ᠪᠦᠬᠦ ᠰᠢᠶᠠᠨ ᠤ ᠬᠡᠪᠴᠢᠶᠡᠨ ᠳᠤ ᠵᠤᠨ ᠤ ᠤᠯᠠᠷᠢᠯ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠡᠮᠬᠢ ᠳᠢᠭᠯᠢᠮ ᠢ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠲᠤᠬᠠᠶ ᠵᠠᠷᠯᠠᠯ
ᠨᠡᠶᠢᠲᠡᠯᠡᠭᠰᠡᠨ ᠴᠠᠭ᠄
2022/8/22
     ᠮᠠᠨ ᠤ ᠰᠢᠶᠠᠨ ᠤ ᠬᠤᠲᠠ ᠶᠢᠨ ᠲᠣᠭᠤᠷᠢᠭ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠲᠡᠷᠭᠡ ᠶᠠᠪᠤᠭᠤᠯᠬᠤ᠂ ᠲᠡᠷᠭᠡ ᠵᠣᠭᠰᠣᠭᠠᠬᠤ ᠡᠮᠬᠢ ᠳᠢᠭᠯᠢᠮ ᠢ ᠵᠢᠷᠤᠮᠵᠢᠭᠤᠯᠵᠤ᠂ ᠬᠤᠲᠠ ᠶᠢᠨ ᠲᠣᠭᠤᠷᠢᠭ ᠤᠨ ᠵᠠᠮ ᠬᠠᠷᠢᠯᠴᠠᠭᠠᠨ ᠤ ᠳᠠᠷᠤᠯᠲᠠ ᠶᠢ ᠪᠦᠲᠦᠮᠵᠢᠲᠡᠶ ᠬᠥᠩᠭᠡᠷᠡᠭᠦᠯᠵᠦ᠂ ᠥᠷᠭᠡᠨ ᠣᠯᠠᠨ ᠵᠠᠮ ᠬᠠᠷᠢᠯᠴᠠᠭᠠᠨ ᠤ ᠣᠷᠣᠯᠴᠠᠭᠰᠠᠳ ᠲᠤ ᠪᠣᠯᠪᠠᠰᠤᠨ᠂ ᠡᠮᠬᠢ ᠳᠢᠭᠯᠢᠮ ᠲᠠᠢ᠂ ᠠᠮᠤᠷ ᠲᠦᠪᠰᠢᠨ᠂ ᠰᠠᠭᠠᠳ ᠦᠭᠡᠶ ᠨᠡᠪᠲᠡᠷᠡᠬᠦ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠤᠶ ᠪᠣᠯᠭᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠶᠢ ᠬᠡᠷᠡᠭᠵᠢᠭᠦᠯᠬᠦ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠲᠣᠰ ᠡᠳᠦᠷ ᠠᠴᠠ ᠡᠬᠢᠯᠡᠨ 2022 ᠣᠨ ᠤ 10 ᠰᠠᠷ᠎ᠠ ᠶᠢᠨ 30 ᠤ ᠡᠳᠦᠷ ᠪᠣᠯᠲᠠᠯ᠎ᠠ ᠪᠥᠬᠦ ᠰᠢᠶᠠᠨ ᠤ ᠬᠡᠪᠴᠢᠶᠡᠨ ᠳᠤ ᠵᠣᠨ ᠤ ᠤᠯᠠᠷᠢᠯ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠡᠮᠬᠢ ᠵᠢᠷᠤᠮ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠬᠦ ᠪᠠᠷ ᠲᠣᠭᠲᠠᠪᠠ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄      ᠨᠢᠭᠡ᠂ ᠴᠡᠭᠴᠡᠯᠡᠨ ᠵᠠᠰᠠᠬᠤ ᠭᠤᠤᠯᠳᠠᠯᠭ᠎ᠠ ᠲᠠᠢ ᠠᠭᠤᠯᠭ᠎ᠠ      ︵ᠨᠢᠭᠡ︶ ᠶᠠᠪᠠᠭᠠᠨ ᠬᠥᠮᠦᠨ ᠤᠯᠠᠭᠠᠨ ᠳ᠋ᠧᠩ ᠢ ᠵᠥᠷᠢᠴᠡᠬᠦ᠂ ᠳᠤᠷ᠎ᠠ ᠪᠠᠷ ᠢᠶᠠᠨ ᠵᠠᠰᠠᠮᠠᠯ ᠵᠠᠮ ᠢ ᠬᠥᠨᠳᠡᠯᠡᠨ ᠲᠤᠭᠤᠯᠬᠤ᠂ ᠲᠤᠰᠠᠭᠠᠷᠯᠠᠬᠤ ᠬᠡᠷᠡᠰᠬᠡ ᠶᠢ ᠳᠠᠪᠠᠭ᠋ᠤ᠂ ᠡᠷᠢᠶᠡᠨ ᠵᠢᠷᠤᠭᠠᠰᠤ ᠪᠠᠷ ᠦᠯᠦ ᠶᠠᠪᠤᠬᠤ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ᠃      ︵ᠬᠤᠶᠠᠷ︶ ᠫᠠᠶᠢᠰᠠᠨ ᠳᠤ ᠲᠡᠮᠳᠡᠭᠯᠡᠭᠦᠯᠦᠭᠰᠡᠨ ᠦᠭᠡᠢ ᠴᠠᠬᠢᠯᠭᠠᠨ ᠬᠥᠳᠡᠯᠭᠡᠭᠦᠷᠲᠦ ᠲᠡᠷᠭᠡ ᠶᠢ ᠤᠨᠤᠬᠤ᠃      ︵ᠭᠤᠷᠪᠠ︶ ᠴᠠᠬᠢᠯᠭᠠᠨ ᠬᠥᠳᠡᠯᠭᠡᠭᠦᠷᠲᠦ ᠲᠡᠷᠭᠡᠨ ᠳᠤ ᠰᠠᠭᠤᠬᠤ ᠳᠤ ᠠᠮᠤᠷ ᠲᠦᠪᠰᠢᠨ ᠤ ᠠᠶᠤᠯᠭᠦᠢ ᠮᠠᠯᠠᠭᠠᠢ ᠵᠡᠭᠦᠬᠦ ᠥᠬᠡᠶ᠂ ᠲᠣᠭᠲᠠᠭᠠᠯ ᠠᠴᠠ ᠵᠥᠷᠢᠴᠡᠨ ᠬᠥᠮᠦᠨ ᠠᠴᠢᠬᠤ᠂ ᠮᠠᠰᠢᠨᠲᠤ ᠪᠤᠰᠤ ᠲᠡᠷᠭᠡ ᠤᠯᠠᠭᠠᠨ ᠳ᠋ᠧᠩ ᠠᠴᠠ ᠵᠥᠷᠢᠴᠡᠬᠦ᠂ ᠰᠥᠷᠴᠦ ᠶᠠᠪᠤᠬᠤ᠂ ᠲᠣᠭᠲᠠᠭᠰᠠᠨ ᠲᠡᠷᠭᠡᠨ ᠵᠠᠮ ᠢᠶᠠᠷ ᠶᠠᠪᠤᠬᠤ ᠥᠬᠡᠶ᠂ ᠪᠦᠬᠦᠯᠢ 12 ᠨᠠᠰᠤ ᠬᠦᠷᠦᠭᠡᠳᠦᠢ ᠪᠠᠷ ᠳᠤᠭᠤᠶ ᠲᠡᠷᠭᠡ ᠤᠨᠤᠬᠤ᠂ ᠪᠦᠬᠦᠯᠢ 16 ᠨᠠᠰᠤ ᠬᠦᠷᠦᠭᠡᠳᠦᠢ ᠪᠠᠷ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠤᠨᠤᠬᠤ᠂ ᠡᠯ᠎ᠡ ᠲᠥᠷᠥᠯ ᠤᠨ ︽ᠥᠭᠡᠷᠡᠴᠢᠯᠡᠨ ᠤᠭᠰᠠᠷᠠᠬᠤ᠂ ᠪᠠᠷᠢᠮᠵᠢᠶ᠎ᠠ ᠠᠴᠠ ᠬᠡᠲᠦᠷᠡᠭᠦᠯᠬᠦ᠂ ᠨᠡᠮᠡᠵᠦ ᠤᠭᠰᠠᠷᠠᠬᠤ︾ ᠵᠡᠷᠭᠡ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠬᠤ ᠬᠡᠷᠡᠭᠲᠡᠶ᠃      ︵ᠳᠥᠷᠪᠡ︶ ︽ᠵᠡᠭᠡᠯᠢ ᠭᠤᠳᠤᠮᠵᠢ ᠶᠢ ᠳᠣᠷᠭᠢᠭᠤᠯᠣᠭᠤᠰᠠᠨ︾ ︽ᠲᠡᠷᠭᠡ ᠳᠠᠪᠬᠢᠭᠤᠯᠤᠭᠰᠠᠨ︾ ︽ᠬᠠᠤᠯᠢ ᠪᠤᠰᠤ ᠪᠠᠷ ᠥᠭᠡᠷᠡᠴᠢᠯᠡᠨ ᠲᠣᠨᠣᠭᠯᠠᠭᠰᠠᠨ︾ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠴᠡᠭᠴᠡᠯᠡᠨ ᠵᠠᠰᠠᠵᠤ᠂ ᠶᠠᠯ᠎ᠠ ᠬᠢᠭᠰᠡᠨ ᠢᠶᠠᠷ ᠰᠡᠵᠢᠭᠯᠡᠭᠳᠡᠵᠦ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠬᠤᠶᠠᠷ᠂ ᠴᠡᠭᠴᠡᠯᠡᠨ ᠵᠠᠰᠠᠬᠤ ᠠᠷᠭ᠎ᠠ ᠬᠡᠮᠵᠢᠶ᠎ᠡ      ︵ᠨᠢᠭᠡ︶ ︽ᠬᠠᠤᠯᠢ ᠶᠢ ᠴᠢᠩᠭ᠎ᠠ ᠬᠡᠷᠡᠭᠵᠢᠭᠦᠯᠬᠦ᠂ ᠣᠭᠲᠣ ᠠᠭᠤᠴᠢᠯᠠᠬᠤ ᠥᠬᠡᠶ᠂ ᠪᠦᠬᠦᠨ ᠢ ᠬᠠᠮᠤᠷᠬᠤ︾ ᠱᠠᠭᠠᠷᠳᠠᠯᠭ᠎ᠠ ᠶᠣᠰᠣᠭᠠᠷ᠂ ᠵᠠᠮ ᠬᠠᠷᠢᠯᠴᠠᠭᠠᠨ ᠤ ᠡᠮᠬᠢ ᠳᠢᠭᠯᠢᠮ ᠢ ᠴᠡᠭᠴᠡᠯᠡᠨ ᠵᠠᠰᠠᠬᠤ ᠬᠤᠭᠤᠴᠠᠭᠠᠨ ᠳᠤ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠬᠢᠨ ᠭᠤᠤᠯ ᠬᠤᠲᠠ ᠶᠢᠨ ᠲᠣᠭᠤᠷᠢᠭ ᠢ ᠪᠥᠬᠦ ᠲᠠᠯ᠎ᠠ ᠪᠠᠷ ᠴᠢᠩᠭ᠎ᠠ ᠬᠠᠮᠢᠶᠠᠷᠤᠨ ᠴᠢᠩᠭ᠎ᠠ ᠡᠵᠡᠮᠳᠡᠵᠦ᠂ ᠪᠣᠯᠪᠠᠰᠤᠨ ᠪᠤᠰᠤ ᠵᠢᠯᠣᠭᠤᠴᠢ ᠪᠠ ᠶᠠᠪᠠᠭᠠᠨ ᠬᠥᠮᠦᠨ ᠳᠤ ᠰᠠᠶᠢᠨ ᠳᠤᠷ᠎ᠠ ᠶᠢᠨ ᠦᠢᠯᠡᠴᠢᠯᠡᠭᠡ ᠬᠠᠩᠭᠠᠬᠤ ᠶᠢ ᠱᠠᠭᠠᠷᠳᠠᠨ᠎ᠠ ︵3 ᠠᠴᠠ 1 ᠶᠢ ᠰᠣᠩᠭᠤᠨ᠎ᠠ︶᠂ ᠨᠢᠭᠡ ᠳᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠶᠢᠨ ᠶᠣᠰᠣᠭᠠᠷ ᠵᠣᠭᠤᠰ ᠢᠶᠠᠷ ᠲᠣᠷᠭᠠᠨ᠎ᠠ︔ ᠬᠤᠶᠠᠷ ᠲᠤ᠂ ᠰᠠᠶᠢᠨ ᠳᠤᠷ᠎ᠠ ᠶᠢᠨ ᠦᠢᠯᠡᠴᠢᠯᠡᠭᠡ ᠪᠠᠷ ᠪᠣᠯᠪᠠᠰᠤᠨ ᠪᠤᠰᠤ ᠦᠢᠯᠡ ᠠᠵᠢᠯᠯᠠᠭ᠎ᠠ ᠶᠢ ᠢᠳᠬᠠᠨ ᠵᠠᠯᠠᠷᠠᠭᠤᠯᠤᠨ᠎ᠠ᠂ ᠴᠠᠭ ᠨᠢ 30 ᠮᠢᠨᠦ᠋ᠲ ᠠᠴᠠ ᠳᠤᠲᠠᠭᠤ ᠪᠠᠶᠢᠵᠤ ᠪᠣᠯᠬᠤ ᠥᠬᠡᠶ ︵ᠰᠠᠶᠢᠨ ᠳᠤᠷ᠎ᠠ ᠶᠢᠨ ᠦᠢᠯᠡᠴᠢᠯᠡᠭᠡ ᠳᠤ ᠵᠢᠵᠢᠭ ᠤᠯᠠᠭᠠᠨ ᠲᠤᠭ ᠠᠳᠬᠤᠬᠤ ᠬᠡᠷᠡᠭᠲᠡᠶ︶︔ ᠭᠤᠷᠪᠠ ᠳᠤ᠂ ᠸᠢᠴᠠᠲ ᠶᠢᠨ ᠨᠠᠶᠢᠵᠠ ᠶᠢᠨ ᠬᠦᠷᠢᠶᠡᠨ ᠤ ᠮᠠᠭᠲᠠᠭᠠᠯ ᠰᠠᠶᠢᠰᠢᠶᠠᠯ 30 ᠠᠴᠠ ᠳᠤᠲᠠᠭᠤ ᠪᠠᠶᠢᠵᠤ ᠪᠣᠯᠬᠤ ᠥᠬᠡᠶ᠃      ︵ᠬᠤᠶᠠᠷ︶ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠶᠣᠰᠣᠭᠠᠷ ᠠᠯᠪᠠᠨ ᠠᠵᠢᠯ ᠭᠦᠢᠴᠡᠳᠬᠡᠬᠦ ᠶᠢ ᠲᠡᠪᠴᠢᠵᠦ᠂ ᠬᠠᠷᠰᠢᠯᠠᠭᠰᠠᠨ ᠪᠦᠬᠦᠨ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠬᠡᠯ ᠤᠨ ᠬᠠᠤᠯᠢ︾ ᠶᠢᠨ ᠶᠣᠰᠣᠭᠠᠷ ᠰᠢᠢᠳᠬᠡᠨ᠎ᠡ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠡᠨᠡ ᠤᠳᠠᠭ᠎ᠠ ᠶᠢᠨ ᠲᠤᠰᠬᠠᠶ ᠠᠵᠢᠯᠯᠠᠭ᠎ᠠ ᠪᠣᠯ ᠵᠠᠮ ᠬᠠᠷᠢᠯᠴᠠᠭᠠᠨ ᠤ ᠡᠮᠬᠢ ᠵᠠᠮᠪᠠᠷᠠᠭ᠎ᠠ ᠦᠭᠡᠶ ᠪᠠᠶᠢᠳᠠᠯ ᠢ ᠴᠡᠭᠴᠡᠯᠡᠨ ᠵᠠᠰᠠᠵᠤ᠂ ᠪᠦᠬᠦ ᠠᠷᠠᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠤᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ ᠶᠤᠮ᠂ ᠡᠭᠦᠨ ᠢ ᠥᠷᠭᠡᠨ ᠣᠯᠠᠨ ᠬᠤᠲᠠ ᠶᠢᠨ ᠠᠷᠠᠳ ᠣᠶᠢᠯᠠᠭᠠᠵᠤ᠂ ᠬᠠᠮᠵᠢᠯᠴᠠᠵᠤ᠂ ᠳᠡᠮᠵᠢᠬᠦ ᠬᠡᠷᠡᠭᠲᠡᠶ᠂ ᠵᠠᠮ ᠬᠠᠷᠢᠯᠴᠠᠭᠠᠨ ᠤ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠵᠠᠮ ᠬᠠᠷᠢᠯᠴᠠᠭᠠᠨ ᠤ ᠡᠮᠬᠢ ᠵᠢᠷᠤᠮ ᠢ ᠬᠠᠮᠠᠭᠠᠯᠠᠨ᠂ ᠪᠣᠯᠪᠠᠰᠤᠨ᠂ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠠᠮᠤᠷ ᠲᠦᠪᠰᠢᠨ ᠪᠥᠭᠡᠳ ᠰᠠᠭᠠᠳ ᠦᠭᠡᠶ ᠨᠡᠪᠲᠡᠷᠡᠬᠦ᠂ ᠪᠣᠯᠪᠠᠰᠤᠨ ᠪᠥᠭᠡᠳ ᠡᠮᠬᠢ ᠵᠢᠷᠤᠮ ᠲᠠᠢ ᠵᠠᠮ ᠬᠠᠷᠢᠯᠴᠠᠭᠠᠨ ᠤ ᠣᠷᠴᠢᠨ ᠨᠥᠬᠦᠴᠡᠯ ᠢ ᠬᠠᠮᠲᠤ ᠪᠠᠷ ᠪᠤᠶ ᠪᠣᠯᠭᠠᠬᠤ ᠬᠡᠷᠡᠭᠲᠡᠶ᠃      ᠡᠭᠦᠨ ᠤ ᠲᠤᠯᠠ ᠣᠨᠴᠠᠭᠠᠶᠢᠯᠠᠨ ᠵᠠᠷᠯᠠᠪᠠᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠬᠤᠷᠢᠨᠭᠡᠷ ᠰᠢᠶᠠᠨ ᠤ ᠶᠡᠭᠡ ᠠᠩᠭᠢ              2022 ᠣᠨ ᠤ 8 ᠰᠠᠷ᠎ᠠ ᠶᠢᠨ 22 ᠤᠨ ᠡᠳᠦᠷ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号