ᠪᠦᠬᠦ ᠬᠤᠲᠠ ᠶᠢᠨ ᠲᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2022/8/25
     ᠵᠣᠴᠢᠨ᠄ ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠠᠵᠤ ᠠᠬᠤᠢ ᠶᠢᠨ ᠰᠤᠳᠤᠯᠭᠠᠨ ᠤ ᠲᠥᠪ ᠤᠨ ᠡᠷᠬᠢᠯᠡᠭᠴᠢ ᠽᠧᠩ ᠯᠢᠩ ᠰᠢᠨ᠂ ᠠᠵᠤ ᠠᠬᠤᠢ ᠶᠢᠨ ᠰᠤᠳᠤᠯᠭᠠᠨ ᠤ ᠲᠥᠪ ᠤᠨ ᠳᠡᠳ᠋ ᠡᠷᠬᠢᠯᠡᠭᠴᠢ ᠯᠢ ᠪᠢᠨ᠂ ᠠᠵᠤ ᠠᠬᠤᠢ ᠶᠢᠨ ᠰᠤᠳᠤᠯᠭᠠᠨ ᠤ ᠲᠥᠪ ᠤᠨ ᠳᠡᠳ᠋ ᠡᠷᠬᠢᠯᠡᠭᠴᠢ ᠤᠯᠠᠭᠠᠨ      ᠬᠠᠮᠢᠶᠠᠷᠤᠭᠴᠢ᠄      ᠲᠣᠰ ᠤᠳᠠᠭᠠᠨ ᠤ ᠰᠣᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠬᠢᠭᠡᠳ ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠤᠨ ᠷᠠᠳᠢᠣ᠋ ᠶᠢᠨ ᠬᠠᠮᠲᠤᠷᠠᠭᠰᠠᠨ ᠲᠤᠰᠬᠠᠢ ᠰᠣᠷᠪᠤᠯᠵᠢᠯᠠᠭ᠎ᠠ ᠪᠣᠯᠣᠨ᠎ᠠ᠂ ᠰᠦᠯᠵᠢᠶᠡᠨ ᠠᠨᠳᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ ᠵᠣᠴᠢᠳ ᠲᠠᠢ  ᠦᠵᠡᠯ ᠪᠤᠳᠤᠯ ᠢᠶᠠᠨ ᠰᠣᠯᠢᠯᠴᠠᠵᠤ ᠪᠣᠯᠣᠨ᠎ᠠ᠂ ᠰᠦᠯᠵᠢᠶᠡᠨ ᠠᠨᠳᠠ ᠨᠠᠷ ᠤᠨ ᠢᠳᠡᠪᠬᠢᠲᠡᠢ ᠣᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ᠬᠥᠲᠥᠯᠥᠭᠴᠢ᠄      ᠳᠡᠭᠡᠷ᠎ᠡ ᠬᠠᠭᠠᠰ ᠵᠢᠯ ᠢ ᠡᠷᠬᠢᠴᠡᠭᠦᠯᠬᠦ ᠳᠤ᠂ ᠪᠦᠬᠦ ᠤᠯᠤᠰ ᠤᠨ ᠠᠵᠤ ᠠᠬᠤᠢ ᠴᠥᠮ ᠨᠡᠯᠢᠶᠡᠳ ᠶᠡᠭᠡ ᠪᠠᠭᠤᠷᠠᠬᠤ ᠳᠠᠷᠤᠯᠲᠠ ᠳᠤ ᠲᠤᠯᠭᠠᠷᠠᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ︽ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠢ ᠶᠢ ᠲᠣᠭᠲᠠᠪᠤᠷᠢᠵᠢᠭᠤᠯᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠲᠣᠳᠣᠷᠬᠠᠢ ᠱᠠᠭᠠᠷᠳᠠᠯᠭ᠎ᠠ ᠳᠤᠷᠠᠳᠴᠠᠢ᠂ ᠡᠶᠢᠮᠦᠷᠬᠦᠦ ᠪᠠᠶᠢᠳᠠᠯ ᠤᠨ ᠳᠣᠣᠷ᠎ᠠ᠂ ᠨᠡᠶᠢᠭᠡᠮ ᠤᠨ ᠡᠯ᠎ᠡ ᠡᠲᠡᠭᠡᠳ ᠤᠨ ᠬᠢᠨ ᠮᠠᠨ ᠤ ᠬᠤᠲᠠ ᠶᠢᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠳᠡᠭᠡᠳᠦ ᠬᠡᠮᠵᠢᠶ᠎ᠡ ᠪᠠᠷ ᠠᠩᠬᠠᠷᠴᠤ ᠪᠠᠶᠢᠨ᠎ᠠ᠃ ᠣᠳᠣᠬᠠᠨ ᠳᠤ᠂ ᠳᠡᠭᠡᠷ᠎ᠡ ᠬᠠᠭᠠᠰ ᠵᠢᠯ ᠤᠨ ᠡᠯ᠎ᠡ ᠵᠦᠢᠯ ᠤᠨ ᠲᠤᠭ᠎ᠠ ᠪᠠᠷᠢᠮᠲᠠ ᠶᠢ ᠨᠢᠭᠡᠨᠲᠡ ᠨᠡᠶᠢᠲᠡᠯᠡᠯ᠎ᠡ᠂ ᠮᠠᠨ ᠤ ᠬᠤᠲᠠ ᠶᠢᠨ ᠠᠵᠤ ᠠᠬᠤᠢ ᠶᠢᠨ ᠠᠵᠢᠯᠯᠠᠭᠠᠨ ᠨᠢ ᠶᠠᠮᠠᠷᠰᠢᠤ ︽ᠬᠢᠷᠢ ᠪᠦᠲᠦᠮᠵᠢ ᠶᠢᠨ ᠬᠠᠭᠤᠳᠠᠰᠤ︾ ᠶᠢ ᠲᠤᠰᠢᠶᠠᠭᠰᠠᠨ ᠪᠤᠶ︖ ᠴᠢᠨᠠᠷ ᠰᠠᠶᠢᠲᠠᠢ ᠬᠥᠭᠵᠢᠯᠲᠡ ᠶᠢᠨ ᠠᠵᠢᠯ ᠢ ᠬᠡᠷᠬᠢᠨ ᠠᠬᠢᠭᠤᠯᠤᠭᠰᠠᠨ ᠪᠤᠢ︖      ᠬᠥᠲᠥᠯᠥᠭᠴᠢ᠄      ᠶᠠᠭᠤᠨ ᠤ ᠡᠮᠦᠨ᠎ᠡ ᠳᠡᠭᠡᠷ᠎ᠡ ᠬᠠᠭᠠᠰ ᠵᠢᠯ ᠤᠨ ᠪᠦᠬᠦ ᠬᠤᠲᠠ ᠶᠢᠨ ᠠᠵᠤ ᠠᠬᠤᠢ ᠶᠢᠨ ᠠᠵᠢᠯᠯᠠᠭᠠᠨ ᠤ ᠶᠡᠷᠦᠩᠬᠡᠢ ᠪᠠᠶᠢᠳᠠᠯ ᠢ ᠲᠠᠨᠢᠯᠴᠠᠭᠤᠯᠤᠭᠠᠳ ᠦᠭᠭᠦᠨ᠎ᠡ ᠤᠤ᠃      ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠠᠵᠤ ᠠᠬᠤᠢ ᠶᠢᠨ ᠰᠤᠳᠤᠯᠭᠠᠨ ᠤ ᠲᠥᠪ ᠤᠨ ᠡᠷᠬᠢᠯᠡᠭᠴᠢ ᠽᠧᠩ ᠯᠢᠩ ᠰᠢᠨ᠄      ᠡᠨᠡ ᠵᠢᠯ ᠤᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ︽ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠵᠤ᠂ ᠲᠣᠭᠲᠠᠭᠤᠨ ᠤ ᠳᠤᠮᠳᠠ ᠤᠷᠤᠭᠰᠢᠯᠠᠬᠤ︾ ᠶᠡᠷᠦᠩᠬᠡᠢ ᠱᠠᠭᠠᠷᠳᠠᠯᠭ᠎ᠠ ᠶᠢ ᠳᠤᠷᠠᠳᠤᠨ ᠭᠠᠷᠭᠠᠵᠤ᠂ ︽ᠶᠡᠭᠡ ᠲᠠᠯ᠎ᠠ ᠶᠢ ᠲᠣᠭᠲᠠᠭᠤᠨ ᠪᠠᠶᠢᠯᠭᠠᠬᠤ︾ ᠶᠢ 2022 ᠣᠨ ᠤ ᠠᠵᠤ ᠠᠬᠤᠢ ᠶᠢᠨ ᠠᠵᠢᠯ ᠤᠨ ︽ᠶᠡᠷᠦᠩᠬᠡᠢ ᠬᠥᠭ ᠠᠶᠠᠰ︾ ᠪᠣᠯᠭᠠᠪᠠ᠃ ᠳᠡᠭᠡᠷ᠎ᠡ ᠬᠠᠭᠠᠰ ᠵᠢᠯ ᠳᠤ᠂ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠬᠤᠷᠸ᠎ᠠ ᠪᠠᠶᠢᠳᠠᠯ ᠪᠠ ᠬᠢᠵᠢᠭ ᠤᠨ ᠪᠠᠶᠢᠳᠠᠯ ᠣᠯᠠᠨ ᠡᠭᠦᠰᠦᠭᠰᠡᠨ ᠳᠠᠭᠠᠷᠢᠯᠲᠠ ᠶᠢᠨ ᠡᠮᠦᠨ᠎ᠡ᠂ ᠮᠠᠨ ᠤ ᠬᠤᠲᠠ ︽ᠠᠵᠤ ᠠᠬᠤᠢ ᠶᠢ ᠲᠣᠭᠲᠠᠭᠤᠨ ᠪᠠᠶᠢᠯᠭᠠᠬᠤ︾ ᠶᠢ ᠨᠠᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠭᠦᠢᠴᠡᠳᠬᠡᠯ ᠲᠤᠭ᠎ᠠ ᠶᠢᠨ ᠠᠵᠢᠯᠯᠠᠭᠠᠨ ᠢ ᠠᠳᠬᠤᠬᠤ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠳᠬᠤᠬᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠳᠬᠤᠬᠤ᠂ ᠠᠵᠤ ᠦᠢᠯᠡᠰ ᠤᠨ ᠬᠥᠭᠵᠢᠯᠲᠡ ᠶᠢ ᠠᠳᠬᠤᠬᠤ᠂ ᠠᠵᠤ ᠠᠬᠤᠶᠢᠯᠠᠯ ᠤᠨ ᠪᠠᠲᠤᠯᠠᠭ᠎ᠠ ᠶᠢ ᠠᠳᠬᠤᠬᠤ ᠵᠡᠷᠭᠡ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠠᠪᠬᠤ ᠪᠠᠷ ᠳᠠᠮᠵᠢᠭᠤᠯᠤᠨ᠂ ᠳᠠᠷᠤᠯᠲᠠ ᠶᠢ ᠳᠠᠭᠠᠭᠠᠵᠤ᠂ ᠦᠷᠭᠦᠯᠵᠢᠯᠡᠨ ᠬᠦᠴᠦᠯᠡᠪᠡ᠃ ᠨᠢᠭᠡᠳᠦᠭᠡᠷ ᠤᠯᠠᠷᠢᠯ ᠳᠤ ︽ᠲᠣᠭᠲᠠᠭᠤᠨ ᠢᠶᠠᠷ ᠡᠬᠢᠯᠡᠵᠦ︾᠂ 4 ᠳ᠋ᠤᠭᠡᠷ ᠰᠠᠷ᠎ᠠ ᠳᠤ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ︽ᠪᠠᠭᠤᠷᠠᠭᠰᠠᠨ︾ ᠪᠠᠶᠢᠳᠠᠯ ᠢᠯᠡᠷᠡᠵᠦ᠂ 5 ᠳ᠋ᠤᠭᠠᠷ ᠰᠠᠷ᠎ᠠ᠂ 6 ᠳ᠋ᠤᠭᠠᠷ ᠰᠠᠷ᠎ᠠ ᠳᠤ ᠬᠡᠰᠡᠭ ᠭᠦᠢᠴᠡᠳᠬᠡᠯ ᠲᠤᠭ᠎ᠠ ︽ᠲᠣᠭᠲᠠᠭᠤᠨ ᠢᠶᠠᠷ ᠳᠡᠭᠡᠭᠰᠢᠯᠡᠬᠦ︾ ᠶᠢ ᠪᠡᠶᠡᠯᠡᠭᠦᠯᠪᠡ᠃ ᠭᠦᠢᠴᠡᠳᠬᠡᠯ ᠲᠤᠭ᠎ᠠ ᠶᠢ ᠬᠤᠪᠢᠶᠠᠵᠤ ᠦᠵᠡᠪᠡᠯ᠄      ᠳᠡᠭᠡᠷ᠎ᠡ ᠬᠠᠭᠠᠰ ᠵᠢᠯ ᠳᠤ᠂ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ 1663.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.1% ᠪᠠᠷ ᠨᠡᠮᠡᠭᠳᠡᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠠᠳᠠᠯᠢ ᠬᠤᠭᠤᠴᠠᠭᠠᠨ ᠤ ᠬᠢ ᠠᠴᠠ 4.4% ᠨᠡᠮᠡᠭᠳᠡᠵᠦ᠂ ᠨᠡᠮᠡᠭᠳᠡᠯ ᠤᠨ ᠬᠠᠨᠳᠤᠰᠢ ᠲᠣᠭᠲᠠᠭᠤᠨ ᠪᠠᠶᠢᠨ᠎ᠠ᠃ ᠬᠤᠶᠠᠳᠤᠭᠠᠷ ᠠᠵᠤ ᠦᠢᠯᠡᠰ ᠠᠳᠠᠯᠢ ᠬᠤᠭᠤᠴᠠᠭᠠᠨ ᠤ ᠬᠢ ᠠᠴᠠ 3% ᠪᠠᠷ ᠨᠡᠮᠡᠭᠳᠡᠪᠡ᠂ ᠡᠭᠦᠨ ᠳᠤ ᠦᠶᠯᠡᠳᠬᠦ ᠦᠢᠯᠡᠰ ᠠᠳᠠᠯᠢ ᠬᠤᠭᠤᠴᠠᠭᠠᠨ ᠤ  ᠬᠢ ᠠᠴᠠ 6.2% ᠢᠶᠠᠷ ᠨᠡᠮᠡᠭᠳᠡᠵᠦ᠂ ᠨᠡᠯᠢᠶᠡᠳ ᠲᠦᠷᠭᠡᠨ ᠨᠡᠮᠡᠭᠳᠡᠵᠡᠢ᠃ ᠭᠤᠷᠪᠠᠳᠤᠭᠠᠷ ᠠᠵᠤ ᠦᠢᠯᠡᠰ ᠠᠳᠠᠯᠢ ᠬᠤᠭᠤᠴᠠᠭᠠᠨ ᠤ ᠬᠢ ᠠᠴᠠ 3.1% ᠨᠡᠮᠡᠭᠳᠡᠪᠡ᠃ ᠮᠡᠳᠡᠭᠡ ᠵᠠᠩᠭᠢ ᠳᠠᠮᠵᠢᠭᠤᠯᠬᠤ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠲᠦᠷᠢᠶᠡᠰᠦᠯᠡᠬᠦ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠡᠷᠡᠭᠦᠯ ᠬᠠᠮᠠᠭᠠᠯᠠᠯ ᠪᠠ ᠨᠡᠶᠢᠭᠡᠮ ᠤᠨ ᠠᠵᠢᠯ ᠵᠡᠷᠭᠡ ᠠᠵᠢᠯ ᠲᠥᠷᠥᠯ ᠤᠨ ᠳᠠᠶᠢᠴᠢᠯᠠᠯᠲᠠ ᠢᠯᠡᠳᠲᠡ ᠪᠠᠶᠢᠨ᠎ᠠ᠃      ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ  ᠬᠢ ᠠᠴᠠ 2.8% ᠨᠡᠮᠡᠭᠳᠡᠪᠡ᠃ 27 ᠶᠡᠭᠡ ᠲᠦᠷᠦᠯ ᠤᠨ ᠠᠵᠢᠯ ᠲᠦᠷᠦᠯ ᠤᠨ ᠨᠡᠮᠡᠭᠳᠡᠯ ᠤᠨ ᠬᠡᠪᠴᠢᠶ᠎ᠡ 55.6% ᠳᠤ ᠬᠦᠷᠴᠦ᠂ ᠡᠭᠦᠨ ᠤ ᠳᠣᠲᠣᠷ᠎ᠠ 8 ᠠᠵᠢᠯ ᠲᠦᠷᠦᠯ ︽ᠬᠤᠶᠠᠷ ᠣᠷᠣᠨᠲᠤ ᠲᠤᠭ᠎ᠠ︾ ᠶᠢᠨ ᠨᠡᠮᠡᠭᠳᠡᠯ ᠢ ᠪᠡᠶᠡᠯᠡᠭᠦᠯᠪᠡ᠃ ᠬᠤᠸᠠ ᠶᠣᠣ ᠬᠡᠷᠡᠯ ᠴᠠᠬᠢᠯᠭᠠᠨ᠂ ᠱᠧᠩ ᠹᠠᠨ᠂ ᠵᠥᠩ ᠯᠢ ᠵᠡᠷᠭᠡ ᠰᠢᠨ᠎ᠡ ᠪᠠᠷ ᠠᠰᠢᠭᠯᠠᠯᠲᠠ ᠳᠤ ᠣᠷᠣᠭᠤᠯᠤᠭᠰᠠᠨ ᠲᠥᠷᠥᠯ ᠵᠦᠢᠯ ᠤᠨ ᠳᠠᠶᠢᠴᠢᠯᠠᠬᠤ ᠦᠢᠯᠡᠳᠦᠯ ᠢᠯᠡᠷᠬᠡᠢ ᠪᠠᠶᠢᠨ᠎ᠠ᠃      ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 41.5% ᠨᠡᠮᠡᠭᠳᠡᠪᠡ᠃ ᠰᠠᠭᠤᠷᠢ ᠪᠡᠯᠡᠳᠬᠡᠮᠵᠢ ᠶᠢᠨ ᠪᠡᠯᠡ ᠣᠷᠣᠭᠤᠯᠤᠯᠲᠠ ᠨᠢ ᠭᠤᠣᠯ ᠲᠠᠲᠠᠬᠤ ᠬᠦᠴᠦᠨ ᠪᠣᠯᠵᠤ᠂ ᠪᠥᠬᠦ ᠪᠡᠯᠡ ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ ᠨᠢ 29.5% ᠳᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 1.9 ᠳᠠᠬᠢᠨ ᠨᠡᠮᠡᠭᠳᠡᠨ᠂ ᠪᠥᠬᠦ ᠬᠤᠲᠠ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠢ 27.5 ᠵᠠᠭᠤᠨ ᠤ ᠨᠢᠭᠡᠴᠢ ᠳᠠᠶᠢᠴᠢᠯᠠᠪᠠ᠃ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠬᠦᠴᠦᠲᠡᠢ ᠨᠡᠮᠡᠭᠳᠡᠯ ᠤᠨ ᠬᠠᠨᠳᠤᠰᠢ ᠪᠠᠨ ᠪᠠᠲᠤᠯᠠᠵᠤ᠂ ᠠᠵᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠪᠡᠯᠡ ᠣᠷᠣᠭᠤᠯᠤᠯᠲᠠ ᠶᠢᠨ ᠬᠥᠭᠵᠢᠯᠲᠡ ᠶᠢᠨ ᠬᠠᠨᠳᠤᠰᠢ ᠰᠠᠶᠢᠨ ᠪᠠᠶᠢᠨ᠎ᠠ᠃      ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 486.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.1% ᠪᠠᠭᠤᠷᠠᠪᠠ᠃ ᠴᠢᠯᠠᠭᠤᠨ ᠲᠣᠰᠣ ᠵᠢᠴᠢ ᠪᠦᠲᠦᠭᠡᠭᠳᠡᠬᠦᠨ ᠤ ᠲᠥᠷᠥᠯ ᠤᠨ ᠪᠣᠷᠤᠯᠠᠭᠤᠯᠭ᠎ᠠ ᠶᠢᠨ ᠬᠡᠷᠡᠭᠯᠡᠭᠡ ᠳᠤ ᠦᠵᠡᠭᠦᠯᠦᠭᠰᠡᠨ ᠳᠠᠶᠢᠴᠢᠯᠠᠬᠤ ᠦᠢᠯᠡᠳᠦᠯ ᠨᠡᠯᠢᠶᠡᠳ ᠶᠡᠭᠡ ᠪᠠᠶᠢᠵᠤ᠂ ᠦᠨᠳᠦᠰᠦᠨ ᠠᠮᠢᠳᠤᠷᠠᠯ ᠤᠨ ᠲᠥᠷᠥᠯ ᠤᠨ ᠲᠠᠸᠠᠷ ᠲᠣᠭᠲᠠᠭᠤᠨ ᠪᠠᠶᠢᠳᠠᠯ ᠢᠶᠠᠨ ᠦᠷᠭᠦᠯᠵᠢᠯᠡᠨ ᠪᠠᠲᠤᠯᠠᠵᠤ᠂ ᠮᠠᠰᠢᠨ ᠲᠡᠷᠭᠡᠨ ᠤ ᠵᠠᠬ᠎ᠠ ᠳᠡᠯᠭᠡᠭᠦᠷ ᠠᠯᠬᠤᠮ ᠠᠯᠬᠤᠮ ᠢᠶᠠᠷ ᠰᠠᠶᠢᠵᠢᠷᠠᠪᠠ᠃      ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 135.37 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠨᠡᠮᠡᠭᠳᠡᠯ ᠦᠷᠳᠡᠭ ᠤᠨ ᠭᠠᠶᠢᠯᠢ ᠶᠢᠨ ᠦᠯᠡᠳᠡᠭᠰᠡᠨ ᠰᠠᠭᠤᠳᠬᠠᠯ ᠭᠠᠶᠢᠯᠢ ᠶᠢᠨ ᠬᠦᠴᠦᠨ ᠵᠦᠢᠯ ᠢ ᠬᠠᠰᠤᠪᠠᠯ 22% ᠢᠶᠠᠷ ᠨᠡᠮᠡᠭᠳᠡᠪᠡ᠃      ᠪᠥᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 21595 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5% ᠪᠠᠷ ᠨᠡᠮᠡᠭᠳᠡᠪᠡ᠃ ᠡᠭᠦᠨ ᠳᠤ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 27005 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.1% ᠨᠡᠮᠡᠭᠳᠡᠵᠡᠢ᠃ ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠡ ᠶᠢᠨ ᠴᠠᠯᠢᠩ ᠤᠨ ᠪᠠᠷᠢᠮᠵᠢᠶ᠎ᠠ ᠶᠢ ᠲᠣᠬᠢᠷᠠᠭᠤᠯᠤᠭᠰᠠᠨ ᠪᠠ ᠠᠵᠢᠯ ᠤᠨ ᠠᠮᠵᠢᠯᠲᠠ ᠪᠦᠲᠦᠮᠵᠢ ᠶᠢᠨ ᠱᠠᠩᠨᠠᠯ ᠤᠨ ᠮᠥᠩᠭᠦ ᠣᠯᠭᠤᠭᠰᠠᠨ ᠨᠢ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠭᠰᠠᠨ ᠨᠢ ᠢᠯᠡᠷᠬᠡᠢ ᠪᠠᠶᠢᠨ᠎ᠠ᠃ ᠬᠦ᠋ᠳᠡᠭᠡ ᠲᠣᠰᠬᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 9742 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.4% ᠨᠡᠮᠡᠭᠳᠡᠪᠡ᠃ ᠡᠨᠡ ᠵᠢᠯ ᠤᠨ ᠠᠮᠤ ᠪᠤᠳᠠᠭᠠᠨ ᠤ ᠦᠨ᠎ᠡ ᠨᠡᠯᠢᠶᠡᠳ ᠥᠨᠳᠥᠷ᠂ ᠲᠠᠷᠢᠮᠠᠯ ᠤᠨ ᠦᠷ᠎ᠡ ᠠᠰᠢᠭ ᠰᠠᠶᠢᠵᠢᠷᠠᠵᠤ᠂ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠠᠶᠢᠳᠠᠯ ᠲᠣᠭᠲᠠᠭᠤᠨ ᠪᠣᠯᠤᠭᠰᠠᠨ ᠠᠴᠠ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠭᠰᠠᠨ ᠪᠠᠶᠢᠨ᠎ᠠ᠃      ᠶᠡᠷᠦᠩᠬᠡᠢ ᠳᠤᠨᠢ ᠠᠪᠴᠤ ᠦᠵᠡᠪᠡᠯ᠂ ᠳᠡᠭᠡᠷ᠎ᠡ ᠬᠠᠭᠠᠰ ᠵᠢᠯ ᠳᠤ᠂ ᠬᠡᠳᠦᠶᠢᠪᠡᠷ ᠪᠥᠬᠦ ᠬᠤᠲᠠ ᠶᠢᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠨᠢ ᠵᠢᠯ ᠤᠨ ᠡᠬᠢᠨ ᠤ ᠵᠢᠱᠢᠭᠰᠡᠨ ᠬᠠᠷᠠᠯᠲᠠ ᠪᠣᠯᠣᠨ ᠥᠪᠡᠷᠲᠡᠭᠡᠨ ᠵᠠᠰᠠᠬᠤ ᠣᠷᠣᠨ ᠤ ᠳᠤᠮᠳᠠᠴᠢ ᠬᠢᠷᠢ ᠲᠦᠪᠰᠢᠨ ᠲᠠᠢ ᠵᠣᠬᠢᠬᠤ ᠵᠥᠷᠢᠶ᠎ᠡ ᠲᠠᠢ ᠪᠠᠶᠢᠭᠰᠠᠨ ᠴᠤ ᠶᠡᠷᠦᠩᠬᠡᠢ ᠳᠡᠭᠡᠨ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ ᠥᠨᠳᠥᠷ ᠪᠠᠶᠢᠵᠤ᠂ ᠢᠯᠠᠩᠭᠤᠶ᠎ᠠ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠭᠰᠡᠨ ᠪᠠᠶᠢᠨ᠎ᠠ᠃ ᠬᠢᠵᠢᠭ ᠤᠨ ᠪᠠᠶᠢᠳᠠᠯ ᠵᠡᠷᠭᠡ ᠵᠢᠱᠢᠯᠲᠡ ᠠᠴᠠ ᠳᠠᠪᠠᠭᠰᠠᠨ ᠬᠦᠴᠦᠨ ᠵᠦᠢᠯ ᠤᠨ ᠳᠠᠭᠠᠷᠢᠯᠲᠠ ᠶᠢᠨ ᠳᠣᠣᠷ᠎ᠠ᠂ ᠪᠦᠬᠦ ᠬᠤᠳᠠ ᠶᠢᠨ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠦᠨᠳᠦᠰᠦᠨ ᠳᠡᠭᠡᠨ ᠵᠣᠬᠢᠰᠲᠠᠢ ᠣᠷᠣᠨ ᠵᠠᠢ ᠳᠤ ᠪᠠᠶᠢᠯᠭᠠᠵᠤ᠂ ᠠᠵᠤ ᠠᠬᠤᠢ ᠶᠢᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠨᠡᠶᠢᠴᠡᠵᠡᠢ᠃      ᠬᠥᠲᠥᠯᠥᠭᠴᠢ᠄      ᠰᠠᠶ᠋ᠢ ᠲᠠᠨᠢᠯᠴᠠᠭᠤᠯᠤᠭᠰᠠᠨ ᠢᠶᠠᠷ ᠳᠠᠮᠵᠢᠭᠠᠳ ᠣᠯᠠᠨ ᠢᠶᠠᠷ ᠢᠶᠠᠨ ᠳᠡᠭᠡᠷ᠎ᠡ ᠬᠠᠭᠠᠰ ᠵᠢᠯ ᠤᠨ ᠪᠥᠬᠦ ᠬᠤᠲᠠ ᠶᠢᠨ ᠠᠵᠤ ᠠᠬᠤᠢ ᠶᠢᠨ ᠠᠵᠢᠯᠯᠠᠭᠠᠨ ᠤ ᠲᠤᠬᠠᠢ ᠨᠢᠭᠡᠨ ᠶᠡᠷᠦᠩᠬᠡᠢ ᠴᠢᠨᠠᠷᠲᠠᠢ ᠣᠶᠢᠯᠠᠭᠠᠯᠲᠠ ᠲᠠᠢ  ᠪᠣᠯᠤᠯ᠎ᠠ᠃ ᠣᠳᠣᠬᠠᠨ ᠳᠤ ᠡᠯ᠎ᠡ ᠭᠠᠵᠠᠷ ᠤᠨ ᠬᠢᠨ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ ᠶᠢ ᠠᠷᠭᠠᠴᠠᠬᠤ ᠶᠢᠨ ᠲᠥᠯᠥᠭᠡ ᠠᠵᠤ ᠠᠬᠤᠢ ᠶᠢ ᠲᠣᠭᠲᠠᠪᠤᠷᠢᠵᠢᠭᠤᠯᠬᠤ ᠠᠯᠢ ᠣᠯᠠᠨ ᠲᠥᠷᠥ ᠶᠢᠨ ᠪᠣᠳᠣᠯᠭ᠎ᠠ ᠶᠢ ᠵᠠᠯᠭᠠᠭ᠎ᠠ ᠪᠠᠷ ᠨᠡᠶᠢᠲᠡᠯᠡᠨ ᠬᠡᠷᠡᠭᠵᠢᠭᠦᠯᠦᠭᠰᠡᠨ ᠪᠠᠶᠢᠨ᠎ᠠ᠂ ᠲᠡᠭᠡᠪᠡᠯ ᠮᠠᠨ ᠤ ᠬᠤᠲᠠ ᠡᠨᠡ ᠵᠢᠯ ᠶᠠᠮᠠᠷ ᠶᠠᠮᠠᠷ ᠲᠥᠷᠥ ᠶᠢᠨ ᠪᠣᠳᠣᠯᠭ᠎ᠠ ᠶᠢ ᠨᠡᠶᠢᠲᠡᠯᠡᠨ ᠬᠡᠷᠡᠭᠵᠢᠭᠦᠯᠦᠭᠰᠡᠨ ᠪᠣᠶ︖ ᠡᠳᠡᠭᠡᠷ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠤ ᠦᠷ᠎ᠡ ᠳ᠋ᠦᠩ ᠨᠢ ᠶᠠᠮᠠᠷ ᠵᠡᠷᠭᠡ ᠪᠣᠢ︖      ᠠᠵᠤ ᠠᠬᠤᠢ ᠶᠢᠨ ᠰᠤᠳᠤᠯᠭᠠᠨ ᠤ ᠲᠥᠪ ᠤᠨ ᠳᠡᠳ᠋ ᠡᠷᠬᠢᠯᠡᠭᠴᠢ ᠯᠢ ᠪᠢᠨ᠄
     ᠡᠨᠡ ᠵᠢᠯ᠂ ᠮᠠᠨ ᠤ ᠬᠤᠲᠠ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠪᠠ ᠴᠢᠨᠠᠷ ᠰᠠᠶᠢᠲᠠᠢ ᠬᠥᠭᠵᠢᠯᠲᠡ ᠶᠢᠨ ᠲᠣᠭᠤᠷᠢᠨ ᠳᠤ᠂ ᠠᠵᠤ ᠠᠬᠤᠶᠢᠯᠠᠯ ᠢ ᠲᠣᠭᠲᠠᠪᠤᠷᠢᠵᠢᠭᠤᠯᠤᠨ ᠠᠰᠢᠭᠲᠠᠢ ᠪᠠᠶᠢᠯᠭᠠᠬᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠠᠯᠢ ᠣᠯᠠᠨ ᠲᠥᠷᠥ ᠶᠢᠨ ᠪᠣᠳᠣᠯᠭ᠎ᠠ ᠶᠢ ᠨᠡᠶᠢᠲᠡᠯᠡᠨ ᠬᠡᠷᠡᠭᠵᠢᠭᠦᠯᠪᠡ᠃ ᠵᠢᠱᠢᠶᠡᠯᠡᠪᠡᠯ᠂ ᠬᠢᠵᠢᠭ ᠤᠨ ᠪᠠᠶᠢᠳᠠᠯ ᠤᠨ ᠳᠤᠮᠳᠠ ᠵᠢᠵᠢᠭ ᠠᠵᠤ ᠠᠬᠤᠶᠢᠯᠠᠯ ᠳᠤ ᠦᠵᠡᠭᠦᠯᠬᠦ ᠳᠠᠭᠠᠷᠢᠯᠲᠠ ᠶᠢ ᠪᠦᠲᠦᠮᠵᠢᠲᠡᠶ ᠠᠷᠭᠠᠴᠠᠬᠤ ᠶᠢᠨ ᠲᠥᠯᠥᠭᠡ᠂ ︽ᠬᠢᠵᠢᠭ ᠤᠨ ᠪᠠᠶᠢᠳᠠᠯ ᠤᠨ ᠨᠥᠯᠥᠭᠡ ᠶᠢ ᠠᠷᠭᠠᠴᠠᠨ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ ᠳᠠᠷᠤᠭᠠᠰᠤ ᠶᠢ ᠬᠥᠩᠭᠡᠷᠡᠭᠦᠯᠬᠦ ᠠᠷᠭ᠎ᠠ ᠬᠡᠮᠵᠢᠶ᠎ᠡ ᠨᠦᠭᠦᠳ︾ ᠢ ᠨᠡᠶᠢᠲᠡᠯᠡᠪᠡ︔ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠲᠠᠯ᠎ᠠ ᠪᠠᠷ᠂ ︽ᠥᠪᠡᠷᠲᠡᠭᠡᠨ ᠵᠠᠰᠠᠬᠤ ᠣᠷᠣᠨ ᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠥᠯ︾ ᠢ ᠨᠡᠶᠢᠲᠡᠯᠡᠵᠦ᠂ ᠨᠡᠶᠢᠲᠡ 9 ᠵᠦᠢᠯ ᠤᠨ ᠠᠷᠭ᠎ᠠ ᠬᠡᠮᠵᠢᠶ᠎ᠡ ᠶᠢ ᠪᠠᠭᠲᠠᠭᠠᠪᠠ︔ ᠪᠥᠬᠦ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠶᠡᠭᠡ ᠬᠤᠷᠠᠯ ᠢ ᠬᠤᠷᠠᠯᠳᠤᠭᠤᠯᠵᠤ᠂ ︽ᠠᠵᠤ ᠦᠢᠯᠡᠳᠪᠦᠷᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ 57 ᠵᠤᠷᠪᠤᠰ︾ ︽ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ 55 ᠵᠤᠷᠪᠤᠰ︾ ᠢ ᠨᠡᠶᠢᠲᠡᠯᠡᠪᠡ︔ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢ ᠯᠠᠪᠳᠠᠭᠤᠨ ᠪᠠᠲᠤᠳᠠᠢ ᠲᠤᠭᠲᠠᠭᠤᠨ ᠪᠠᠶᠢᠯᠭᠠᠬᠤ ᠠᠯᠢ ᠣᠯᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠭᠥᠯᠢᠶᠡᠨ ᠠᠪᠴᠤ ᠨᠠᠶᠢᠳᠠᠪᠤᠷᠢᠵᠢᠭᠤᠯᠬᠤ ᠶᠢᠨ ᠲᠥᠯᠥᠭᠡ᠂ ᠪᠣᠳᠠᠲᠤ ᠪᠠᠶᠢᠳᠠᠯ ᠢᠶᠠᠨ ᠦᠨᠳᠦᠰᠦᠯᠡᠨ ︽ᠬᠥᠬᠡᠬᠤᠲᠠ ᠶᠢᠨ ᠠᠵᠤ ᠠᠬᠤᠢ ᠶᠢ ᠯᠠᠪᠳᠠᠭᠤᠨ ᠪᠠᠲᠤᠲᠠᠢ ᠲᠣᠭᠲᠠᠭᠤᠨ ᠪᠠᠶᠢᠯᠭᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾ ᠢ ᠵᠤᠷᠪᠤᠰ ᠳᠠᠷᠠᠭᠠᠯᠠᠨ ᠨᠠᠷᠢᠯᠢᠭᠵᠢᠭᠤᠯᠤᠨ ᠲᠣᠭᠲᠠᠭᠠᠵᠤ᠂ ᠵᠢᠷᠭᠤᠭᠠᠨ ᠶᠡᠭᠡ ᠲᠠᠯ᠎ᠠ ᠶᠢᠨ 43 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠶᠢ ᠬᠠᠮᠤᠷᠪᠠ᠃ ᠡᠲᠡᠭᠡᠷ ᠲᠥᠷᠥ ᠶᠢᠨ ᠪᠣᠳᠣᠯᠭ᠎ᠠ ᠨᠢ ︽ᠬᠠᠨᠳᠤᠯᠭᠠᠲᠤ ᠴᠢᠨᠠᠷ︾ ᠢᠶᠠᠷ ᠴᠢᠩᠭ᠎ᠠ᠂ ︽ᠬᠤᠯᠪᠣᠭᠳᠠᠬᠤ ᠲᠠᠯ᠎ᠠ︾ ᠨᠢ ᠥᠷᠭᠡᠨ ᠪᠠᠶᠢᠵᠤ᠂ ᠪᠤᠳᠠᠳᠠᠢ ᠠᠷᠭ᠎ᠠ ᠭᠡᠮᠵᠢᠶ᠎ᠡ ᠪᠠᠷ ᠳᠦᠭᠦᠷᠡᠩ᠂ ᠬᠢᠯᠠᠰ ᠴᠡᠭ ᠨᠢ ᠣᠯᠠᠨ᠂  ᠵᠢᠩᠬᠢᠨᠢ ᠦᠨ᠎ᠡ ᠴᠠᠨ᠎ᠠ ᠪᠠᠷ ᠭᠦᠢᠴᠡᠳ ᠭᠡᠵᠦ ᠬᠡᠯᠡᠵᠦ ᠪᠣᠯᠣᠨ᠎ᠠ᠃      ᠡᠭᠦᠨ ᠤ ᠵᠡᠷᠭᠡᠪᠡᠷ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠲᠥᠷᠥ  ᠶᠢᠨ ᠪᠣᠳᠣᠯᠭ᠎ᠠ ᠶᠢᠨ ᠲᠤᠰᠠ ᠶᠢ ᠲᠦᠷᠭᠡᠨ ᠦᠵᠡᠭᠦᠯᠬᠦ ᠶᠢ ᠠᠬᠢᠭᠤᠯᠬᠤ ᠶᠢᠨ ᠲᠤᠰᠠᠳᠠ ᠪᠢᠳᠡ ᠨᠢᠭᠡ ᠳᠤ ᠲᠥᠷᠥ ᠶᠢᠨ ᠪᠣᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ ᠬᠦᠴᠦᠯᠡᠴᠡ ᠪᠠᠨ ᠨᠡᠮᠡᠭᠳᠡᠭᠦᠯᠪᠡ᠃ ᠲᠣᠮᠣ ᠵᠠᠭᠤᠴᠢᠯᠠᠭᠤᠷ ᠢᠶᠠᠷ ᠳᠠᠮᠵᠢᠭᠤᠯᠤᠨ ᠲᠥᠷᠥ ᠶᠢᠨ ᠪᠣᠳᠣᠯᠭ᠎ᠠ ᠶᠢᠨ ᠠᠭᠤᠯᠭ᠎ᠠ ᠶᠢ ᠤᠬᠠᠭᠤᠯᠵᠤ᠂ ᠨᠡᠶᠢᠭᠡᠮ ᠤᠨ ︽ᠨᠥᠯᠥᠭᠡᠯᠡᠬᠦ ᠬᠦᠴᠦᠨ︾ ᠪᠠ ᠣᠯᠠᠨ ᠲᠦᠮᠡᠨ ᠤ ︽ᠮᠡᠳᠡᠬᠦ ᠨᠣᠷᠮ᠎ᠠ︾ ᠶᠢ ᠳᠡᠭᠡᠭᠰᠢᠯᠡᠭᠦᠯᠵᠦ᠂ ᠬᠥᠮᠥᠰ ᠲᠤ  ᠦᠨᠡᠨᠬᠦ ᠪᠣᠳᠠᠲᠤ ᠠᠰᠢᠭ ᠬᠦᠷᠲᠡᠭᠡᠪᠡ᠃ ᠬᠤᠶᠠᠷ ᠲᠤ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ  ᠨᠠᠷᠢᠯᠢᠭᠵᠢᠭᠤᠯᠬᠤ ᠠᠵᠢᠯ ᠢ ᠰᠠᠶᠢᠳᠤᠷ ᠬᠢᠪᠡ᠃  ᠡᠯ᠎ᠡ ᠰᠠᠯᠠᠭ᠎ᠠ ᠮᠥᠴᠢᠷ ᠤᠨ ᠬᠢᠨ ᠴᠥᠮ ᠨᠠᠶᠢᠳᠠᠪᠤᠷᠢᠵᠢᠭᠤᠯᠤᠯᠲᠠ ᠶᠢᠨ ᠢᠵᠢ ᠪᠦᠷᠢᠳᠦᠭᠦᠯᠬᠦ ᠲᠦᠷᠦ ᠶᠢᠨ ᠪᠣᠳᠣᠯᠭ᠎ᠠ᠂ ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠵᠤ᠂ ᠲᠦᠷᠦ ᠶᠢᠨ ᠪᠣᠳᠣᠯᠭ᠎ᠠ ᠶᠢᠨ ᠲᠣᠬᠢᠷᠠᠬᠤ ᠬᠡᠪᠴᠢᠶ᠎ᠡ᠂ ᠡᠳ᠋ᠯᠡᠬᠦ ᠨᠥᠬᠦᠴᠡᠯ ᠪᠠ ᠭᠦᠢᠴᠡᠳᠬᠡᠬᠦ ᠶᠠᠪᠤᠴᠠ ᠶᠢ ᠲᠣᠳᠣᠷᠬᠠᠶᠢᠯᠠᠵᠤ᠂ ᠲᠦᠷᠦ ᠶᠢᠨ ᠪᠣᠳᠣᠯᠭ᠎ᠠ ᠶᠢᠨ ᠬᠡᠷᠡᠭᠵᠢᠭᠦᠯᠵᠦ ᠪᠣᠯᠬᠤᠶᠢᠴᠠ ᠴᠢᠨᠠᠷ ᠢ ᠳᠡᠭᠡᠭᠰᠢᠯᠡᠭᠦᠯᠪᠡ᠃ ᠭᠤᠷᠪᠠ ᠳᠤ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠢᠮᠳᠠᠭᠤᠯᠬᠤ ᠪᠠᠨ ᠴᠢᠩᠭᠠᠳᠬᠠᠪᠠ᠃ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠣᠬᠢᠷᠠᠭᠤᠯᠤᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠡᠬᠡ ᠲᠠᠩᠰᠠ ᠪᠠᠶᠢᠭᠤᠯᠤᠨ᠂ ᠵᠤᠷᠪᠤᠰ ᠳᠠᠷᠠᠭᠠᠯᠠᠨ ᠮᠥᠷᠳᠡᠵᠦ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠳᠡᠶᠢᠯᠬᠦ᠂ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠪᠠ᠃      ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠶᠢᠨ ᠪᠠᠶᠢᠳᠠᠯ ᠪᠠ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠷᠢᠭᠤ ᠲᠤᠰᠬᠠᠯ ᠠᠴᠠ ᠦᠵᠡᠪᠡᠯ᠂ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢᠨ ᠦᠷ᠎ᠡ ᠪᠦᠲᠦᠮᠵᠢ ᠤᠯᠠᠮ ᠢᠶᠠᠷ ᠢᠯᠡᠷᠡᠨ ᠭᠠᠷᠴᠤ ᠪᠠᠶᠢᠨ᠎ᠠ᠃ ᠨᠢᠭᠡ ᠳᠤ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠡᠷᠴᠢᠮ ᠢ ᠲᠠᠰᠤᠷᠠᠯᠲᠠ ᠦᠭᠡᠢ ᠴᠢᠩᠭᠠᠷᠠᠭᠤᠯᠪᠠ᠃ 6 ᠳ᠋ᠤᠭᠠᠷ ᠰᠠᠷ᠎ᠠ ᠶᠢᠨ ᠡᠴᠦᠰ ᠪᠣᠯᠲᠠᠯ᠎ᠠ᠂ ᠪᠥᠬᠦ ᠬᠤᠲᠠ ᠳᠤ ᠨᠡᠶᠢᠲᠡ 8345 ᠡᠷᠦᠬᠡ ︵ᠤᠳᠠᠭ᠎ᠠ︶ ᠶᠢᠨ ᠨᠡᠮᠡᠭᠳᠡᠯ ᠥᠷᠲᠡᠭ ᠤᠨ ᠭᠠᠶᠢᠯᠢ ᠶᠢᠨ ᠦᠯᠡᠳᠡᠭᠰᠡᠨ ᠰᠠᠭᠤᠳᠬᠠᠯ ᠭᠠᠶᠢᠯᠢ ᠶᠢ ᠪᠤᠴᠠᠭᠠᠬᠤ ᠶᠢ ᠬᠢᠨᠠᠨ ᠵᠥᠪᠰᠢᠶᠡᠷᠡᠵᠦ᠂ ᠬᠠᠷᠭᠤᠭᠤᠯᠤᠨ ᠵᠦᠪᠰᠢᠶᠡᠷᠡᠵᠦ ᠪᠤᠴᠠᠭᠠᠭᠰᠠᠨ ᠭᠠᠶᠢᠯᠢ 44.93 ᠳ᠋ᠦᠩᠰᠢᠭᠤᠷ ᠲᠥᠭᠦᠷᠢᠭ ᠲᠤ ᠬᠦᠷᠴᠡᠢ᠃ ᠠᠵᠢᠯ ᠠᠯᠳᠠᠯᠲᠠ ᠶᠢᠨ ᠳᠠᠭᠠᠳᠬᠠᠯ ᠤᠨ ᠵᠠᠷᠤᠳᠠᠯ ᠢ ᠪᠤᠴᠠᠭᠠᠵᠤ ᠥᠭᠬᠦ᠂ ᠠᠵᠢᠯ ᠤᠨ ᠪᠠᠶᠢᠷᠢ ᠳᠠᠭᠠᠨ ᠦᠯᠡᠳᠡᠭᠰᠡᠨ ᠠᠵᠢᠯᠲᠠᠨ ᠤ ᠪᠣᠯᠪᠠᠰᠤᠷᠠᠭᠤᠯᠤᠯ ᠤᠨ ᠨᠥᠬᠦᠪᠦᠷᠢ ᠥᠭᠬᠦ᠂ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ ᠨᠥᠬᠦᠪᠦᠷᠢ ᠥᠭᠬᠦ᠂ ᠤᠰᠤ ᠴᠠᠬᠢᠯᠭᠠᠨ ᠬᠡᠢ ᠶᠢᠨ ᠭᠡᠷ᠎ᠡ ᠠᠴᠠ ᠵᠥᠷᠢᠴᠡᠭᠰᠡᠨ ᠰᠦᠢᠳᠬᠡᠯ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠭᠡᠷ ᠪᠠᠶᠢᠰᠢᠩ ᠤᠨ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠬᠦ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠬᠤᠶᠢᠰᠢᠯᠠᠭᠤᠯᠤᠨ ᠲᠤᠰᠢᠶᠠᠬᠤ ᠵᠡᠷᠭᠡ ᠠᠯᠢ ᠣᠯᠠᠨ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠯᠡᠵᠦ᠂ ᠨᠡᠶᠢᠲᠡ 16511 ᠠᠵᠤ ᠠᠬᠤᠶᠢᠯᠠᠯ᠂ 32.4 ᠲᠦᠮᠡᠨ ᠠᠵᠢᠯᠲᠠᠨ ᠠᠵᠢᠯᠴᠢᠨ ᠳᠤ ᠠᠰᠢᠭ ᠬᠦᠷᠲᠡᠭᠡᠵᠦ᠂ ᠬᠤᠯᠪᠣᠭᠳᠠᠭᠰᠠᠨ ᠪᠡᠯᠡ ᠮᠥᠩᠭᠦ ᠨᠢ 4.1 ᠳ᠋ᠦᠩᠰᠢᠭᠤᠷ ᠲᠥᠭᠦᠷᠢᠭ ᠲᠤ ᠬᠦᠷᠴᠡᠢ᠃ ︽ᠪᠠᠲᠤᠯᠠᠭᠠᠲᠤ ᠵᠢᠭᠡᠯᠡᠯᠭᠡ︾᠂ ᠦᠢᠯᠡᠰ ᠴᠣᠭᠴᠠᠯᠠᠬᠤ ᠳᠠᠭᠠᠭᠠᠯᠲᠠ ᠪᠠᠷ ᠳᠠᠮᠵᠢᠭᠤᠯᠤᠨ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ 4.5 ᠳ᠋ᠦᠩᠰᠢᠭᠤᠷ ᠲᠥᠭᠦᠷᠢᠭ ᠰᠢᠢᠳᠪᠦᠷᠢᠯᠡᠵᠦ ᠥᠭᠪᠡ᠃ ᠠᠩᠬᠠᠨ ᠤ ᠪᠦᠯᠦᠭ ᠤᠨ ︽ᠰᠦ ᠶᠢᠨ ᠦᠢᠯᠡᠰ ᠤᠨ ᠬᠦᠭᠵᠢᠯᠲᠡ ᠶᠢ ᠳᠡᠮᠵᠢᠬᠦ ᠶᠢᠰᠦᠨ ᠵᠤᠷᠪᠤᠰ︾ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠪᠡᠯᠡ ᠮᠥᠩᠭᠦ ᠶᠢ 2.26 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠣᠷᠣᠨ ᠬᠤᠲᠠ ᠶᠢᠨ ᠪᠡᠯᠡ ᠮᠥᠩᠭᠦ ᠶᠢ ᠨᠡᠶᠢᠲᠡ 6 ᠳ᠋ᠦᠩᠰᠢᠭᠤᠷ ᠲᠥᠭᠦᠷᠢᠭ ᠪᠡᠶᠡᠯᠡᠭᠦᠯᠵᠡᠢ᠃ ᠳᠡᠭᠡᠷ᠎ᠡ ᠬᠠᠭᠠᠰ ᠵᠢᠯ ᠳᠤ᠂ ᠲᠠᠩᠰᠠᠨ ᠳᠤ ᠪᠠᠶᠢᠭ᠎ᠠ ᠵᠠᠬ᠎ᠠ ᠳᠡᠯᠭᠡᠭᠦᠷ ᠤᠨ ᠭᠤᠣᠯ ᠴᠣᠭᠴᠠ 34 ᠲᠦᠮᠡ ᠳᠤ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6000 ᠭᠠᠷᠤᠢ ᠨᠡᠮᠡᠭᠳᠡᠵᠡᠢ᠃ ᠬᠤᠶᠠᠷ ᠲᠤ ᠬᠡᠷᠡᠭᠴᠡᠭᠡ ᠱᠠᠭᠠᠷᠳᠠᠯᠭ᠎ᠠ ᠶᠢᠨ ᠳᠠᠯᠳᠠ ᠬᠦᠴᠦᠨ ᠢ ᠲᠠᠰᠤᠷᠠᠯᠲᠠ ᠦᠭᠡᠢ ᠬᠥᠭᠵᠢᠭᠡᠪᠡ᠃ ᠪᠡᠯᠡ ᠣᠷᠣᠭᠤᠯᠤᠯᠲᠠ ᠶᠢᠨ ᠲᠠᠯ᠎ᠠ ᠪᠠᠷ᠂ ᠳᠡᠭᠡᠷ᠎ᠡ ᠬᠠᠭᠠᠰ ᠵᠢᠯ ᠳᠤ᠂ ᠪᠥᠬᠦ ᠬᠤᠲᠠ ᠶᠢᠨ ᠠᠷᠠᠳ ᠤᠨ ᠪᠡᠯᠡ ᠣᠷᠣᠭᠤᠯᠤᠯᠲᠠ 29.3% ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ 50.7% ᠶᠢ ᠡᠵᠡᠯᠡᠪᠡ᠂ ᠡᠭᠦᠨ ᠳᠤ ᠦᠶᠯᠡᠳᠬᠦ ᠦᠢᠯᠡᠰ ᠤᠨ ᠠᠷᠠᠳ ᠤᠨ ᠪᠡᠯᠡ ᠣᠷᠣᠭᠤᠯᠤᠯᠲᠠ 42.0% ᠨᠡᠮᠡᠭᠳᠡᠪᠡ᠃ ᠬᠡᠷᠡᠭᠯᠡᠭᠡᠨ ᠤ ᠲᠠᠯ᠎ᠠ ᠪᠠᠷ᠂ ᠵᠢᠵᠢᠭᠯᠡᠨ ᠬᠤᠳᠠᠯᠳᠤᠬᠤ᠂ ᠢᠳᠡᠭᠡᠨ ᠤᠮᠳᠠᠭᠠᠨ᠂ ᠮᠠᠰᠢᠨ ᠲᠡᠷᠭᠡ᠂ ᠭᠡᠷ ᠤᠨ ᠴᠠᠬᠢᠯᠭᠠᠨ ᠬᠡᠷᠡᠭᠰᠡᠯ ᠭᠡᠷ ᠤᠨ ᠡᠳ᠋ᠯᠡᠯ ᠬᠡᠷᠡᠭᠰᠡᠯ᠂ ᠪᠣᠯᠪᠠᠰᠤᠷᠠᠭᠤᠯᠤᠭᠰᠠᠨ ᠴᠢᠯᠠᠭᠤᠨ ᠲᠣᠰᠣ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ᠂ 7 ᠡᠭᠡᠯᠵᠢ ᠶᠢᠨ ᠨᠡᠶᠢᠲᠡ 2500 ᠲᠦᠮᠡᠨ ᠲᠥᠭᠦᠷᠢᠭ ᠤᠨ ᠠᠷᠠᠳ ᠲᠤ ᠠᠰᠢᠭ ᠬᠦᠷᠲᠡᠭᠡᠬᠦ ᠬᠡᠷᠡᠭᠯᠡᠭᠡᠨ ᠤ ᠲᠡᠮᠳᠡᠭᠲᠦ ᠶᠢ ᠲᠠᠷᠬᠠᠭᠠᠵᠤ᠂ 4 ᠳ᠋ᠦᠩᠰᠢᠭᠤᠷ ᠰᠢᠬᠠᠮ ᠲᠥᠭᠦᠷᠢᠭ ᠤᠨ ᠬᠡᠷᠡᠭᠯᠡᠭᠡ ᠶᠢ ᠰᠢᠭᠤᠳ ᠳᠠᠶᠢᠴᠢᠯᠠᠪᠠ᠃ ᠬᠤᠳᠠᠯᠳᠤᠭᠠᠨ ᠤ ᠬᠡᠲᠦ ᠳᠡᠯᠭᠡᠭᠦᠷ ᠢ ᠨᠡᠶᠢᠭᠡᠮ ᠲᠣᠭᠤᠷᠢᠭ ᠲᠤ ᠣᠷᠣᠭᠤᠯᠵᠤ ᠪᠣᠷᠤᠯᠠᠭᠤᠯᠭ᠎ᠠ ᠶᠢ ᠠᠬᠢᠭᠤᠯᠬᠤ ᠲᠣᠮᠣ ᠬᠡᠯᠪᠡᠷᠢ ᠶᠢᠨ ᠠᠵᠢᠯᠯᠠᠭ᠎ᠠ ᠶᠢ 30 ᠲᠠᠯᠠᠪᠤᠷ ᠤᠳᠠᠭ᠎ᠠ ᠵᠣᠬᠢᠶᠠᠨ ᠪᠠᠶᠢᠭᠤᠯᠤᠨ ᠡᠷᠭᠢᠯᠡᠵᠦ᠂ ︽ᠵᠠᠭᠤᠨ ᠠᠵᠤ ᠠᠬᠤᠶᠢᠯᠠᠯ ᠮᠢᠩᠭᠠᠨ ᠳᠡᠯᠭᠡᠭᠦᠷ︾ ᠬᠤᠯᠪᠤᠭᠠᠯᠠᠨ ᠬᠥᠳᠡᠯᠦᠯᠴᠡᠵᠦ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ 300 ᠲᠠᠯᠠᠪᠤᠷ ᠤᠳᠠᠭ᠎ᠠ ᠵᠣᠬᠢᠶᠠᠨ ᠪᠠᠶᠢᠭᠤᠯᠤᠨ ᠡᠷᠭᠢᠯᠡᠵᠦ᠂ 35 ᠳ᠋ᠦᠩᠰᠢᠭᠤᠷ ᠲᠥᠭᠦᠷᠢᠭ ᠤᠨ ᠬᠡᠷᠡᠭᠯᠡᠭᠡ ᠶᠢ ᠳᠠᠶᠢᠴᠢᠯᠠᠪᠠ᠃ ᠭᠠᠷ ᠳᠠᠮᠵᠢᠭᠰᠠᠨ ᠮᠠᠰᠢᠨ ᠲᠡᠷᠭᠡ ᠶᠢ ᠨᠡᠭᠦᠯᠭᠡᠬᠦ ᠶᠢ ᠬᠢᠵᠠᠭᠠᠷᠯᠠᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠬᠦᠴᠦᠨ ᠦᠭᠡᠢ ᠪᠣᠯᠭᠠᠬᠤ ᠪᠠᠷ ᠳᠠᠮᠵᠢᠭᠤᠯᠤᠨ᠂ ᠫᠢᠺᠠ ᠲᠡᠷᠭᠡ ᠶᠢ ᠬᠤᠲᠠ ᠳᠤ ᠣᠷᠤᠭᠤᠯᠬᠤ  ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠰᠢᠨ᠎ᠡ ᠡᠨᠧᠷᠭᠢ ᠶᠢᠨ ᠲᠦᠷᠢᠶᠡᠰᠦᠨ ᠮᠠᠰᠢᠨ ᠲᠡᠷᠭᠡ ᠶᠢ ᠰᠢᠨᠡᠳᠬᠡᠬᠦ ᠠᠬᠢᠴᠠ ᠶᠢ ᠲᠦᠷᠭᠡᠳᠬᠡᠨ ᠠᠬᠢᠭᠤᠯᠵᠤ᠂ ᠮᠠᠰᠢᠨ ᠲᠡᠷᠭᠡᠨ ᠤ ᠵᠠᠬ᠎ᠠ ᠳᠡᠯᠭᠡᠭᠦᠷ ᠤᠨ ᠲᠦᠷᠭᠡᠨ ᠰᠠᠶᠢᠵᠢᠷᠠᠬᠤ ᠶᠢ ᠠᠬᠢᠭᠤᠯᠪᠠ᠃ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠲᠠᠯ᠎ᠠ ᠪᠠᠷ᠂ ᠮᠠᠨ ᠤ ᠬᠤᠲᠠ ᠶᠢᠨ ᠪᠠᠷᠠᠭᠠᠨ ᠤ ᠠᠷᠠᠯᠵᠢᠶ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠬᠡᠮᠵᠢᠶ᠎ᠡ 99.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 19.2% ᠨᠡᠮᠡᠭᠳᠡᠨ᠂ ᠪᠥᠬᠦ ᠣᠷᠣᠨ ᠤ ᠬᠢ ᠠᠴᠠ 1.9 ᠵᠠᠭᠤᠨ ᠤ ᠨᠢᠭᠡᠴᠢ ᠥᠨᠳᠥᠷ᠂ ᠪᠥᠬᠦ ᠤᠯᠤᠰ ᠤᠨ ᠬᠢ ᠠᠴᠠ 9.8 ᠵᠠᠭᠤᠨ ᠤ ᠨᠢᠭᠡᠴᠢ ᠥᠨᠳᠥᠷ ᠪᠣᠯᠪᠠ︔ ᠭᠠᠳᠠᠭᠠᠳᠤ ᠪᠡᠯᠡ ᠶᠢ 40570 ᠲᠦᠮᠡᠨ ᠳ᠋ᠣᠯᠯᠠᠷ ᠪᠣᠳᠠᠲᠠᠢ ᠠᠰᠢᠭᠯᠠᠵᠤ᠂ ᠠᠳᠠᠯᠢ ᠬᠤᠭᠤᠴᠠᠭᠠᠨ ᠤ ᠬᠢ ᠠᠴᠠ 187 % ᠨᠡᠮᠡᠭᠳᠡᠨ᠂ ᠪᠥᠬᠦ ᠣᠷᠣᠨ ᠤ ᠶᠡᠷᠦᠩᠬᠡᠢ ᠬᠡᠮᠵᠢᠶ᠎ᠡ ᠶᠢᠨ  91%  ᠶᠢ ᠡᠵᠡᠯᠡᠪᠡ᠃      ᠬᠥᠲᠥᠯᠥᠭᠴᠢ᠄      ᠤᠯᠠᠨ ᠤ ᠮᠡᠳᠡᠭᠡᠵᠢ ᠪᠠᠷ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠶᠢ ᠨᠥᠯᠥᠭᠡᠯᠡᠬᠦ ︽ᠵᠠᠩᠭᠢᠯᠠᠭ᠎ᠠ︾᠂ ᠮᠦᠨᠴᠦ ᠨᠡᠮᠡᠭᠳᠡᠯ ᠢ ᠲᠣᠭᠲᠠᠪᠤᠷᠢᠵᠢᠭᠤᠯᠵᠤ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ ᠶᠢᠨ ᠬᠦᠴᠦᠲᠡᠢ ᠲᠤᠯᠭᠠᠭᠤᠷᠢᠯᠠᠯ᠂ ᠪᠦᠲᠦᠴᠡ ᠶᠢ ᠲᠣᠬᠢᠷᠠᠭᠤᠯᠤᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠵᠠᠩᠭᠢᠯᠠᠭ᠎ᠠ ᠶᠢᠨ ᠠᠴᠢᠶᠠᠯᠠᠪᠤᠷᠢ ᠮᠥᠨ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠪᠢᠳᠡᠨ ᠳᠤ ᠡᠨᠡ ᠵᠢᠯ ᠪᠦᠬᠦ ᠬᠤᠳᠠ ᠪᠠᠷ ᠢᠶᠠᠨ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠡᠷᠬᠢᠨ ᠲᠥᠯᠥᠪᠵᠢᠭᠦᠯᠵᠦ ᠠᠬᠢᠭᠤᠯᠤᠭᠰᠠᠨ ᠲᠤᠬᠠᠢ ᠲᠠᠨᠢᠯᠴᠠᠭᠤᠯᠤᠭᠠᠳ ᠦᠭᠭᠦᠨ᠎ᠡ ᠤᠤ᠃      ᠠᠵᠤ ᠠᠬᠤᠢ ᠶᠢᠨ ᠰᠤᠳᠤᠯᠭᠠᠨ ᠤ ᠲᠥᠪ ᠤᠨ ᠳᠡᠳ᠋ ᠡᠷᠬᠢᠯᠡᠭᠴᠢ ᠤᠯᠠᠭᠠᠨ᠄      ᠡᠨᠡ ᠵᠢᠯ ᠪᠥᠬᠦ ᠬᠤᠲᠠ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠪᠠ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠢᠵᠢᠭ ᠤᠨ ᠪᠠᠶᠢᠳᠠᠯ ᠤᠨ ᠨᠥᠯᠥᠭᠡ ᠶᠢ ᠠᠷᠢᠯᠭᠠᠬᠤ᠂ ᠠᠵᠤ ᠠᠬᠤᠢ ᠶᠢ ︽ᠲᠣᠭᠲᠠᠭᠤᠨ ᠤ ᠳᠤᠮᠳᠠ ᠤᠷᠤᠭᠰᠢᠯᠠᠭᠤᠯᠬᠤ︾ ᠶᠢ ᠪᠡᠶᠡᠯᠡᠭᠦᠯᠬᠦ ᠲᠡᠷᠢᠭᠦᠨ ᠵᠡᠷᠭᠡ ᠶᠢᠨ ᠢᠨᠵᠧᠨᠧᠷᠢᠩ ᠪᠣᠯᠭᠠᠨ  ᠠᠳᠬᠤᠵᠤ᠂ ᠪᠠᠶᠢᠳᠠᠯ ᠢ ᠰᠥᠷᠦᠨ ᠤᠷᠤᠭᠰᠢᠯᠠᠵᠤ᠂ ᠭᠢᠯᠠᠰ ᠴᠡᠭ ᠤᠯᠠᠨᠲᠠᠢ ᠭᠡᠵᠦ ᠬᠡᠯᠡᠵᠦ ᠪᠣᠯᠤᠨ᠎ᠠ᠂ ᠬᠤᠷᠢᠶᠠᠩᠭᠤᠶᠢᠯᠠᠪᠠᠯ ︽ᠬᠤᠶᠠᠷ ᠶᠡᠭᠡ᠂ ᠨᠢᠭᠡ ᠥᠷᠭᠡᠨ᠂ ᠨᠢᠭᠡ ᠣᠯᠠᠨ᠂ ᠨᠢᠭᠡ ᠬᠦᠴᠦᠷᠬᠡᠭ︾ ᠪᠣᠯᠣᠨ᠎ᠠ᠃ ᠨᠢᠭᠡ ᠳᠤ᠂ ᠲᠦᠷᠦᠯ ᠵᠦᠢᠯ ᠤᠨ ᠬᠡᠪᠴᠢᠶ᠎ᠡ ︽ᠶᠡᠭᠡ︾᠃ ᠡᠨᠡ ᠵᠢᠯ ᠪᠥᠬᠦ ᠬᠤᠲᠠ ᠳᠤ 1042 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ 1232 ᠳ᠋ᠦᠩᠰᠢᠭᠤᠷ ᠲᠥᠭᠦᠷᠢᠭ  ᠪᠡᠯᠡ ᠣᠷᠤᠭᠤᠯᠬᠤ ᠪᠠᠷ ᠲᠦᠯᠦᠪᠯᠡᠵᠦ᠂ ᠲᠥᠷᠥᠯ ᠵᠦᠢᠯ ᠤᠨ ᠲᠤᠭ᠎ᠠ ᠪᠠ ᠪᠡᠯᠡ ᠣᠷᠣᠭᠤᠯᠤᠯᠲᠠ ᠶᠢᠨ ᠲᠤᠭ᠎ᠠ ᠨᠢ ᠴᠥᠮ ᠮᠢᠩᠭ᠎ᠠ ᠶᠢ ᠳᠠᠪᠠᠭᠰᠠᠨ ᠪᠥᠭᠡᠳ ᠲᠤᠭ᠎ᠠ ᠬᠡᠮᠵᠢᠶ᠎ᠡ ᠨᠢ ᠨᠢᠳᠤᠨᠤᠨ ᠤ ᠬᠢ ᠠᠴᠠ 462 ᠨᠡᠮᠡᠭᠳᠡᠵᠦ᠂ ᠲᠦᠯᠦᠪᠯᠡᠭᠰᠡᠨ ᠪᠡᠯᠡ ᠣᠷᠣᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ 58% ᠪᠠᠷ ᠨᠡᠮᠡᠭᠳᠡᠨ᠂ ᠴᠥᠮ ᠨᠢᠳᠤᠨᠤᠨ ᠤ  ᠬᠢ ᠠᠴᠠ ᠶᠡᠭᠡ ᠪᠠᠷ ᠳᠡᠭᠡᠭᠰᠢᠯᠡᠭᠰᠡᠨ ᠪᠠᠶᠢᠨ᠎ᠠ᠃ ᠬᠤᠶᠠᠷ ᠲᠤ  ᠠᠬᠢᠭᠤᠯᠤᠭᠰᠠᠨ  ᠬᠦᠴᠦᠯᠡᠴᠡ ᠶᠡᠭᠡ ᠃ ᠲᠥᠪᠯᠡᠷᠡᠭᠦᠯᠦᠨ ᠬᠢᠨᠠᠨ ᠵᠥᠪᠰᠢᠶᠡᠷᠡᠬᠦ᠂ ᠲᠥᠪᠯᠡᠷᠡᠭᠦᠯᠦᠨ ᠠᠵᠢᠯ ᠡᠬᠢᠯᠡᠭᠦᠯᠬᠦ ᠵᠢᠴᠢ ᠤᠳᠤᠷᠢᠳᠤᠯᠭ᠎ᠠ ᠳᠠᠭᠠᠭᠠᠴᠢᠯᠠᠨ ᠬᠠᠷᠢᠯᠴᠠᠬᠤ᠂ ᠵᠠᠷᠯᠠᠨ ᠮᠡᠳᠡᠭᠳᠡᠵᠦ ᠦᠨᠡᠯᠡᠬᠦ᠂ ᠮᠥᠷᠳᠡᠨ ᠦᠢᠯᠡᠴᠢᠯᠡᠬᠦ ᠵᠡᠷᠭᠡ ᠠᠯᠢ ᠣᠯᠠᠨ ᠬᠦᠴᠦᠲᠡᠢ ᠠᠷᠭ᠎ᠠ ᠬᠡᠮᠵᠢᠶ᠎ᠡ ᠪᠠᠷ ᠳᠠᠮᠵᠢᠭᠤᠯᠤᠨ ᠳᠡᠭᠡᠷ᠎ᠡ ᠬᠠᠭᠠᠰ ᠵᠢᠯ ᠳᠤ᠂ ᠬᠡᠷᠡᠭᠵᠢᠬᠦᠯᠬᠦ ᠪᠠᠷ ᠲᠦᠯᠦᠪᠯᠡᠭᠰᠡᠨ1042 ᠲᠦᠷᠦᠯ ᠵᠦᠢᠯ ᠢ ᠪᠦᠬᠦᠨ ᠢ ᠠᠵᠢᠯ ᠡᠬᠢᠯᠡᠭᠦᠯᠦᠨ ᠠᠵᠢᠯ ᠰᠡᠷᠭᠦᠭᠡᠵᠦ᠂ 592 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ︽ᠴᠠᠭ ᠬᠠᠭᠠᠰ ᠠᠴᠠ ᠬᠡᠳᠦᠷᠡᠬᠦ ᠳᠤ ᠡᠭᠦᠷᠭᠡ ᠬᠠᠭᠠᠰ ᠠᠴᠠ ᠬᠡᠲᠦᠷᠡᠬᠦ︾ ᠶᠢ ᠪᠡᠶᠡᠯᠡᠭᠦᠯᠪᠡ᠃      ᠭᠤᠷᠪᠠ ᠳᠤ᠂ ᠪᠠᠶᠢᠷᠢᠰᠢᠭᠤᠯᠤᠯᠲᠠ ᠶᠢᠨ ᠬᠦᠷᠢᠶ᠎ᠡ ᠬᠡᠪᠴᠢᠶ᠎ᠡ ︽ᠥᠷᠭᠡᠨ︾᠃ ᠠᠵᠤ ᠦᠢᠯᠡᠰ ᠤᠨ ᠲᠠᠯ᠎ᠠ ᠪᠠᠷ᠂ ᠵᠢᠷᠭᠤᠭᠠᠨ ᠲᠣᠮᠣ ᠠᠵᠤ ᠦᠢᠯᠡᠰ ᠤᠨ ᠪᠥᠭᠡᠮᠨᠡᠷᠡᠯ ᠤᠨ ᠬᠥᠲᠥᠴᠢ ᠠᠵᠤ ᠠᠬᠤᠶᠢᠯᠠᠯ ᠤᠨ ᠬᠡᠯᠬᠢᠶ᠎ᠡ ᠪᠠᠶᠢᠭᠤᠯᠬᠤ᠂ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠨᠥᠬᠦᠪᠦᠷᠢᠯᠡᠬᠦ ᠶᠠᠪᠤᠳᠠᠯ ᠢ ᠴᠢᠩᠭ᠎ᠠ ᠠᠩᠬᠠᠷᠴᠤ᠂ ᠢᠯᠢ ᠶᠢᠨ ᠰᠢᠩᠭᠡᠨ ᠲᠤᠯᠤᠪᠲᠤ ᠰᠦ᠂ ᠳ᠋ᠠ ᠲᠠᠩ ᠤᠨ ᠲᠤᠭᠲᠠᠬᠤ ᠰᠢᠶᠠᠨ ᠤ ᠴᠠᠬᠢᠯᠭᠠᠨ ᠤ ᠦᠢᠯᠡᠳᠪᠦᠷᠢ᠂ ᠮᠧᠩ ᠨᠢᠦ ᠶᠢᠨ ᠲᠣᠮᠣ ᠳᠣᠣᠷ᠎ᠠ ᠳᠤᠯᠠᠭᠠᠨ ᠤ ᠬᠡᠰᠡᠭ ᠵᠡᠷᠭᠡ ᠠᠵᠤ ᠦᠢᠯᠡᠰ ᠤᠨ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠵᠦ᠂ ᠣᠲᠣ ᠪᠣᠯᠲᠠᠯ᠎ᠠ᠂ ᠪᠠᠶᠢᠭᠤᠯᠵᠤ ᠪᠠᠶᠢᠭ᠎ᠠ ᠠᠵᠤ ᠦᠢᠯᠡᠰ ᠤᠨ ᠪᠥᠭᠡᠮᠨᠡᠷᠡᠯ ᠤᠨ ᠲᠥᠷᠥᠯ ᠵᠦᠢᠯ 283 ᠪᠣᠯᠵᠤ᠂ 259 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠵᠤ ᠦᠢᠯᠡᠰ ᠤᠨ ᠪᠥᠭᠡᠮᠨᠡᠷᠡᠯ ᠤᠨ ᠳᠠᠶᠢᠴᠢᠯᠠᠬᠤ ᠬᠦᠴᠦᠨ ᠠᠯᠬᠤᠮ ᠠᠯᠬᠤᠮ ᠢᠶᠠᠷ ᠲᠣᠪᠣᠶᠢᠮ᠎ᠠ ᠪᠣᠯᠪᠠ︔ ᠰᠠᠭᠤᠷᠢ  ᠪᠡᠯᠡᠳᠬᠡᠮᠵᠢ ᠶᠢᠨ ᠲᠠᠯ᠎ᠠ ᠪᠠᠷ᠂ ᠰᠢᠨ᠎ᠡ ᠨᠢᠰᠬᠡᠯ ᠤᠨ ᠪᠠᠭᠤᠳᠠᠯ᠂ S43 ᠨᠢᠰᠬᠡᠯ ᠤᠨ ᠪᠠᠭᠤᠳᠠᠯ ᠤᠨ ᠲᠦᠷᠭᠡᠨ ᠤ ᠵᠠᠰᠠᠮᠠᠯ ᠵᠠᠮ᠂ ᠭᠤᠷᠪᠠᠳᠤᠭᠠᠷ ᠲᠣᠭᠤᠷᠢᠯ ᠵᠠᠮ ᠵᠡᠷᠭᠡ 297 ᠲᠥᠷᠥᠯ ᠵᠦᠢᠯ ᠢ ᠬᠡᠷᠡᠭᠵᠢᠭᠦᠯᠵᠦ᠂ 350 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠮᠠᠨ ᠤ ᠬᠤᠲᠠ ᠶᠢᠨ ᠰᠠᠭᠤᠷᠢ  ᠪᠡᠯᠡᠳᠬᠡᠮᠵᠢ  ᠶᠢᠨ ᠳᠤᠲᠠᠭᠤᠳᠠᠯ ᠢ ᠪᠥᠬᠦ ᠬᠦᠴᠦᠨ ᠢᠶᠠᠷ ᠢᠶᠠᠨ ᠨᠦᠬᠦᠪᠦᠷᠢᠯᠡᠨ᠎ᠡ︔ ᠠᠷᠠᠳ ᠤᠨ ᠠᠮᠢᠳᠤᠷᠠᠯ ᠤᠨ ᠬᠦᠷᠢᠶᠡᠨ ᠤ ᠲᠠᠯ᠎ᠠ ᠪᠠᠷ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ᠂ ᠬᠤᠶᠠᠳᠤᠭᠠᠷ ᠡᠮᠨᠡᠯᠭᠡ ᠶᠢᠨ ᠬᠤᠷᠢᠶ᠎ᠠ ᠶᠢ ᠨᠡᠭᠦᠯᠭᠡᠨ ᠪᠠᠶᠢᠭᠤᠯᠬᠤ᠂ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠵᠡᠭᠦᠨ ᠰᠤᠷᠭᠠᠭᠤᠯᠢ ᠶᠢᠨ ᠲᠣᠭᠤᠷᠢᠭ ᠵᠡᠷᠭᠡ ᠨᠡᠶᠢᠭᠡᠮ ᠠᠷᠠᠳ ᠤᠨ ᠠᠮᠢᠳᠤᠷᠠᠯ ᠤᠨ ᠲᠥᠷᠥᠯ ᠵᠦᠢᠯ ᠢ 125 ᠬᠡᠷᠡᠭᠵᠢᠭᠦᠯᠵᠦ᠂ 110 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠬᠤᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠳᠥᠷᠪᠡ ᠳᠤ  ᠪᠡᠯᠡ ᠮᠥᠩᠭᠦ ᠶᠢ ︽ᠠᠷᠪᠢᠨ︾ ᠢ ᠴᠢᠷᠮᠠᠶᠢᠵᠤ ᠣᠯᠪᠠ᠃ ᠳᠡᠭᠡᠷ᠎ᠡ ᠬᠠᠭᠠᠰ ᠵᠢᠯ ᠳᠤ᠂ ᠨᠡᠶᠢᠲᠡ 27.54 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠯᠵᠤ᠂ 78 ᠭᠤᠣᠯᠳᠠᠯᠭ᠎ᠠ ᠲᠠᠢ ᠲᠥᠷᠥᠯ ᠵᠦᠢᠯ ᠢ ᠳᠡᠮᠵᠢᠪᠡ᠃ ᠡᠭᠦᠨ ᠤ ᠳᠣᠲᠣᠷ᠎ᠠ᠂ ᠲᠥᠪ ᠤᠨ ᠲᠥᠰᠥᠪ ᠤᠨ ᠳᠣᠲᠣᠷᠠᠬᠢ ᠪᠡᠯᠡ ᠮᠥᠩᠭᠦ 6.64 ᠳ᠋ᠦᠩᠰᠢᠭᠤᠷ ᠲᠥᠭᠦᠷᠢᠭ︔ ᠥᠪᠡᠷᠲᠡᠭᠡᠨ ᠵᠠᠰᠠᠬᠤ ᠣᠷᠣᠨ ᠤ ᠲᠥᠰᠥᠪ ᠤᠨ ᠳᠣᠲᠣᠷᠠᠬᠢ ᠪᠡᠯᠡ ᠮᠥᠩᠭᠦ 1.29 ᠳ᠋ᠦᠩᠰᠢᠭᠤᠷ ᠲᠥᠭᠦᠷᠢᠭ᠂ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ 19.61 ᠳ᠋ᠦᠩᠰᠢᠭᠤᠷ ᠲᠥᠭᠦᠷᠢᠭ ᠲᠤ ᠬᠦᠷᠴᠦ᠂  ᠲᠡᠮᠡᠴᠡᠨ ᠣᠯᠤᠭᠰᠠᠨ ᠲᠤᠭ᠎ᠠ ᠬᠡᠮᠵᠢᠶ᠎ᠡ ᠴᠥᠮ ᠪᠥᠬᠦ ᠣᠷᠣᠨ ᠤ ᠡᠮᠦᠨ᠎ᠡ ᠡᠩᠨᠡᠭᠡᠨ ᠳᠤ ᠣᠷᠣᠪᠠ᠃ ᠣᠳᠣᠬᠠᠨ ᠳᠤ ᠤᠯᠤᠰ ᠤᠨ ᠭᠤᠷᠪᠠᠳᠤᠭᠠᠷ ᠪᠦᠯᠦᠭ ᠤᠨ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠮᠡᠳᠡᠭᠦᠯᠬᠦ ᠠᠵᠢᠯ ᠢ ᠢᠳᠡᠪᠬᠢᠲᠡᠢ ᠪᠠᠷ ᠵᠣᠬᠢᠶᠠᠨ ᠪᠠᠶᠢᠭᠤᠯᠵᠤ ᠪᠠᠶᠢᠨ᠎ᠠ᠂ ᠨᠡᠶᠢᠲᠡ 136 ᠲᠥᠷᠥᠯ ᠵᠦᠢᠯ ᠢ ᠳᠡᠭᠡᠭᠰᠢ ᠮᠡᠳᠡᠭᠦᠯᠵᠦ᠂ 217 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠭᠤᠶᠤᠴᠢᠯᠠᠬᠤ ᠪᠠᠷ ᠲᠥᠯᠥᠪᠯᠡᠵᠦ ᠪᠠᠶᠢᠨ᠎ᠠ᠃ ᠲᠠᠪᠤ ᠳᠤ ᠲᠥᠷᠥᠯ ᠵᠦᠢᠯ ᠢ ᠵᠠᠯᠭᠠᠭᠰᠠᠨ ᠨᠢ ︽ᠰᠠᠶᠢᠨ︾᠃ ᠤᠯᠤᠰ ᠤᠨ ᠰᠠᠭᠤᠷᠢ ᠪᠡᠯᠡᠳᠬᠡᠮᠵᠢ ᠶᠢ ᠤᠷᠢᠳᠴᠢᠯᠠᠨ ᠲᠦᠯᠦᠪᠵᠢᠬᠦᠯᠬᠦ ᠲᠦᠷᠦ ᠶᠢᠨ ᠪᠣᠳᠣᠯᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠣᠳᠣᠬᠠᠨ ᠳᠤ᠂ ᠮᠠᠨ ᠤ ᠬᠤᠲᠠ ᠲᠠᠪᠤᠨ ᠲᠠᠯ᠎ᠠ ᠶᠢ ᠲᠦᠯᠦᠪᠵᠢᠬᠦᠯᠦᠭᠡᠳ ᠪᠠᠶᠢᠨ᠎ᠠ᠂ ᠶᠢᠰᠦᠨ ᠶᠡᠭᠡ ᠬᠦᠷᠢᠶᠡᠨ ᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠰᠠᠭᠤᠷᠢ ᠪᠡᠯᠡᠳᠬᠡᠮᠵᠢ ᠶᠢᠨ ᠲᠦᠷᠦᠯ ᠵᠦᠢᠯ 509 ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ ᠨᠢ 7735 ᠳ᠋ᠦᠩᠰᠢᠭᠤᠷ ᠲᠥᠭᠦᠷᠢᠭ ᠲᠤ ᠬᠦᠷᠴᠦ᠂ ᠡᠭᠦᠨ ᠳᠤ 163 ᠲᠦᠷᠦᠯ ᠵᠦᠢᠯ ᠨᠢ ᠡᠮᠦᠨᠡᠬᠢ ᠬᠤᠭᠤᠴᠠᠭᠠᠨ ᠤ ᠠᠵᠢᠯ ᠪᠠ ᠲᠥᠰᠥᠯ ᠢ ᠨᠠᠶᠢᠷᠠᠭᠤᠯᠤᠨ ᠵᠣᠬᠢᠶᠠᠬᠤ ᠠᠵᠢᠯ ᠢ ᠲᠦᠷᠭᠡᠪᠴᠢᠯᠡᠨ ᠥᠷᠨᠢᠭᠦᠯᠵᠦ ᠪᠤᠢ᠂ ᠡᠨᠡ ᠨᠢ ᠮᠠᠨ ᠤ ᠬᠤᠲᠠ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠳᠤᠲᠠᠭᠤ ᠶᠢ ᠬᠦᠴᠦᠲᠡᠢ ᠨᠥᠬᠦᠪᠦᠷᠢᠯᠡᠵᠦ᠂ ᠰᠢᠨ᠎ᠡ ᠪᠠᠷ ᠨᠡᠮᠡᠭᠳᠡᠬᠦ ᠬᠡᠷᠡᠭᠴᠡᠭᠡ ᠶᠢ ᠬᠠᠩᠭᠠᠬᠤ ᠪᠣᠯᠣᠨ᠎ᠠ᠃ ᠢᠷᠡᠬᠦ ᠵᠢᠯ ᠤᠨ ᠲᠥᠷᠥᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠡᠭᠡᠷ᠎ᠡ ᠬᠠᠭᠠᠰ ᠵᠢᠯ ᠪᠣᠯᠲᠠᠯ᠎ᠠ᠂ ᠮᠠᠨ ᠤ ᠬᠤᠲᠠ ᠨᠡᠶᠢᠲᠡ 1400 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ  ᠲᠦᠯᠦᠪᠵᠢᠭᠦᠯᠦᠨ ᠨᠥᠭᠡᠴᠡᠯᠡᠵᠦ᠂ ᠶᠡᠷᠦᠩᠬᠡᠢ ᠪᠡᠯᠡ ᠣᠷᠣᠭᠤᠯᠤᠯᠲᠠ ᠨᠢ 1.8 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠢᠷᠡᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠪᠠ ᠪᠡᠯᠡ ᠣᠷᠣᠭᠤᠯᠤᠯᠲᠠ ᠶᠢᠨ ᠲᠦᠷᠭᠡᠨ ᠨᠡᠮᠡᠭᠳᠡᠯ ᠳᠤ ᠰᠢᠨ᠎ᠡ ᠬᠥᠳᠡᠯᠭᠡᠭᠦ ᠬᠦᠴᠦᠨ ᠨᠡᠮᠡᠷᠢᠯᠡᠪᠡ᠃      ᠬᠥᠲᠥᠯᠥᠭᠴᠢ᠄      ᠲᠠᠨ ᠤ ᠶᠠᠷᠢᠶᠠᠨ ᠠᠴᠠ ᠡᠨᠡ ᠵᠢᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠦᠨᠡᠬᠡᠷ ᠡᠷᠴᠢ ᠬᠦᠴᠦᠲᠡᠢ᠂ ᠪᠠᠶᠢᠷᠢᠰᠢᠭᠤᠯᠤᠯᠲᠠ ᠪᠥᠬᠦ ᠲᠠᠯ᠎ᠠ ᠶᠢᠨ᠂ ᠣᠨᠴᠠᠯᠢᠭ ᠲᠣᠪᠣᠶᠢᠮ᠎ᠠ ᠪᠠᠶᠢᠬᠤ ᠶᠢ ᠣᠶᠢᠯᠠᠭᠠᠯ᠎ᠠ᠂ ᠲᠡᠭᠡᠪᠡᠯ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠤᠷᠠᠳᠬᠤ ᠳᠤ ᠡᠷᠬᠡᠪᠰᠢ ᠠᠵᠤ ᠦᠢᠯᠡᠰ ᠤᠨ ᠬᠥᠭᠵᠢᠯᠲᠡ ᠶᠢ ᠶᠠᠷᠢᠬᠤ ᠬᠡᠷᠡᠭᠲᠡᠢ᠂ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠪᠥᠬᠦ ᠬᠤᠲᠠ ᠳᠤ ︽ᠵᠢᠷᠭᠤᠭᠠᠨ ᠶᠡᠭᠡ ᠠᠵᠤ ᠦᠢᠯᠡᠰ ᠤᠨ ᠪᠦᠭᠡᠮᠨᠡᠷᠡᠯ︾ ᠢ  ᠴᠤᠭᠴᠠᠯᠠᠬᠤ ᠬᠡᠷᠡᠭᠲᠡᠢ ᠭᠡᠵᠦ ᠳᠤᠷᠠᠳᠤᠭᠰᠠᠨ ᠪᠠᠶᠢᠨ᠎ᠠ᠂ ᠲᠡᠭᠡᠪᠡᠯ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ  ᠵᠦᠪᠯᠡᠯ ᠡᠨᠡ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠣᠢ︖ ᠠᠵᠤ ᠦᠢᠯᠡᠰ ᠤᠨ ᠪᠦᠭᠡᠮᠨᠡᠷᠡᠯ ᠶᠠᠮᠠᠷ ᠰᠢᠨ᠎ᠡ ᠠᠬᠢᠴᠠ ᠲᠠᠢ ᠪᠣᠯᠤᠭᠰᠠᠨ ᠪᠣᠶ︖      ᠠᠵᠤ ᠠᠬᠤᠢ ᠶᠢᠨ ᠰᠤᠳᠤᠯᠭᠠᠨ ᠤ ᠲᠥᠪ ᠤᠨ ᠳᠡᠳ᠋ ᠡᠷᠬᠢᠯᠡᠭᠴᠢ ᠤᠯᠠᠭᠠᠨ᠄
     ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠨᠢ ᠪᠥᠬᠦ ᠬᠤᠲᠠ ᠶᠢᠨ ︽ᠵᠢᠷᠭᠤᠭᠠᠨ ᠶᠡᠭᠡ ᠠᠵᠤ ᠦᠢᠯᠡᠰ ᠤᠨ ᠪᠦᠭᠡᠮᠨᠡᠷᠡᠯ︾ ᠤᠨ ᠤᠳᠤᠷᠢᠳᠬᠤ ᠳᠤᠭᠤᠶᠢᠯᠠᠩ ᠤᠨ ᠲᠦᠷᠦᠭᠦᠯᠡᠬᠦ ᠨᠢᠭᠡᠴᠡ ᠪᠣᠯᠤᠭᠰᠠᠨ ᠤ ᠬᠤᠪᠢ ᠳᠤ᠂  ᠦᠵᠦ ᠲᠦᠯᠦᠪᠯᠡᠭᠡ ᠶᠢ ᠲᠦᠯᠦᠪᠯᠡᠬᠦ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠲᠣᠬᠢᠷᠠᠭᠤᠯᠬᠤ ᠲᠣᠭᠲᠠᠴᠠ ᠶᠢ ᠴᠢᠩᠭᠠᠳᠬᠠᠨ᠂ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠲᠡᠭᠦᠯᠳᠡᠷᠵᠢᠭᠦᠯᠵᠦ᠂ ᠵᠢᠷᠭᠤᠭᠠᠨ ᠶᠡᠭᠡ ᠠᠵᠤ ᠦᠢᠯᠡᠰ ᠤᠨ ᠪᠦᠭᠡᠮᠨᠡᠷᠡᠯ ᠤᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠨᠠᠷᠢᠯᠢᠭ ᠪᠣᠳᠠᠳᠠᠢ ᠨᠠᠶᠢᠳᠠᠪᠤᠷᠢᠵᠢᠭᠤᠯᠬᠤ ᠶᠢ ᠨᠢᠭᠡᠳᠦᠯᠲᠡᠢ ᠲᠥᠯᠥᠪᠯᠡᠨ ᠠᠬᠢᠭᠤᠯᠪᠠ᠃ ᠪᠣᠳᠠᠲᠠᠢ ᠪᠠᠷ ᠬᠡᠯᠡᠪᠡᠯ᠂ ᠭᠤᠣᠯ ᠠᠵᠢᠯ ᠢ ︽ᠲᠠᠪᠤᠨ ᠨᠢᠭᠡ︾ ᠪᠠᠷ ᠬᠤᠷᠢᠶᠠᠩᠭᠤᠶᠢᠯᠠᠵᠤ ᠪᠣᠯᠣᠨ᠎ᠠ᠂ ᠲᠤᠬᠠᠶᠢᠯᠠᠪᠠᠯ ᠨᠢᠭᠡᠨ ᠶᠡᠷᠦᠩᠬᠡᠢ ᠲᠥᠰᠥᠯ ᠢ ᠲᠣᠭᠲᠠᠭᠠᠵᠤ᠂ ᠨᠢᠭᠡ ᠲᠣᠬᠢᠷᠠᠭᠤᠯᠬᠤ ᠲᠠᠪᠴᠠᠩ ᠢ ᠪᠠᠶᠢᠭᠤᠯᠵᠤ᠂ ᠨᠢᠭᠡ ᠢᠵᠢ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠪᠦᠷᠢᠯᠳᠦᠭᠦᠯᠦᠨ᠂ ᠨᠢᠭᠡ 2022 ᠣᠨ ᠤ ᠠᠵᠢᠯ ᠤᠨ ᠴᠢᠬᠤᠯᠠ ᠵᠦᠢᠯ ᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠵᠦ᠂ ᠨᠢᠭᠡᠨ ᠢᠵᠢ ᠪᠦᠲᠦᠮᠵᠢᠲᠡᠶ ᠲᠣᠬᠢᠷᠠᠭᠤᠯᠬᠤ ᠲᠣᠭᠲᠠᠴᠠ ᠶᠢ ᠪᠠᠶᠢᠭᠤᠯᠪᠠ᠂ ᠢᠯᠠᠩᠭᠤᠶ᠎ᠠ ︽ᠵᠢᠷᠭᠤᠭᠠᠨ ᠲᠣᠮᠣ ᠠᠵᠤ ᠦᠢᠯᠡᠰ ᠤᠨ ᠪᠦᠭᠡᠮᠨᠡᠷᠡᠯ︾ ᠳᠤ ᠠᠵᠤ ᠦᠢᠯᠡᠰ ᠤᠨ ᠵᠢᠷᠤᠭ ᠢ ᠲᠣᠭᠲᠠᠭᠠᠨ ᠥᠭᠴᠦ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠥᠮᠥᠷᠭᠡ᠂ ᠲᠥᠷᠥᠯ ᠵᠦᠢᠯ ᠤᠨ ᠬᠥᠮᠥᠷᠭᠡ᠂ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠵᠤ᠂ ᠪᠥᠬᠦ ᠬᠤᠲᠠ ᠶᠢᠨ ᠠᠵᠤ ᠦᠢᠯᠡᠰ ᠤᠨ  ᠪᠦᠭᠡᠮᠨᠡᠷᠡᠯ ᠤᠨ ᠲᠣᠭᠤᠷᠢᠨ ᠳᠤ ᠲᠥᠷᠥ ᠶᠢᠨ ᠪᠣᠳᠣᠯᠭ᠎ᠠ ᠲᠣᠭᠲᠠᠭᠠᠬᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠬᠢᠬᠦ ᠶᠢ ᠨᠢᠭᠡᠳᠦᠯᠲᠡᠢ ᠲᠥᠯᠥᠪᠯᠡᠨ ᠠᠬᠢᠭᠤᠯᠪᠠ᠃      ᠡᠭᠦᠨ ᠤ ᠬᠠᠮᠲᠤ᠂ ᠮᠠᠨ ᠤ  ᠵᠦᠪᠯᠡᠯ ᠤᠨ ᠲᠦᠷᠦᠭᠦᠯᠡᠨ ᠪᠠᠶᠢᠭᠤᠯᠤᠭᠰᠠᠨ ᠴᠡᠪᠡᠷ ᠡᠨᠧᠷᠭᠢ ᠶᠢᠨ ᠠᠵᠤ ᠦᠢᠯᠡᠰ ᠤᠨ ᠪᠦᠭᠡᠮᠨᠡᠷᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠣᠳᠣᠬᠠᠨ ᠳᠤ ᠶᠠᠭ ᠳ᠋ᠠ ᠲᠠᠩ ᠤᠨ 200 ᠲᠦᠮᠡᠨ ᠺᠢᠯᠣᠸᠠᠲ ᠤᠨ ᠴᠠᠬᠢᠯᠭᠠᠨ ᠢ ᠭᠠᠳᠠᠭᠰᠢ ᠬᠦᠷᠭᠡᠬᠦ᠂ ᠦᠴᠦᠸᠠᠨ ᠤ ᠶᠤᠸᠠᠨ ᠵᠢᠩ  ᠤᠨ 40 ᠲᠦᠮᠡᠨ ᠺᠢᠯᠣᠸᠠᠲ ᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤ ᠬᠦᠷᠭᠡᠬᠦ ᠰᠠᠭᠤᠷᠢᠨ ᠭᠠᠵᠠᠷ᠂  ᠲᠢᠶᠠᠨ ᠨᠧᠩ ᠬᠦᠨᠳᠦ ᠠᠵᠤ ᠦᠢᠯᠡᠳᠪᠦᠷᠢ ᠶᠢᠨ 15 ᠲᠦᠮᠡᠨ ᠺᠢᠯᠣᠸᠠᠲ ᠤᠨ ᠢᠨᠵᠧᠨᠧᠷᠢᠩ ᠵᠡᠷᠭᠡ ᠨᠢᠭᠡ ᠪᠦᠯᠦᠭ ᠰᠢᠨ᠎ᠡ ᠡᠨᠧᠷᠭᠢ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ 2022 ᠣᠨ ᠳᠤ ᠬᠠᠭᠠᠰ ᠢ ᠨᠢ ᠲᠣᠣᠷ ᠲᠤ ᠨᠡᠶᠢᠯᠡᠭᠦᠯᠵᠦ᠂ 2023 ᠣᠨ ᠳᠤ ᠪᠦᠬᠦᠨ ᠢ ᠲᠣᠣᠷ ᠲᠤ ᠨᠡᠶᠢᠯᠡᠭᠦᠯᠬᠦ ᠶᠢ ᠦᠨᠡᠨᠬᠦ ᠪᠠᠲᠤᠯᠠᠵᠤ ᠪᠠᠶᠢᠨ᠎ᠠ᠃ ᠢᠯᠢ ᠶᠢᠨ ᠡᠷᠡᠭᠦᠯ ᠮᠡᠨᠳᠦ ᠶᠢᠨ ᠬᠥᠨᠳᠡᠢ ᠶᠢᠨ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ᠂ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠦᠯᠦᠭᠯᠡᠯ ᠤᠨ ᠨᠦᠭᠡᠴᠡ‌ᠡᠨᠧᠷᠬᠢ ᠪᠦᠬᠦᠢ ᠬᠠᠮᠲᠤ ᠪᠠᠷ ᠡᠳ᠋ᠯᠡᠬᠦ ᠴᠠᠬᠢᠯᠭᠠᠨ ᠥᠷᠲᠡᠭᠡ᠂ ᠲᠤᠭᠲᠠᠬᠤ ᠴᠢᠩ ᠱᠦᠢ ᠡᠾᠧ ᠤᠨ ᠬᠦᠷᠢᠶᠡᠯᠡᠩ ᠲᠣᠭᠤᠷᠢᠭ ᠤᠨ ᠳᠠᠬᠢᠨ ᠡᠭᠦᠰᠴᠦ ᠪᠣᠯᠬᠤ ᠡᠨᠧᠷᠭᠢ ᠶᠢᠨ ᠣᠷᠤᠯᠠᠭᠤᠯᠤᠯᠲᠠ᠂  ᠵᠦᠩ ᠬᠤᠸᠠᠨ ᠠᠵᠤ ᠦᠢᠯᠡᠰ ᠤᠨ ᠬᠤᠲᠠ ᠶᠢᠨ ᠪᠣᠬᠢᠷᠳᠤᠯ ᠦᠭᠡᠢ ᠴᠠᠬᠢᠯᠭᠠᠨ ᠬᠦᠴᠦᠨ ᠤ ᠣᠷᠤᠯᠠᠭᠤᠯᠤᠯᠲᠠ ᠵᠡᠷᠭᠡ ᠲᠥᠷᠥᠯ ᠵᠦᠢᠯ ᠢ ᠵᠥᠪᠰᠢᠶᠡᠷᠡᠬᠦ ᠶᠢᠨ ᠬᠠᠮᠲᠤ ᠬᠡᠷᠡᠭᠵᠢᠭᠦᠯᠬᠦ ᠶᠢ ᠢᠳᠡᠪᠬᠢᠲᠡᠢ  ᠠᠬᠢᠢᠭᠤᠯᠪᠠ᠃ ᠬᠥᠬᠡᠬᠤᠲᠠ ᠶᠢᠨ  ᠤᠰᠤ ᠲᠠᠲᠠᠵᠤ ᠡᠨᠧᠷᠬᠢ ᠬᠠᠳᠠᠭᠠᠯᠠᠬᠤ ᠬᠤᠶᠠᠳᠤᠭᠠᠷ ᠬᠤᠭᠤᠴᠠᠭ᠎ᠠ ᠶᠢ ᠤᠯᠤᠰ ᠤᠨ ᠲᠤᠰᠬᠠᠢ ᠵᠦᠢᠯ ᠤᠨ ᠲᠥᠯᠦᠪᠵᠢᠭᠦᠯᠭᠡ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠡᠷᠡᠭᠵᠢᠭᠦᠯᠬᠦ ᠲᠥᠷᠥᠯ ᠵᠦᠢᠯ ᠤᠨ ᠬᠥᠮᠥᠷᠭᠡ ᠳᠤ ᠣᠷᠣᠭᠤᠯᠬᠤ ᠪᠠᠷ ᠴᠢᠷᠮᠠᠶᠢᠵᠤ᠂ ᠬᠥᠬᠡᠬᠤᠲᠠ ᠶᠢᠨ ᠤᠰᠤ ᠲᠠᠲᠠᠵᠤ ᠡᠨᠧᠷᠬᠢ ᠬᠠᠳᠠᠭᠠᠯᠠᠬᠤ ᠭᠤᠷᠪᠠᠳᠤᠭᠠᠷ ᠬᠤᠭᠤᠴᠠᠭ᠎ᠠ᠂ ᠴᠢᠩ ᠱᠦᠢ ᠾᠧ ᠶᠢᠨ ᠤᠰᠤ ᠲᠠᠲᠠᠵᠤ ᠡᠨᠧᠷᠬᠢ ᠬᠠᠳᠠᠭᠠᠯᠠᠬᠤ ᠲᠦᠷᠦᠯ ᠵᠦᠢᠯ ᠵᠡᠷᠭᠡ ᠶᠢ ᠢᠳᠡᠪᠬᠢᠲᠡᠢ ᠪᠠᠷ ᠰᠦᠪᠡᠭᠴᠢᠯᠡᠨ ᠡᠮᠦᠨᠡᠬᠢ ᠬᠤᠭᠤᠴᠠᠭᠠᠨ ᠤ ᠠᠵᠢᠯ ᠢ ᠥᠷᠨᠢᠭᠦᠯᠦᠨ᠎ᠡ᠃      ᠬᠠᠮᠤᠭ ᠤᠨ ᠰᠢᠨ᠎ᠡ ᠲᠣᠬᠢᠷᠠᠭᠤᠯᠤᠯᠲᠠ ᠶᠢ ᠦᠨᠳᠦᠰᠦᠯᠡᠪᠡᠯ᠂ 2022 ᠣᠨ ᠳᠤ ᠵᠢᠷᠭᠤᠭᠠᠨ ᠲᠣᠮᠣ ᠠᠵᠤ ᠦᠢᠯᠡᠰ ᠤᠨ ᠪᠥᠭᠡᠮᠨᠡᠷᠡᠯ ᠤᠨ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠠᠶᠢᠭ᠎ᠠ ᠲᠥᠷᠥᠯ ᠵᠦᠢᠯ 112 ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ 832.3 ᠳ᠋ᠦᠩᠰᠢᠭᠤᠷ ᠲᠥᠭᠦᠷᠢᠭ ᠲᠤ ᠬᠦᠷᠴᠦ᠂ ᠵᠢᠱᠢᠯᠲᠡ ᠪᠠᠷ ᠦᠢᠯᠡᠳᠪᠦᠷᠢᠯᠡᠯ ᠢ ᠪᠡᠶᠡᠯᠡᠭᠦᠯᠦᠭᠰᠡᠨ ᠤ ᠳᠠᠷᠠᠭ᠎ᠠ ᠦᠢᠯᠡᠳᠬᠦᠨ ᠤ ᠥᠷᠲᠡᠭ ᠨᠢ 963.85 ᠳ᠋ᠦᠩᠰᠢᠭᠤᠷ ᠲᠥᠭᠦᠷᠢᠭ ᠲᠤ ᠬᠦᠷᠴᠦ᠂ ᠲᠣᠰ ᠵᠢᠯ ᠳᠤ 233.84 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠬᠦ ᠪᠠᠷ ᠵᠢᠱᠢᠵᠦ᠂ ᠣᠳᠣᠬᠠᠨ ᠳᠤ 31 ᠨᠢ ᠨᠢᠭᠡᠨᠲᠡ ᠠᠰᠢᠭᠯᠠᠯᠲᠠ ᠳᠤ  ᠣᠷᠣᠪᠠ︔244 ᠭᠤᠣᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠶᠡᠷᠦᠩᠬᠡᠢ ᠪᠡᠯᠡ ᠣᠷᠣᠭᠤᠯᠤᠯᠲᠠ 2136.98 ᠳ᠋ᠦᠩᠰᠢᠭᠤᠷ ᠲᠥᠭᠦᠷᠢᠭ ᠲᠤ ᠬᠦᠷᠴᠦ᠂ ᠲᠤᠰ ᠵᠢᠯ 233.84 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ᠂ ᠣᠳᠣᠬᠠᠨ ᠳᠤ 172  ᠲᠦᠷᠦᠯ ᠵᠦᠢᠯ ᠢ ᠨᠢᠭᠡᠨᠲᠡ ᠠᠵᠢᠯ ᠡᠬᠢᠯᠡᠭᠦᠯᠦᠨ ᠠᠵᠢᠯ ᠰᠡᠷᠭᠦᠭᠡᠪᠡ︔ ᠳᠡᠭᠡᠷ᠎ᠡ ᠬᠠᠭᠠᠰ ᠵᠢᠯ ᠳᠤ ᠬᠤᠳᠠᠯᠳᠤᠭᠠᠴᠢᠨ ᠤᠷᠢᠬᠤ ᠠᠵᠢᠯᠯᠠᠭ᠎ᠠ ᠶᠢ ᠨᠡᠶᠢᠲᠡ 130 ᠲᠠᠯᠠᠪᠤᠷ ᠤᠳᠠᠭ᠎ᠠ ︵ᠰᠦᠯᠵᠢᠶᠡᠨ ᠳᠡᠭᠡᠷ᠎ᠡ 16 ᠲᠠᠯᠠᠪᠤᠷ ᠤᠳᠠᠭ᠎ᠠ ᠬᠤᠳᠠᠯᠳᠤᠭᠠᠴᠢᠨ ᠣᠷᠢᠵᠣ᠂ 28 ᠲᠠᠯᠠᠪᠤᠷ ᠤᠳᠠᠭ᠎ᠠ ᠭᠠᠳᠠᠭᠰᠢ ᠭᠠᠷᠴᠤ ᠬᠤᠳᠠᠯᠳᠤᠭᠠᠴᠢᠨ  ᠣᠷᠢᠵᠣ᠂ 86 ᠲᠠᠯᠠᠪᠤᠷ ᠤᠳᠠᠭ᠎ᠠ ᠠᠵᠤ ᠠᠬᠤᠶᠢᠯᠠᠯ ᠢ ᠤᠷᠢᠵᠤ ᠬᠥᠬᠡᠬᠤᠲᠠ ᠳᠤ ᠢᠷᠡᠭᠦᠯᠵᠦ  ᠵᠦᠪᠳᠡᠯᠴᠡᠪᠡ︶ ᠥᠷᠨᠢᠭᠦᠯᠵᠦ᠂ 167 ᠠᠵᠤ ᠠᠬᠤᠶᠢᠯᠠᠯ ᠲᠠᠢ ᠵᠣᠯᠭᠠᠭᠤᠯᠵᠤ᠂ ᠣᠳᠣᠬᠠᠨ ᠳᠤ ᠨᠢᠭᠡᠨᠲᠡ ᠭᠡᠷ᠎ᠡ ᠲᠣᠭᠲᠠᠭᠰᠠᠨ 109 ᠲᠥᠷᠥᠯ ᠵᠦᠢᠯ ᠤᠨ ᠵᠥᠪᠳᠡᠯᠴᠡᠨ ᠲᠣᠭᠲᠠᠭᠰᠠᠨ ᠪᠡᠯᠡ ᠣᠷᠣᠭᠤᠯᠤᠯᠲᠠ 1695.51 ᠳ᠋ᠦᠩᠰᠢᠭᠤᠷ ᠲᠥᠭᠦᠷᠢᠭ ᠲᠤ ᠬᠦᠷᠴᠦ᠂ 58 ᠶᠢ ᠨᠢ ᠨᠢᠭᠡᠨᠲᠡ ᠪᠤᠳᠠᠳᠠᠶᠢᠵᠢᠭᠤᠯᠪᠠ᠃      ᠬᠥᠲᠥᠯᠥᠭᠴᠢ᠄      ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠠᠵᠤ ᠦᠢᠯᠡᠰ ᠤᠨ ᠬᠥᠭᠵᠢᠯᠲᠡ ᠶᠢᠨ ᠲᠤᠬᠠᠢ ᠲᠠᠨᠢᠯᠴᠠᠭᠤᠯᠭ᠎ᠠ ᠶᠢ ᠰᠣᠨᠣᠰᠤᠭᠠᠳ᠂ ᠪᠢᠳᠡ ᠬᠥᠬᠡᠬᠤᠲᠠ ᠶᠢᠨ ᠢᠷᠡᠭᠡᠳᠦᠢ ᠳᠤ ᠢᠲᠡᠭᠡᠯ ᠳᠦᠭᠦᠷᠡᠩ ᠪᠠᠶᠢᠨ᠎ᠠ᠃ ᠲᠡᠭᠡᠪᠡᠯ ᠳᠣᠣᠷ᠎ᠠ ᠬᠠᠭᠠᠰ ᠵᠢᠯ ᠳᠤ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠪᠠᠶᠢᠭᠠᠳ ᠪᠥᠬᠦ ᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠢ ᠲᠦᠯᠬᠢᠨ ᠠᠬᠢᠭᠤᠯᠬᠤ ᠪᠠᠷ ᠪᠠᠶᠢᠨ᠎ᠠ︖      ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠠᠵᠤ ᠠᠬᠤᠢ ᠶᠢᠨ ᠰᠤᠳᠤᠯᠭᠠᠨ ᠤ ᠲᠥᠪ ᠤᠨ ᠡᠷᠬᠢᠯᠡᠭᠴᠢ ᠽᠧᠩ ᠯᠢᠩ ᠰᠢᠨ᠄      ᠪᠥᠬᠦ ᠬᠤᠲᠠ ᠶᠢᠨ ᠠᠵᠤ ᠠᠬᠤᠢ ᠶᠢᠨ ᠶᠡᠷᠦᠩᠬᠡᠶᠢᠯᠡᠭᠰᠡᠨ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠪᠢᠳᠡ ᠦᠷᠭᠦᠯᠵᠢᠯᠡᠨ ᠢᠲᠡᠭᠡᠯ ᠵᠣᠷᠢᠭ ᠢᠶᠠᠨ ᠪᠠᠲᠤᠳᠬᠠᠵᠤ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ᠂ ᠴᠢᠩᠭ᠎ᠠ ᠠᠳᠬᠤᠨ ᠲᠦᠷᠭᠡᠨ ᠠᠵᠢᠯᠯᠠᠨ᠎ᠠ᠃      ᠨᠢᠭᠡ ᠳᠤ ᠨᠡᠮᠡᠭᠳᠡᠯ ᠢ ᠲᠣᠭᠲᠠᠪᠤᠷᠢᠵᠢᠭᠤᠯᠬᠤ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ︽ᠴᠢᠩᠭᠠᠳᠬᠠᠨ᠎ᠠ︾᠃ ᠨᠢᠭᠡ ᠲᠠᠯ᠎ᠠ ᠪᠠᠷ᠂ ᠳᠡᠭᠡᠳᠦ ᠱᠠᠲᠤᠨ ᠤ ᠱᠠᠭᠠᠷᠳᠠᠯᠭ᠎ᠠ ᠶᠣᠰᠣᠭᠠᠷ᠂ ︽ᠤᠯᠤᠰ ᠤᠨ ᠠᠵᠤ ᠠᠬᠤᠢ ᠶᠢ ᠲᠣᠭᠲᠠᠪᠤᠷᠢᠵᠢᠭᠤᠯᠬᠤ 33 ᠵᠦᠢᠯ︾ ︽ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢ ᠲᠣᠭᠲᠠᠪᠤᠷᠢᠵᠢᠭᠤᠯᠬᠤ 40 ᠵᠦᠢᠯ︾ ᠵᠡᠷᠭᠡ ᠠᠯᠢ ᠣᠯᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠣᠷᠣᠨ ᠤ ᠲᠥᠪ ᠲᠤ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ︔ ᠨᠥᠭᠦᠭᠡ ᠲᠠᠯ᠎ᠠ ᠪᠠᠷ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠡᠨᠡ ᠵᠢᠯ ᠤᠨ ᠮᠠᠨ ᠤ ᠬᠤᠲᠠ ᠶᠢᠨ ᠲᠣᠭᠲᠠᠭᠠᠵᠤ ᠨᠡᠶᠢᠲᠡᠯᠡᠭᠰᠡᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠭᠦᠢᠴᠡᠳ ᠪᠤᠳᠠᠳᠠᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠴᠠᠭ ᠲᠤᠨᠢ ᠲᠣᠬᠢᠷᠠᠭᠤᠯᠤᠨ ᠦᠨᠡᠯᠡᠨ ᠵᠢᠱᠢᠵᠦ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠭᠦᠢᠴᠡᠳ ᠪᠠᠳᠠᠷᠠᠭᠤᠯᠤᠨ᠂ ᠠᠵᠤ ᠠᠬᠤᠢ ᠶᠢᠨ ᠲᠣᠭᠲᠠᠭᠤᠨ ᠢ ᠪᠠᠲᠤᠯᠠᠨ ᠳᠡᠭᠡᠭᠰᠢᠯᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠵᠤ᠂ ᠪᠥᠬᠦ ᠵᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃      ᠬᠤᠶᠠᠷ ᠲᠤ ᠠᠵᠤ ᠠᠬᠤᠢ ᠶᠢᠨ ᠠᠵᠢᠯᠯᠠᠭᠠᠨ ᠢ ᠵᠠᠳᠠᠯᠤᠨ ᠲᠣᠬᠢᠷᠠᠭᠤᠯᠬᠤ ︽ᠨᠢᠭᠲᠠ︾ ᠪᠣᠯᠭᠠᠨ᠎ᠠ᠃ ᠪᠥᠬᠦ ᠵᠢᠯ ᠤᠨ ᠬᠠᠷᠠᠯᠲᠠ ᠡᠭᠦᠷᠭᠡ ᠶᠢᠨ ᠲᠣᠭᠤᠷᠢᠨ ᠳᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ᠂ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠠᠵᠤ ᠠᠬᠤᠶᠢᠯᠠᠯ᠂ ᠠᠷᠠᠯᠵᠢᠶ᠎ᠠ ᠬᠤᠳᠠᠯᠳᠤᠭᠠᠨ ᠤ ᠭᠤᠣᠯᠳᠠᠯᠭ᠎ᠠ ᠲᠠᠢ ᠠᠵᠤ ᠠᠬᠤᠶᠢᠯᠠᠯ ᠵᠡᠷᠭᠡ ᠵᠠᠩᠭᠢᠯᠠᠭ᠎ᠠ ᠶᠢᠨ ᠬᠦᠷᠢᠶ᠎ᠡ ᠴᠠᠷᠠᠭ᠎ᠠ ᠳᠤ ᠴᠢᠭᠯᠡᠭᠦᠯᠦᠨ᠂ ᠨᠢᠭᠲᠠ ᠲᠣᠬᠢᠷᠠᠭᠤᠯᠤᠨ ᠵᠠᠳᠠᠯᠬᠤ ᠠᠵᠢᠯ ᠢ ᠥᠷᠨᠢᠭᠦᠯᠵᠦ᠂ ︽ᠡᠳᠦᠷ ᠢᠶᠠᠷ ᠬᠢᠨᠠᠨ ᠬᠡᠮᠵᠢᠵᠦ᠂ ᠭᠠᠷᠠᠭ ᠢᠶᠠᠷ ᠲᠣᠬᠢᠷᠠᠭᠤᠯᠤᠨ᠂ ᠰᠠᠷ᠎ᠠ ᠪᠠᠷ ᠮᠡᠳᠡᠭᠡᠯᠡᠬᠦ︾ ᠳᠦᠷᠢᠮ ᠢ ᠪᠠᠶᠢᠩᠭᠤᠵᠢᠭᠤᠯᠤᠨ ᠨᠠᠶᠢᠳᠠᠪᠤᠷᠢᠵᠢᠭᠤᠯᠵᠤ᠂ ︽ᠲᠣᠭᠲᠠᠭᠤᠨ ᠪᠠᠶᠢᠯᠭᠠᠬᠤ︾ ᠰᠠᠭᠤᠷᠢ᠂ ︽ᠤᠷᠤᠭᠰᠢᠯᠠᠬᠤ︾ ᠬᠥᠳᠡᠯᠭᠡᠭᠦ ᠬᠦᠴᠦᠨ ᠢ ᠲᠠᠰᠤᠷᠠᠯᠲᠠ ᠦᠭᠡᠢ ᠪᠠᠲᠤᠳᠬᠠᠨ᠎ᠠ᠃      ᠭᠤᠷᠪᠠ ᠳᠤ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ︽ᠲᠦᠷᠭᠡᠳᠬᠡᠨ᠎ᠡ︾᠃ ᠡᠭᠦᠨ ᠳᠤ ᠭᠤᠣᠯᠳᠠᠭᠤ ᠲᠦᠷᠦᠯ ᠵᠦᠢᠯ ᠢ ᠳᠠᠶᠢᠴᠢᠯᠠᠬᠤ᠂ ᠪᠡᠯᠡ ᠣᠷᠣᠭᠤᠯᠤᠯᠲᠠ ᠶᠢ ᠳᠠᠶᠢᠴᠢᠯᠠᠬᠤ ᠦᠢᠯᠡᠳᠦᠯ ᠢ ᠬᠦᠴᠦᠲᠡᠢ ᠪᠠᠳᠠᠷᠠᠭᠤᠯᠬᠤ ᠪᠠᠳᠠᠷᠠᠭᠤᠯᠤᠨ᠎ᠠ᠃ ᠨᠢᠭᠡ ᠲᠠᠯ᠎ᠠ ᠪᠠᠷ᠂ ᠪᠠᠶᠢᠭᠤᠯᠵᠤ ᠪᠠᠶᠢᠭ᠎ᠠ 1042 ᠭᠤᠣᠯᠳᠠᠯᠭ᠎ᠠ ᠲᠠᠢ ᠲᠥᠷᠥᠯ ᠵᠦᠢᠯ ᠤᠨ ᠬᠤᠷᠳᠤᠴᠠ ᠶᠢ ᠪᠥᠬᠦ ᠲᠠᠯ᠎ᠠ ᠪᠠᠷ ᠲᠦᠷᠭᠡᠳᠬᠡᠵᠦ᠂ 8᠂ 9᠂ 10  ᠳ᠋ᠤᠭᠠᠷ ᠰᠠᠷ᠎ᠠ ᠶᠢᠨ ᠪᠦᠲᠦᠭᠡᠨ ᠪᠠᠶᠢᠭᠤᠯᠤᠯᠲᠠ ᠶᠢᠨ ᠰᠢᠵᠢᠷ ᠠᠯᠲᠠᠨ ᠬᠤᠭᠤᠴᠠᠭ᠎ᠠ ᠶᠢ ᠠᠳᠬᠤᠨ᠂ ᠪᠠᠷᠢᠯᠭ᠎ᠠ ᠶᠢᠨ ᠠᠬᠢᠴᠠ ᠶᠢ ᠲᠦᠷᠭᠡᠳᠬᠡᠨ᠂ ᠪᠡᠯᠡ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠢᠯᠠᠩᠭᠤᠶ᠎ᠠ ᠡᠨᠡ ᠵᠢᠯ ᠳᠠᠭᠤᠰᠬᠠᠬᠤ ᠪᠠᠷ ᠲᠥᠯᠥᠪᠯᠡᠵᠦ ᠪᠠᠶᠢᠭ᠎ᠠ ᠲᠥᠷᠥᠯ ᠵᠦᠢᠯ ᠢ ᠭᠤᠣᠯᠳᠠᠯᠭ᠎ᠠ ᠲᠠᠢ ᠠᠩᠬᠠᠷᠴᠤ᠂ ᠪᠥᠬᠦ ᠬᠦᠴᠦᠨ ᠢᠶᠠᠷ ᠢᠶᠠᠨ ᠳᠡᠮᠵᠢᠵᠦ᠂ ᠡᠷᠲᠡᠬᠡᠨ ᠠᠰᠢᠭᠯᠠᠯᠲᠠ ᠳᠤ ᠣᠷᠣᠭᠤᠯᠵᠤ᠂ ᠡᠷᠲᠡᠬᠡᠨ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ︔ ᠨᠥᠭᠦᠭᠡ ᠲᠠᠯ᠎ᠠ ᠪᠠᠷ᠂ ᠪᠠᠶᠢᠭᠤᠯᠬᠤ ᠪᠠᠷ ᠪᠠᠶᠢᠭ᠎ᠠ ︽ ᠵᠣᠬᠢᠰᠲᠠᠢ ᠤᠷᠢᠳᠴᠢᠯᠠᠨ  ᠪᠠᠶᠢᠷᠢᠯᠠᠭᠤᠯᠤᠭᠰᠠᠨ ᠰᠠᠭᠤᠷᠢ ᠪᠡᠯᠡᠳᠬᠡᠮᠵᠢ ᠶᠢᠨ ᠲᠥᠷᠥᠯ ᠵᠦᠢᠯ ︾ ︽ᠲᠥᠷᠥ ᠶᠢᠨ ᠪᠣᠳᠣᠯᠭ᠎ᠠ ᠶᠢᠨ ᠴᠢᠨᠠᠷᠲᠠᠢ᠂ ᠨᠡᠭᠡᠭᠡᠨ ᠬᠥᠭᠵᠢᠭᠦᠯᠬᠦ ᠴᠢᠨᠠᠷᠲᠠᠢ ᠮᠥᠩᠭᠦᠨ ᠭᠦᠢᠯᠭᠡᠭᠡᠨ ᠤ ᠪᠠᠭᠠᠵᠢ ᠪᠠᠷ ᠳᠡᠮᠵᠢᠬᠦ ᠲᠥᠷᠥᠯ ᠵᠦᠢᠯ︾ ᠢ ᠤᠷᠢᠳᠴᠢᠯᠠᠨ ᠪᠠᠶᠢᠷᠢᠰᠢᠭᠤᠯᠬᠤ ᠶᠢ ᠰᠠᠶᠢᠲᠤᠷ ᠬᠢᠵᠦ᠂ ᠰᠤᠳᠤᠯᠤᠨ ᠨᠠᠶᠢᠷᠠᠭᠤᠯᠵᠤ ᠪᠣᠯᠬᠤ᠂ ᠭᠠᠷᠳᠠᠮ ᠢ ᠭᠦᠢᠴᠡᠳᠬᠡᠬᠦ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ᠂ ᠡᠷᠲᠡᠬᠡᠨ ᠨᠠᠶᠢᠳᠠᠪᠤᠷᠢᠵᠢᠭᠤᠯᠵᠤ᠂ ᠡᠷᠲᠡᠬᠡᠨ ᠠᠵᠢᠯ ᠡᠬᠢᠯᠡᠭᠦᠯᠬᠦ ᠪᠠᠷ ᠴᠢᠷᠮᠠᠶᠢᠨ᠎ᠠ᠃      ᠳᠥᠷᠪᠡ ᠳᠤ ᠦᠢᠯᠡᠴᠢᠯᠡᠭᠡᠨ ᠤ ᠪᠠᠲᠤᠯᠠᠭ᠎ᠠ ᠶᠢᠨ ᠡᠷᠴᠢᠮ ᠢ ︽ᠴᠢᠩᠭᠠᠷᠠᠭᠤᠯᠤᠨ᠎ᠠ︾᠃ ᠤᠯᠤᠰ᠂ ᠥᠪᠡᠷᠲᠡᠭᠡᠨ ᠵᠠᠰᠠᠬᠤ ᠣᠷᠣᠨ ᠤ ᠪᠡᠯᠡ ᠮᠥᠩᠭᠦ ᠪᠠᠷ ᠳᠡᠮᠵᠢᠬᠦ ᠴᠢᠭᠯᠡᠯ ᠳᠤ ᠨᠡᠶᠢᠴᠡᠬᠦ ᠲᠥᠷᠥᠯ ᠵᠦᠢᠯ ᠳᠤ᠂ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠲᠠᠢ ᠵᠣᠯᠭᠠᠭᠤᠯᠬᠤ᠂ ᠪᠡᠯᠡ ᠮᠥᠩᠭᠦ ᠶᠢᠨ ᠣᠷᠣᠭᠤᠯᠤᠯᠲᠠ ᠶᠢᠨ ᠬᠠᠨᠳᠤᠰᠢ ᠶᠢ ᠵᠣᠬᠢᠴᠠᠭᠤᠯᠬᠤ ᠲᠠᠯ᠎ᠠ ᠪᠠᠷ ᠢᠳᠡᠪᠬᠢᠲᠡᠢ ᠪᠠᠷ ᠬᠥᠲᠥᠯᠥᠨ ᠵᠢᠯᠤᠭᠤᠳᠴᠤ᠂ ᠲᠥᠷᠥᠯ ᠵᠦᠢᠯ ᠢ ᠪᠣᠭᠤᠳᠠᠯᠯᠠᠬᠤ᠂ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠲᠠᠯ᠎ᠠ ᠪᠠᠷ ᠰᠠᠨᠠᠭᠠᠴᠢᠯᠠᠭ᠎ᠠ ᠠᠴᠠ ᠪᠠᠨ ᠰᠠᠶᠢᠲᠤᠷ ᠬᠠᠪᠰᠤᠷᠤᠨ ᠵᠢᠯᠤᠭᠤᠳᠴᠤ᠂ ᠲᠥᠰᠥᠪ ᠤᠨ ᠳᠣᠲᠣᠷᠠᠬᠢ ᠪᠡᠯᠡ ᠮᠥᠩᠭᠦ᠂ ᠲᠤᠰᠬᠠᠢ ᠵᠦᠢᠯ ᠤᠨ ᠵᠢᠭᠡᠯᠡᠯᠭᠡ᠂ ᠵᠢᠭᠡᠯᠡᠯᠭᠡ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠳᠠᠮ ᠬᠦᠦ ᠵᠡᠷᠭᠡ ᠪᠡᠯᠡ ᠮᠥᠩᠭᠦ ᠶᠢ ᠣᠯᠬᠤ ᠵᠠᠮ ᠢ  ᠨᠡᠪᠲᠡᠷᠡᠭᠦᠯᠦᠨ᠎ᠡ︔ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠳᠤ ᠨᠡᠶᠢᠴᠡᠬᠦ ᠲᠥᠷᠥᠯ ᠵᠦᠢᠯ ᠢ ᠭᠦᠨᠵᠡᠭᠡᠢ ᠨᠡᠪᠲᠡᠷᠡᠯᠴᠡᠨ ᠵᠣᠯᠭᠠᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠢ ᠢᠳᠡᠪᠬᠢᠲᠡᠢ ᠵᠣᠬᠢᠴᠠᠭᠤᠯᠤᠨ᠂ ᠲᠥᠷᠥᠯ ᠵᠦᠢᠯ ᠤᠨ ᠡᠨᠧᠷᠭᠢ ᠬᠡᠷᠡᠭᠯᠡᠬᠦ᠂ ᠠᠵᠢᠯᠴᠢᠨ ᠬᠡᠷᠡᠭᠯᠡᠬᠦ᠂ ᠭᠠᠵᠠᠷ ᠬᠡᠷᠡᠭᠯᠡᠬᠦ᠂ ᠬᠢᠵᠢᠭ ᠢ ᠰᠡᠷᠭᠡᠶᠢᠯᠡᠬᠦ ᠵᠡᠷᠭᠡ ᠬᠡᠷᠡᠭᠴᠡᠭᠡ ᠱᠠᠭᠠᠷᠳᠠᠯᠭ᠎ᠠ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠲᠥᠷᠥᠯ ᠵᠦᠢᠯ ᠢ ᠪᠥᠬᠦ ᠴᠢᠳᠠᠯ ᠢᠶᠠᠷ ᠠᠬᠢᠭᠤᠯᠵᠤ᠂ ᠠᠵᠤ ᠠᠬᠤᠶᠢᠯᠠᠯ ᠢ ᠳᠦᠭᠦᠷᠡᠩ ᠳᠠᠭᠠᠭᠠᠴᠠ ᠲᠠᠢ ᠠᠵᠢᠯᠯᠠᠭᠤᠯᠤᠨ᠎ᠠ᠃      ᠬᠠᠮᠢᠶᠠᠷᠤᠭᠴᠢ᠄      ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠠᠵᠤ ᠠᠬᠤᠢ ᠶᠢᠨ ᠰᠤᠳᠤᠯᠭᠠᠨ ᠤ ᠲᠥᠪ ᠤᠨ ᠽᠧᠩ ᠯᠢᠩ ᠰᠢᠨ ᠡᠷᠬᠢᠯᠡᠭᠴᠢ᠂ ᠠᠵᠤ ᠠᠬᠤᠢ ᠶᠢᠨ ᠰᠤᠳᠤᠯᠭᠠᠨ ᠤ ᠲᠥᠪ ᠤᠨ ᠯᠢ ᠪᠢᠨ ᠳᠡᠳ᠋ ᠡᠷᠬᠢᠯᠡᠭᠴᠢ  ᠂ ᠠᠵᠤ ᠠᠬᠤᠢ ᠶᠢᠨ ᠰᠤᠳᠤᠯᠭᠠᠨ ᠤ ᠲᠥᠪ ᠤᠨ ᠤᠯᠠᠭᠠᠨ ᠳᠡᠳ᠋ ᠡᠷᠬᠢᠯᠡᠭᠴᠢ ᠳᠤ  ᠪᠠᠶᠠᠷᠯᠠᠯ᠎ᠠ᠂ ᠰᠦᠯᠵᠢᠶᠡᠨ ᠨᠠᠶᠢᠵᠠ ᠨᠠᠷ ᠤᠨ ᠠᠩᠬᠠᠷᠤᠯ ᠢᠶᠠᠨ ᠬᠠᠨᠳᠤᠭᠤᠯᠵᠤ ᠣᠷᠤᠯᠴᠠᠭᠰᠠᠨ ᠳᠤ  ᠪᠠᠶᠠᠷᠯᠠᠯ᠎ᠠ᠂ ᠲᠣᠰ ᠬᠤᠭᠤᠴᠠᠭᠠᠨ ᠤ ᠰᠣᠷᠪᠤᠯᠵᠢᠯᠠᠭ᠎ᠠ ᠠᠳᠡ ᠬᠦᠷᠦᠭᠡᠳ  ᠦᠨᠳᠦᠷᠯᠡᠯ᠎ᠡ᠂  ᠪᠠᠶᠠᠷᠯᠠᠯ᠎ᠠ᠃
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号