠴᠠᠭᠠᠬᠤ︾ ᠵᠡᠷᠭᠡ ᠪᠠᠷ ᠰᠦᠯᠵᠢᠶᠡᠨ ᠢᠷᠭᠡᠳ ᠢ ᠥᠳᠥᠭᠡᠨ ᠰᠤᠷᠪᠤᠯᠵᠢᠯᠠᠭ᠎ᠠ ᠬᠢᠯᠭᠡᠵᠦ ᠪᠠᠭᠤᠯᠭᠠᠨ ᠠᠪᠤᠭᠤᠯᠬᠤ ᠶᠢᠨ ᠤᠯᠠᠮ ᠢᠶᠠᠷ ᠮᠡᠬᠡᠯᠡᠯ ᠶᠠᠪᠤᠭᠤᠯᠵᠤ ᠪᠠᠶᠢᠨ᠎ᠠ᠃ ᠬᠡᠰᠡᠭ ᠮᠡᠬᠡᠯᠡᠯ ᠤᠨ ᠲᠠᠪᠴᠠᠩ ᠨᠢ ᠴᠢᠨᠠᠭᠰᠢᠯᠠᠭᠠᠳ ︽ᠤᠯᠤᠰ ᠤᠨ ᠥᠮᠴᠢᠯᠡᠯ ᠤᠨ ᠠᠵᠤ  ᠠᠬᠤᠶᠢᠯᠠᠯ︾ ᠤᠨ ᠨᠡᠷ᠎ᠡ ᠪᠠᠷ ᠬᠡᠷᠡᠭᠯᠡᠭᠴᠢᠳ ᠢ ᠲᠠᠲᠠᠵᠤ᠂ ᠵᠠᠷᠢᠮ ᠰᠦᠯᠵᠢᠶᠡᠨ ᠢᠷᠭᠡᠳ ᠲᠤ ᠯᠤᠲᠤ ᠶᠡᠭᠡ  ᠡᠳ᠋  ᠬᠥᠷᠥᠩᠭᠡ ᠶᠢᠨ  ᠬᠤᠬᠢᠷᠠᠯ ᠤᠴᠠᠷᠠᠭᠤᠯᠵᠤ ᠪᠤᠢ᠃              ᠤᠯᠤᠰ ᠤᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ᠠᠯᠪᠠᠨ ᠬᠡᠷ  ᠵᠢᠭᠠᠵᠤ ᠭᠠᠷᠭᠠᠭᠰᠠᠨ ᠨᠢ᠂ ᠮᠡᠬᠡᠯᠡᠭᠴᠢᠳ ᠪᠠᠯᠠ ᠣᠷᠣᠭᠤᠯᠤᠯᠲᠠ ᠶᠢᠨ ᠲᠠᠪᠴᠠᠩ ᠢᠶᠠᠷ ᠣᠪᠯᠠᠵᠤ ᠰᠦᠯᠵᠢᠶᠡᠨ ᠢᠷᠭᠡᠳ ᠢ ᠥᠳᠥᠭᠡᠨ ᠮᠡᠬᠡᠯᠡᠵᠦ᠂ ᠰᠦᠯᠵᠢᠶᠡᠨ ᠢᠷᠭᠡᠳ ᠲᠤ ᠬᠦᠨᠳᠦ ᠨᠣᠴᠢᠲᠠᠶ ᠡᠳ᠋ ᠬᠥᠷᠥᠩᠭᠡ ᠶᠢᠨ ᠬᠤᠬᠢᠷᠠᠯ ᠤᠴᠠᠷᠠᠭᠤᠯᠵᠤ ᠮᠡᠳᠡᠬᠦ ᠪᠥᠭᠡᠳ ᠪᠠᠰᠠ ᠬᠤᠪᠢ ᠬᠥᠮᠦᠨ ᠤ ᠮᠡᠳᠡᠭᠡ ᠵᠠᠩᠭᠢ ᠶᠢ ᠵᠠᠳᠠᠷᠠᠭᠤᠯᠵᠤ ᠮᠡᠳᠡᠬᠦ ᠪᠣᠯᠬᠤᠷ ᠭᠦᠢᠴᠡᠳ ᠠᠩᠬᠠᠷᠬᠤ  ᠬᠡᠷᠡᠭᠲᠡᠶ᠃ ᠥᠷᠭᠡᠨ  ᠣᠯᠠᠨ ᠲᠦᠮᠡᠨ ᠠᠯᠪᠠᠨ ᠶᠣᠰᠣᠨ ᠤ ᠠᠷᠭ᠎ᠠ ᠵᠠᠮ ᠢᠶᠠᠷ ᠳᠠᠮᠵᠢᠭᠤᠯᠤᠨ APP ᠶᠢ ᠪᠠᠭᠤᠯᠭᠠᠬᠤ  ᠬᠡᠷᠡᠭᠲᠡᠶ︔ ᠠᠯᠪᠠᠨ ᠤ ᠪᠤᠰᠤ ᠦᠢᠯᠡᠴᠢᠯᠡᠭᠡᠨ ᠤ ᠬᠠᠷᠢᠯᠴᠠᠬᠤ ᠪᠠᠶᠢᠳᠠᠯ ᠭᠠᠷᠪᠠᠯ᠂ ᠨᠥᠭᠦᠭᠡ ᠡᠲᠡᠭᠡᠳ ᠤᠨ ᠢᠶᠠᠨ ᠪᠡᠶ᠎ᠡ ᠶᠢᠨ ᠭᠠᠷᠤᠯ ᠢ ᠬᠢᠨᠠᠨ ᠪᠠᠶᠢᠴᠠᠭᠠᠬᠤ ᠬᠡᠷᠡᠭᠲᠡᠢ᠂ ᠲᠠᠩᠰᠠ ᠰᠢᠯᠵᠢᠭᠦᠯᠬᠦ ᠠᠵᠢᠯᠯᠠᠭ᠎ᠠ ᠶᠢ ᠬᠢᠵᠦ ᠪᠣᠯᠬᠤ ᠥᠬᠡᠶ᠃ APP ᠳᠡᠯᠭᠡᠭᠦᠷ ᠵᠡᠷᠭᠡ ᠲᠠᠪᠴᠠᠩ ᠨᠢ APP ᠶᠢ ᠪᠠᠭᠤᠯᠭᠠᠵᠤ ᠪᠣᠯᠬᠤ ᠠᠮᠤᠷ ᠲᠦᠪᠰᠢᠨ ᠤ ᠬᠢᠨᠠᠨ ᠬᠠᠷᠭᠤᠭᠤᠯᠤᠯᠲᠠ ᠶᠢ ᠴᠢᠩᠭᠠᠳᠬᠠᠵᠤ᠂ ᠬᠤᠳᠠᠯ  ᠬᠠᠭᠤᠷᠮᠠᠭ APP ᠵᠠᠪᠰᠢᠶᠠᠨ ᠢ ᠳᠠᠯᠢᠮᠳᠠᠭᠤᠯᠵᠤ᠂ ᠥᠷᠭᠡᠨ ᠣᠯᠠᠨ ᠰᠦᠯᠵᠢᠶᠡᠨ ᠢᠷᠭᠡᠳ ᠢ ᠬᠤᠬᠢᠷᠠᠭᠤᠯᠬᠤ ᠶᠢ ᠰᠡᠷᠭᠡᠶᠢᠯᠡᠬᠦ ᠬᠡᠷᠡᠭᠲᠡᠶ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号