ᠳᠠᠭᠠᠭᠤᠯᠢ ᠣᠳᠣᠨ ᠤ ᠭᠠᠵᠠᠷ ᠳᠡᠭᠡᠷᠡᠬᠢ ᠬᠦᠯᠢᠶᠡᠨ ᠠᠪᠬᠤ ᠲᠥᠬᠦᠭᠡᠷᠦᠮᠵᠢ ᠶᠢ ᠠᠷᠢᠯᠭᠠᠨ ᠴᠡᠭᠴᠡᠯᠡᠬᠦ ᠠᠵᠢᠯ ᠢ ᠪᠦᠬᠦ ᠲᠠᠯ᠎ᠠ ᠪᠠᠷ ᠭᠦᠨᠵᠡᠭᠡᠶ ᠥᠷᠨᠢᠭᠦᠯᠬᠦ ᠲᠤᠬᠠᠶ ᠵᠠᠷᠯᠠᠯ
ᠨᠡᠶᠢᠲᠡᠯᠡᠭᠰᠡᠨ ᠴᠠᠭ᠄
2022/8/24
     ᠳᠠᠭᠠᠭᠤᠯᠢ ᠣᠳᠣᠨ ᠤ ᠲᠧᠯᠸᠢᠰ ᠷᠠᠳᠢᠣ᠋ ᠨᠡᠪᠲᠡᠷᠡᠭᠦᠯᠭᠡ ᠶᠢᠨ ᠭᠠᠵᠠᠷ ᠳᠡᠭᠡᠷᠡᠬᠢ ᠬᠦᠯᠢᠶᠡᠨ ᠠᠪᠬᠤ ᠲᠥᠬᠦᠭᠡᠷᠦᠮᠵᠢ ᠶᠢᠨ ᠬᠠᠮᠢᠶᠠᠷᠤᠯᠲᠠ ᠶᠢ ᠦᠨᠡᠨᠬᠦ ᠴᠢᠩᠭᠠᠳᠬᠠᠬᠤ ᠶᠢᠨ ᠲᠤᠰᠠᠳᠠ᠂ ᠮᠠᠨ ᠤ ᠰᠢᠶᠠᠨ ᠤ ᠬᠠᠤᠯᠢ ᠪᠤᠰᠤ ᠳᠠᠭᠠᠭᠤᠯᠢ ᠣᠳᠣᠨ ᠤ ᠭᠠᠵᠠᠷ ᠳᠡᠭᠡᠷᠡᠬᠢ ᠬᠦᠯᠢᠶᠡᠨ ᠠᠪᠬᠤ ᠲᠥᠬᠦᠭᠡᠷᠦᠮᠵᠢ ᠶᠢ ᠠᠷᠢᠯᠭᠠᠨ ᠴᠡᠪᠡᠷᠯᠡᠭᠰᠡᠨ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠤᠯᠤᠰ ᠤᠨ ᠮᠡᠳᠡᠭᠡ ᠵᠠᠩᠭᠢ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠵᠤ᠂ ︽ᠳᠠᠭᠠᠭᠤᠯᠢ ᠣᠳᠣᠨ ᠤ ᠲᠧᠯᠸᠢᠰ ᠷᠠᠳᠢᠣ᠋ ᠨᠡᠪᠲᠡᠷᠡᠭᠦᠯᠭᠡ ᠶᠢᠨ ᠭᠠᠵᠠᠷ ᠳᠡᠭᠡᠷᠡᠬᠢ ᠬᠦᠯᠢᠶᠡᠨ ᠠᠪᠬᠤ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠲᠣᠭᠲᠠᠭᠠᠯ︾ ᠢ ᠦᠨᠳᠦᠰᠦᠯᠡᠵᠦ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ 2022 ᠣᠨ ᠤ 8 ᠰᠠᠷ᠎ᠠ ᠠᠴᠠ ᠡᠬᠢᠯᠡᠨ ᠪᠦᠬᠦ ᠰᠢᠶᠠᠨ ᠤ ᠳᠠᠭᠠᠭᠤᠯᠢ ᠤᠳᠤᠨ ᠤ ᠭᠠᠵᠠᠷ ᠳᠡᠭᠡᠷᠡᠬᠢ ᠬᠦᠯᠢᠶᠡᠨ ᠠᠪᠬᠤ ᠲᠥᠬᠦᠭᠡᠷᠦᠮᠵᠢ ᠶᠢ ᠬᠠᠤᠯᠢ ᠪᠤᠰᠤ ᠪᠠᠷ ᠤᠭᠰᠠᠷᠠᠭᠰᠠᠨ᠂ ᠬᠡᠷᠡᠭᠯᠡᠭᠰᠡᠨ ᠪᠠ ᠵᠥᠪᠰᠢᠶᠡᠷᠡᠯ ᠦᠭᠡᠢ ᠪᠠᠷ ᠳᠠᠭᠠᠭᠤᠯᠢ ᠤᠳᠤᠨ ᠤ ᠭᠠᠵᠠᠷ ᠳᠡᠭᠡᠷᠡᠬᠢ ᠬᠦᠯᠢᠶᠡᠨ ᠠᠪᠬᠤ ᠲᠥᠬᠦᠭᠡᠷᠦᠮᠵᠢ ᠶᠢ ᠳᠤᠷ᠎ᠠ ᠪᠠᠷ ᠢᠶᠠᠨ ᠪᠣᠷᠣᠯᠠᠭᠤᠯᠤᠭᠰᠠᠨ᠂ ᠤᠭᠰᠠᠷᠠᠨ ᠬᠡᠷᠡᠭᠯᠡᠭᠰᠡᠨ ᠬᠤᠪᠢ ᠬᠥᠮᠦᠨ᠂ ᠨᠢᠭᠡᠴᠡ᠂ ᠬᠤᠳᠠᠯᠳᠤᠭᠠᠨ ᠤ ᠫᠦᠰᠡ᠂ ᠬᠤᠭᠤᠯᠠ ᠤᠮᠳᠠ᠂ ᠬᠤᠨᠤᠭ ᠪᠠᠭᠤᠳᠠᠯ᠂ ᠵᠤᠭ᠎ᠠ ᠴᠡᠩᠭᠡᠯ ᠤᠨ ᠭᠠᠵᠠᠷ ᠵᠢᠴᠢ ᠪᠤᠰᠤᠳ ᠤᠯᠠᠨ ᠨᠡᠶᠢᠲᠡ ᠶᠢᠨ ᠲᠠᠯᠠᠪᠤᠷ ᠢ ᠪᠦᠬᠦ ᠲᠠᠯ᠎ᠠ ᠪᠠᠷ ᠴᠡᠪᠡᠷᠯᠡᠨ ᠴᠡᠭᠴᠡᠯᠡᠨ᠎ᠡ᠂ ᠤᠳᠤ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄      ᠨᠢᠭᠡ᠂ ᠤᠯᠤᠰ ᠠᠴᠠ ᠳᠠᠭᠠᠭᠤᠯᠢ ᠤᠳᠤᠨ ᠤ ᠲᠧᠯᠸᠢᠰ ᠷᠠᠳᠢᠣ᠋ ᠨᠡᠪᠲᠡᠷᠡᠭᠦᠯᠭᠡ ᠶᠢᠨ ᠭᠠᠵᠠᠷ ᠳᠡᠭᠡᠷᠡᠬᠢ ᠬᠦᠯᠢᠶᠡᠨ ᠠᠪᠬᠤ ᠲᠥᠬᠦᠭᠡᠷᠦᠮᠵᠢ ᠶᠢ ᠦᠢᠯᠡᠳᠪᠦᠷᠢᠯᠡᠬᠦ᠂ ᠭᠠᠳᠠᠭᠠᠳᠤ ᠠᠴᠠ ᠣᠷᠣᠭᠤᠯᠬᠤ᠂ ᠪᠣᠷᠣᠯᠠᠭᠤᠯᠬᠤ᠂ ᠤᠭᠰᠠᠷᠠᠬᠤ ᠪᠠ ᠬᠡᠷᠡᠭᠯᠡᠬᠦ ᠳᠤ ᠵᠥᠪᠰᠢᠶᠡᠷᠡᠯ ᠤᠨ ᠦᠨᠡᠮᠯᠡᠯ ᠤᠨ ᠳᠦᠷᠢᠮ ᠢ ᠬᠡᠷᠡᠭᠵᠢᠭᠦᠯᠦᠨ᠎ᠡ᠂ ᠶᠠᠮᠠᠷᠪᠠ ᠨᠢᠭᠡᠴᠡ ᠪᠠ ᠬᠤᠪᠢ ᠬᠥᠮᠦᠨ ᠳᠠᠭᠠᠭᠤᠯᠢ ᠤᠳᠤᠨ ᠤ ᠳᠠᠮᠵᠢᠭᠤᠯᠤᠭᠰᠠᠨ ᠬᠢᠯᠢ ᠶᠢᠨ ᠭᠠᠳᠠᠨᠠᠬᠢ ᠲᠧᠯᠸᠢᠰ ᠤᠨ ᠫᠷᠤᠭ᠍ᠷᠠᠮ ᠢ ᠳᠤᠷ᠎ᠠ ᠪᠠᠷ ᠢᠶᠠᠨ ᠬᠦᠯᠢᠶᠡᠨ ᠠᠪᠴᠤ ᠪᠣᠯᠬᠤ ᠦᠭᠡᠢ᠃ ᠳᠠᠭᠠᠭᠤᠯᠢ ᠤᠳᠤᠨ ᠤ ᠭᠠᠵᠠᠷ ᠳᠡᠭᠡᠷᠡᠬᠢ ᠬᠦᠯᠢᠶᠡᠨ ᠠᠪᠬᠤ ᠲᠥᠬᠦᠭᠡᠷᠦᠮᠵᠢ ︵ᠶᠡᠷᠦ ᠳᠡᠭᠡᠨ ᠲᠧᠯᠸᠢᠰ ᠤᠨ ᠬᠦᠯᠢᠶᠡᠨ ᠠᠪᠬᠤ ᠲᠣᠭᠤᠭ᠎ᠠ︶ ᠶᠢ ᠬᠠᠤᠯᠢ ᠪᠤᠰᠤ ᠪᠠᠷ ᠦᠢᠯᠡᠳᠪᠦᠷᠢᠯᠡᠭᠰᠡᠨ᠂ ᠪᠣᠷᠣᠯᠠᠭᠤᠯᠤᠭᠰᠠᠨ᠂ ᠤᠭᠰᠠᠷᠠᠭᠰᠠᠨ ᠪᠦᠬᠦᠨ ᠢ ᠴᠥᠮ ᠴᠡᠪᠡᠷᠯᠡᠨ ᠴᠡᠭᠴᠡᠯᠡᠬᠦ ᠬᠡᠪᠴᠢᠶᠡᠨ ᠳᠤ ᠬᠠᠷᠢᠶᠠᠯᠠᠭᠳᠠᠨ᠎ᠠ᠃      ᠬᠤᠶᠠᠷ᠂ ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠬᠤᠷᠢᠨᠭᠡᠷ ᠰᠢᠶᠠᠨ ᠤ ᠵᠠᠰᠠᠭ ᠵᠠᠬᠢᠷᠭᠠᠨ ᠤ ᠣᠷᠣᠨ ᠳᠤ ᠳᠠᠭᠠᠭᠤᠯᠢ ᠤᠳᠤᠨ ᠤ ᠭᠠᠵᠠᠷ ᠳᠡᠭᠡᠷᠡᠬᠢ ᠬᠦᠯᠢᠶᠡᠨ ᠠᠪᠬᠤ ᠲᠥᠬᠦᠭᠡᠷᠦᠮᠵᠢ ᠶᠢ ᠬᠠᠤᠯᠢ ᠪᠤᠰᠤ ᠪᠠᠷ ᠪᠣᠷᠣᠯᠠᠭᠤᠯᠤᠭᠰᠠᠨ᠂ ᠤᠭᠰᠠᠷᠠᠭᠰᠠᠨ ᠪᠠ ᠬᠡᠷᠡᠭᠯᠡᠭᠰᠡᠨ ᠨᠢᠭᠡᠴᠡ ᠪᠠ ᠬᠤᠪᠢ ᠬᠥᠮᠦᠨ ᠪᠦᠬᠦᠨ ᠳᠠᠭᠠᠭᠤᠯᠢ ᠤᠳᠤᠨ ᠤ ᠭᠠᠵᠠᠷ ᠳᠡᠭᠡᠷᠡᠬᠢ ᠬᠦᠯᠢᠶᠡᠨ ᠠᠪᠬᠤ ᠲᠥᠬᠦᠭᠡᠷᠦᠮᠵᠢ ᠶᠢ ᠬᠠᠤᠯᠢ ᠠᠴᠠ ᠵᠥᠷᠢᠴᠡᠨ ᠪᠣᠷᠣᠯᠠᠭᠤᠯᠤᠭᠰᠠᠨ᠂ ᠤᠭᠰᠠᠷᠠᠭᠰᠠᠨ ᠪᠠ ᠬᠡᠷᠡᠭᠯᠡᠭᠰᠡᠨ ᠠᠵᠢᠯᠯᠠᠭ᠎ᠠ ᠪᠠᠨ ᠡᠷᠬᠡᠪᠰᠢ ᠵᠣᠭᠰᠣᠭᠠᠬᠤ ᠬᠡᠷᠡᠭᠲᠡᠶ᠃      ᠭᠤᠷᠪᠠ᠂ ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠳᠠᠭᠠᠭᠤᠯᠢ ᠤᠳᠤᠨ ᠤ ᠭᠠᠵᠠᠷ ᠳᠡᠭᠡᠷᠡᠬᠢ ᠬᠦᠯᠢᠶᠡᠨ ᠠᠪᠬᠤ ᠲᠥᠬᠦᠭᠡᠷᠦᠮᠵᠢ ᠶᠢ ᠳᠤᠷ᠎ᠠ ᠪᠠᠷ ᠢᠶᠠᠨ ᠤᠭᠰᠠᠷᠠᠨ ᠬᠡᠷᠡᠭᠯᠡᠭᠰᠡᠨ ᠶᠠᠮᠠᠷᠪᠠ ᠨᠢᠭᠡᠴᠡ ᠪᠠ ᠬᠤᠪᠢ ᠬᠥᠮᠦᠨ ᠡᠷᠬᠡᠪᠰᠢ 2022 ᠣᠨ ᠤ 9 ᠰᠠᠷ᠎ᠠ ᠶᠢᠨ 10 ᠤ ᠡᠳᠦᠷ ᠠᠴᠠ ᠡᠮᠦᠨ᠎ᠡ ᠥᠪᠡᠰᠦᠪᠡᠨ ᠠᠷᠢᠯᠭᠠᠨ ᠬᠠᠶᠠᠬᠤ ᠬᠡᠷᠡᠭᠲᠡᠶ᠂ ᠬᠤᠭᠤᠴᠠᠭ᠎ᠠ ᠬᠡᠲᠦᠷᠡᠲᠡᠯ᠎ᠡ ᠠᠷᠢᠯᠭᠠᠭᠰᠠᠨ ᠦᠭᠡᠢ ᠪᠤᠶᠤ ᠦᠷᠭᠦᠯᠵᠢᠯᠡᠨ ᠬᠡᠷᠡᠭᠯᠡᠭᠰᠡᠨ ᠨᠢᠭᠡᠴᠡ ᠵᠢᠴᠢ ᠬᠤᠪᠢ ᠬᠥᠮᠦᠨ ᠶᠢ ︽ᠳᠠᠭᠠᠭᠤᠯᠢ ᠤᠳᠤᠨ ᠤ ᠲᠧᠯᠸᠢᠰ ᠷᠠᠳᠢᠣ᠋ ᠨᠡᠪᠲᠡᠷᠡᠭᠦᠯᠭᠡ ᠶᠢᠨ ᠭᠠᠵᠠᠷ ᠳᠡᠭᠡᠷᠡᠬᠢ ᠬᠦᠯᠢᠶᠡᠨ ᠠᠪᠬᠤ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠲᠣᠭᠲᠠᠭᠠᠯ︾ ᠢ ᠦᠨᠳᠦᠰᠦᠯᠡᠨ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠵᠣᠬᠢᠬᠤ ᠰᠢᠢᠳᠬᠡᠯ ᠥᠭᠭᠦᠨ᠎ᠡ᠃      ᠲᠦᠷᠪᠡ᠂ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠳᠠᠭᠠᠭᠤᠯᠢ ᠤᠳᠤᠨ ᠤ ᠭᠠᠵᠠᠷ ᠳᠡᠭᠡᠷᠡᠬᠢ ᠬᠦᠯᠢᠶᠡᠨ ᠠᠪᠬᠤ ᠲᠥᠬᠦᠭᠡᠷᠦᠮᠵᠢ ᠶᠢ ᠬᠠᠤᠯᠢ ᠶᠣᠰᠣᠭᠠᠷ ᠬᠠᠮᠢᠶᠠᠷᠬᠤ ᠶᠢ ᠡᠰᠡᠷᠭᠦᠴᠡᠭᠰᠡᠨ᠂ ᠬᠠᠷᠰᠢᠯᠠᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠬᠡᠯ ᠤᠨ ᠬᠠᠤᠯᠢ︾ ᠶᠢᠨ ᠲᠣᠭᠲᠠᠭᠠᠯ ᠶᠣᠰᠣᠭᠠᠷ ᠰᠢᠢᠳᠬᠡᠨ᠎ᠡ︔ ᠤᠢᠢᠯᠠ ᠪᠠᠶᠢᠳᠠᠯ ᠨᠢ ᠬᠦᠨᠳᠦ ᠨᠣᠴᠢᠲᠠᠶ ᠪᠠᠶᠢᠵᠤ᠂ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠠᠴᠠ ᠬᠠᠤᠯᠢ ᠶᠣᠰᠣᠭᠠᠷ ᠲᠤᠬᠠᠶ ᠶᠢᠨ ᠬᠥᠮᠦᠨ ᠤ ᠡᠷᠡᠭᠦᠦ ᠶᠢᠨ ᠬᠠᠷᠢᠭᠤᠴᠠᠯᠭ᠎ᠠ ᠶᠢ ᠨᠡᠬᠡᠮᠵᠢᠯᠡᠨ᠎ᠡ᠃      ᠲᠠᠪᠤ᠂ ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠥᠷᠭᠡᠨ ᠤᠯᠠᠨ ᠬᠤᠳᠠ ᠶᠢᠨ ᠠᠷᠠᠳ ᠤᠯᠠᠨ ᠢᠶᠠᠷ ᠢᠶᠠᠨ ᠮᠡᠳᠡᠨ ᠠᠪᠴᠤ ᠬᠠᠷᠢᠯᠴᠠᠨ ᠳᠠᠮᠵᠢᠭᠤᠯᠬᠤ ᠶᠢ ᠬᠦᠰᠡᠵᠦ ᠪᠠᠶᠢᠨ᠎ᠠ᠃ᠬᠤᠷᠢᠨᠭᠡᠷ ᠰᠢᠶᠠᠨ ᠤ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ                  2022 ᠣᠨ ᠤ 8 ᠰᠠᠷ᠎ᠠ ᠶᠢᠨ 23 ᠤ ᠡᠳᠦᠷ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号