︽ᠬᠤᠷᠢᠨᠭᠡᠷ ᠰᠢᠶᠠᠨ ᠤ ᠣᠷᠴᠢᠨ ᠠᠬᠤᠶ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠦᠯ︾
ᠨᠡᠶᠢᠲᠡᠯᠡᠭᠰᠡᠨ ᠴᠠᠭ᠄
2022/9/5
     ᠨᠢᠭᠡ᠂ ᠣᠷᠣᠨ ᠲᠣᠭᠠᠨ ᠤ ᠠᠬᠤᠶ ᠪᠠᠶᠢᠳᠠᠯ      ᠨᠢᠭᠡ ᠳᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠤᠨ ᠬᠡᠷᠡᠭᠴᠡᠭᠡ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠂ ︽ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠲᠦᠷᠦ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠦᠷᠦ ᠲᠠᠷᠬᠠᠭᠠᠭᠰᠠᠨ [2010]23 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠳᠤ ᠴᠥᠮ ᠨᠢᠭᠡᠳᠦᠯᠲᠡᠶ ᠤᠳᠤᠷᠢᠳᠤᠭᠰᠠᠨ᠂ ᠱᠠᠳᠤ ᠬᠤᠪᠢᠶᠠᠨ ᠬᠠᠷᠢᠭᠤᠴᠠᠭᠰᠠᠨ᠂ ᠴᠠᠭ ᠲᠤᠬᠠᠶ ᠳᠤᠨᠢ ᠲᠤᠰᠬᠠᠭᠰᠠᠨ᠂ ᠵᠢᠷᠤᠮᠵᠢᠯ ᠲᠠᠢ ᠪᠥᠭᠡᠳ ᠡᠮᠬᠢ ᠵᠢᠷᠤᠮ ᠲᠠᠢ᠂ ᠰᠢᠨᠵᠢᠯᠡᠬᠦ ᠤᠬᠠᠭᠠᠨᠴᠢ ᠪᠥᠭᠡᠳ ᠥᠨᠳᠥᠷ ᠪᠦᠲᠦᠮᠵᠢᠲᠡᠶ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠴᠢᠳᠠᠪᠤᠷᠢ ᠵᠢᠴᠢ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ ᠭᠡᠵᠦ ᠳᠤᠷᠠᠳᠤᠨ ᠭᠠᠷᠭᠠᠵᠠᠶ᠃ 2020 ᠣᠨ ᠳᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠬᠤ ᠰᠢᠨ᠎ᠡ ᠵᠢᠯᠣᠭᠤᠳᠬᠤ ᠲᠦᠷᠢᠮ ᠢ ᠨᠡᠶᠢᠲᠡᠯᠡᠵᠦ᠂ ᠰᠢᠨ᠎ᠡ ᠱᠠᠭᠠᠷᠳᠠᠯᠭ᠎ᠠ ᠪᠠ ᠰᠢᠨ᠎ᠡ ᠡᠭᠦᠷᠭᠡ ᠶᠢ ᠳᠤᠷᠠᠳᠤᠨ ᠭᠠᠷᠭᠠᠭᠰᠠᠨ ᠪᠣᠯᠬᠤᠷ ᠮᠠᠨ ᠤ ᠰᠢᠶᠠᠨ ᠤ ︽ᠪᠡᠯᠡᠳᠬᠡᠯ ᠲᠥᠰᠦᠯ︾ ᠳᠤ ᠲᠠᠬᠢᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠴᠢᠬᠤᠯᠠᠲᠠᠶ ᠪᠠᠶᠢᠨ᠎ᠠ᠃      ᠬᠤᠶᠠᠷ ᠲᠤ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠬᠡᠷᠡᠭᠴᠡᠭᠡ᠃ ︽ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠤ ᠲᠥᠯᠥᠪᠵᠢᠭᠦᠯᠭᠡ ᠶᠢᠨ ᠭᠦᠢᠴᠡᠳᠬᠡᠯ ᠲᠣᠭᠠᠨ ᠤ ᠰᠢᠰᠲ᠋ᠧᠮ︾ ︽ᠠᠮᠢ ᠠᠬᠤᠶ ᠶᠢᠨ ᠠᠮᠤᠷ ᠲᠦᠪᠰᠢᠨ ᠤ ᠬᠦᠷᠢᠶ᠎ᠡ︾ ᠳᠣᠲᠣᠷᠠᠬᠢ ᠨᠢᠭᠡ ᠵᠦᠢᠯ ᠤᠨ ᠬᠢᠨᠠᠨ ᠰᠢᠯᠭᠠᠬᠤ ᠭᠦᠢᠴᠡᠳᠬᠡᠯ ᠲᠤᠭ᠎ᠠ ᠨᠢ ︽ᠠᠮᠢ ᠠᠬᠤᠶ ᠶᠢᠨ ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠭᠲᠠᠴᠠ︾ ᠪᠣᠯᠤᠨ᠎ᠠ᠃ ᠬᠤᠲᠠ᠂ ᠰᠢᠶᠠᠨ ᠬᠤᠶᠠᠷ ᠱᠠᠲᠤᠨ ᠤ ᠬᠢᠨ ᠴᠥᠮ ︽ᠠᠮᠢ ᠠᠬᠤᠶ ᠶᠢᠨ ᠣᠷᠴᠢᠨ ᠨᠥᠬᠦᠴᠡᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠬᠦ︾ ᠶᠢ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ 2022 ᠣᠨ ᠤ ᠠᠵᠢᠯ ᠤᠨ ᠲᠥᠯᠥᠪᠯᠡᠭᠡ ᠳᠤ ᠵᠢᠭᠰᠠᠭᠠᠨ ᠣᠷᠣᠭᠤᠯᠵᠤ᠂ ︽ᠬᠤᠷᠢᠨᠭᠡᠷ ᠰᠢᠶᠠᠨ ᠤ ᠠᠮᠢ ᠠᠬᠤᠶ ᠶᠢᠨ ᠣᠷᠴᠢᠨ ᠨᠥᠬᠦᠴᠡᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠦᠯ︾ ᠳᠤ ᠵᠠᠰᠠᠪᠤᠷᠢ ᠣᠷᠣᠭᠤᠯᠵᠤ ᠨᠡᠶᠢᠲᠡᠯᠡᠭᠰᠡᠨ ᠨᠢ ᠵᠠᠩᠭᠢᠯᠠᠭ᠎ᠠ ᠶᠢᠨ ᠨᠢᠭᠡ ᠵᠦᠶ᠋ᠯ ᠤᠨ ᠠᠷᠭ᠎ᠠ ᠬᠡᠮᠵᠢᠶ᠎ᠡ ᠪᠠ ᠱᠠᠭᠠᠷᠳᠠᠯᠭ᠎ᠠ ᠪᠣᠯᠤᠨ᠎ᠠ᠃      ᠬᠤᠶᠠᠷ᠂ ᠭᠤᠣᠯ ᠠᠭᠤᠯᠭ᠎ᠠ      ︽ᠪᠡᠯᠡᠳᠬᠡᠯ ᠲᠥᠰᠦᠯ︾ ᠨᠢ ᠨᠡᠶᠢᠲᠡ ᠶᠢᠰᠦᠨ ᠪᠦᠯᠦᠭ ᠲᠠᠢ᠂ ᠲᠣᠰ ᠲᠣᠰ ᠶᠡᠷᠦᠩᠬᠡᠶ ᠲᠦᠷᠢᠮ᠂ ᠵᠣᠬᠢᠶᠠᠨ ᠪᠠᠶᠢᠭᠤᠯᠵᠤ ᠵᠢᠯᠣᠭᠤᠳᠬᠤ ᠰᠢᠰᠲ᠋ᠧᠮ ᠵᠢᠴᠢ ᠲᠤᠰᠢᠶᠠᠯ ᠬᠠᠷᠢᠭᠤᠴᠠᠯᠭ᠎ᠠ᠂ ᠤᠷᠢᠳᠴᠢᠯᠠᠨ ᠰᠡᠷᠭᠡᠶᠢᠯᠡᠬᠦ ᠪᠠ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ᠂ ᠪᠠᠴᠢᠮ ᠪᠠᠶᠢᠳᠠᠯ ᠢ ᠠᠷᠭᠠᠴᠠᠭᠠᠬᠤ ᠳᠤ ᠬᠠᠷᠢᠭᠤ ᠥᠭᠬᠦ᠂ ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠯᠲᠡ᠂ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ᠂ ᠬᠢᠨᠠᠯᠲᠠ ᠬᠠᠮᠢᠶᠠᠷᠤᠯᠲᠠ᠂ ᠳᠠᠭᠠᠯᠳᠤᠭᠤᠯᠤᠭᠰᠠᠨ ᠲᠦᠷᠢᠮ᠂ ᠳᠠᠭᠠᠯᠳᠤᠭᠤᠯᠤᠯ ᠵᠡᠷᠭᠡ ᠪᠣᠯᠤᠨ᠎ᠠ᠃      ᠨᠢᠭᠡᠳᠦᠭᠡᠷ ᠪᠦᠯᠦᠭ ᠶᠡᠷᠦᠩᠬᠡᠶ ᠳᠦᠷᠢᠮ᠄ ᠣᠷᠣᠨ ᠲᠤᠭ᠎ᠠ ᠶᠢᠨ ᠵᠣᠷᠢᠯᠭ᠎ᠠ᠂ ᠣᠷᠣᠨ ᠲᠤᠭ᠎ᠠ ᠶᠢᠨ ᠦᠨᠳᠦᠰᠦᠯᠡᠯ ᠪᠠ ᠠᠵᠢᠯ ᠤᠨ ᠵᠠᠷᠴᠢᠮ ᠵᠡᠷᠭᠡ ᠶᠢ ᠪᠠᠭᠲᠠᠭᠠᠨ᠎ᠠ᠃      ᠬᠤᠶᠠᠳᠤᠭᠠᠷ ᠪᠦᠯᠦᠭ ᠪᠠᠴᠢᠮ ᠪᠠᠶᠢᠳᠠᠯ ᠢ ᠠᠷᠭᠠᠴᠠᠭᠠᠬᠤ ᠵᠣᠬᠢᠶᠠᠨ ᠪᠠᠶᠢᠭᠤᠯᠤᠨ ᠵᠢᠯᠣᠭᠤᠳᠬᠤ ᠰᠢᠰᠲ᠋ᠧᠮᠵᠢ ᠬᠢᠭᠡᠳ ᠡᠭᠦᠷᠭᠡ ᠬᠠᠷᠢᠭᠤᠴᠠᠯᠭ᠎ᠠ᠄ ᠤᠳᠤᠷᠢᠳᠬᠤ ᠪᠠᠶᠢᠭᠤᠯᠤᠮᠵᠢ᠂ ᠠᠵᠢᠯ ᠤᠨ ᠪᠠᠶᠢᠭᠤᠯᠤᠮᠵᠢ᠂ ᠣᠷᠣᠨ ᠨᠤᠲᠤᠭ  ᠤᠨ ᠪᠠᠶᠢᠭᠤᠯᠤᠮᠵᠢ᠂ ᠣᠷᠴᠢᠨ ᠲᠣᠭᠤᠷᠢᠨ ᠤ ᠪᠠᠴᠢᠮ ᠪᠠᠶᠢᠳᠠᠯ ᠢ ᠠᠷᠭᠠᠴᠠᠭᠠᠬᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠵᠡᠷᠭᠡ ᠶᠢ ᠪᠠᠭᠲᠠᠭᠠᠨ᠎ᠠ᠃      ᠭᠤᠷᠪᠠᠳᠤᠭᠠᠷ ᠪᠦᠯᠦᠭ ᠤᠷᠢᠳᠴᠢᠯᠠᠨ ᠰᠡᠷᠭᠡᠶᠢᠯᠡᠬᠦ ᠪᠠ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ᠄ ᠡᠭᠦᠨ ᠳᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠠᠷᠭ᠎ᠠ ᠬᠡᠮᠵᠢᠶ᠎ᠡ᠂ ᠣᠷᠴᠢᠨ ᠠᠬᠤᠶ ᠶᠢᠨ ᠠᠶᠤᠯ ᠲᠦᠭᠰᠢᠭᠦᠷᠢ ᠶᠢᠨ ᠲᠠᠯᠳᠠ ᠭᠡᠮ ᠢ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠵᠠᠰᠠᠬᠤ ᠠᠷᠭ᠎ᠠ ᠬᠡᠮᠵᠢᠶ᠎ᠡ᠂ ᠤᠷᠢᠳᠴᠢᠯᠠᠨ ᠰᠡᠷᠡᠮᠵᠢᠯᠡᠭᠦᠯᠬᠦ ᠲᠡᠰ ᠬᠤᠪᠢᠶᠠᠭᠰᠠᠨ ᠭᠦᠢᠴᠡᠳᠬᠡᠬᠦ ᠲᠤᠭ᠎ᠠ᠂ ᠤᠷᠢᠳᠴᠢᠯᠠᠨ ᠰᠡᠷᠡᠮᠵᠢᠯᠡᠭᠦᠯᠬᠦ ᠶᠢ ᠨᠡᠶᠢᠲᠡᠯᠡᠬᠦ ᠪᠤᠶᠤ ᠬᠦᠴᠦᠨ ᠦᠭᠡᠢ ᠪᠣᠯᠭᠠᠬᠤ ᠵᠢᠷᠤᠮ᠂ ᠤᠷᠢᠳᠴᠢᠯᠠᠨ ᠰᠡᠷᠡᠮᠵᠢᠯᠡᠭᠦᠯᠬᠦ ᠵᠣᠬᠢᠴᠠᠩᠭᠤᠶ ᠠᠷᠭ᠎ᠠ ᠬᠡᠮᠵᠢᠶ᠎ᠡ ᠵᠡᠷᠭᠡ ᠪᠠᠭᠲᠠᠨ᠎ᠠ᠃      ᠳᠥᠷᠪᠡᠳᠦᠭᠡᠷ ᠪᠦᠯᠦᠭ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ᠄ ᠡᠭᠦᠨ ᠳᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠡᠬᠢᠯᠡᠭᠦᠯᠬᠦ ᠨᠥᠬᠦᠴᠡᠯ᠂ ᠮᠡᠳᠡᠭᠡ ᠵᠠᠩᠭᠢ ᠶᠢ ᠮᠡᠳᠡᠭᠦᠯᠬᠦ᠂ ᠤᠷᠢᠳᠠᠪᠠᠷ ᠰᠢᠢᠳᠪᠦᠷᠢᠯᠡᠬᠦ᠂ ᠱᠠᠲᠤ ᠬᠤᠪᠢᠶᠠᠨ ᠳᠠᠭᠠᠬᠤ᠂ ᠵᠢᠯᠣᠭᠤᠳᠬᠤ ᠪᠠ ᠵᠣᠬᠢᠴᠠᠭᠤᠯᠬᠤ᠂ ᠮᠡᠳᠡᠭᠡ ᠵᠠᠩᠭᠢ ᠨᠡᠶᠢᠲᠡᠯᠡᠬᠦ᠂ ᠪᠠᠴᠢᠮ ᠪᠠᠶᠢᠳᠠᠯ ᠢ ᠠᠷᠭᠠᠴᠠᠭᠠᠬᠤ ᠶᠢ ᠵᠣᠭᠰᠣᠭᠠᠬᠤ ᠵᠡᠷᠭᠡ ᠲᠠᠰ ᠳᠠᠷᠠᠭᠠᠯᠠᠯ ᠪᠠ ᠠᠷᠭ᠎ᠠ ᠬᠡᠮᠵᠢᠶ᠎ᠡ ᠪᠠᠭᠲᠠᠨ᠎ᠠ᠃      ᠲᠠᠪᠤᠳᠤᠭᠠᠷ ᠪᠦᠯᠦᠭ ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠯᠲᠡ᠄ ᠡᠭᠦᠨ ᠳᠤ ᠰᠡᠭᠦᠯᠴᠢ ᠶᠢᠨ ᠶᠠᠪᠤᠳᠠᠯ ᠢ ᠰᠢᠢᠳᠪᠦᠷᠢᠯᠡᠬᠦ᠂ ᠪᠠᠶᠢᠴᠠᠭᠠᠯᠲᠠ ᠬᠢᠬᠦ ᠪᠠ ᠦᠨᠡᠯᠡᠨ ᠵᠢᠱᠢᠬᠦ᠂ ᠰᠡᠷᠭᠦᠭᠡᠨ ᠳᠠᠬᠢᠨ ᠪᠠᠶᠢᠭᠤᠯᠬᠤ ᠵᠡᠷᠭᠡ ᠪᠠᠭᠲᠠᠨ᠎ᠠ᠃      ᠵᠢᠷᠭᠤᠳᠤᠭᠠᠷ ᠪᠦᠯᠦᠭ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ᠄ ᠬᠥᠮᠦᠨ ᠤ ᠬᠦᠴᠦᠨ ᠤ ᠡᠬᠢ ᠪᠠᠶᠠᠯᠢᠭ ᠤᠨ ᠪᠠᠲᠤᠯᠠᠭ᠎ᠠ᠂ ᠡᠳ᠋ ᠤᠨ ᠬᠦᠴᠦᠨ ᠤ ᠪᠠᠲᠤᠯᠠᠭ᠎ᠠ᠂ ᠪᠤᠳᠠᠰ ᠤᠨ ᠬᠦᠴᠦᠨ ᠤ ᠪᠠᠲᠤᠯᠠᠭ᠎ᠠ᠂ ᠡᠮᠨᠡᠯᠭᠡ ᠡᠷᠡᠭᠦᠯ ᠬᠠᠮᠠᠭᠠᠯᠠᠯ ᠤᠨ ᠪᠠᠲᠤᠯᠠᠭ᠎ᠠ᠂ ᠲᠡᠭᠡᠭᠡᠪᠦᠷᠢ ᠶᠢᠨ ᠪᠠᠲᠤᠯᠠᠭ᠎ᠠ᠂ ᠠᠮᠤᠷ ᠢ ᠬᠠᠮᠠᠭᠠᠯᠠᠬᠤ ᠬᠠᠮᠠᠭᠠᠯᠠᠯᠲᠠ᠂ ᠴᠢᠮᠡᠭᠡ ᠬᠤᠯᠪᠣᠭᠠᠨ ᠤ ᠪᠠᠲᠤᠯᠠᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠵᠡᠷᠭᠡ ᠪᠠᠭᠲᠠᠨ᠎ᠠ᠃      ᠳᠣᠯᠣᠳᠤᠭᠠᠷ ᠪᠦᠯᠦᠭ ᠬᠢᠨᠠᠯᠲᠠ ᠬᠠᠮᠢᠶᠠᠷᠤᠯᠲᠠ᠄ ᠬᠢᠨᠠᠯᠲᠠ ᠲᠠᠯᠪᠢᠵᠤ ᠬᠢᠨᠠᠨ ᠰᠢᠯᠭᠠᠬᠤ ᠠᠵᠢᠯ ᠤᠨ ᠲᠣᠭᠲᠠᠴᠠ᠂ ᠬᠠᠷᠢᠭᠤᠴᠠᠯᠭ᠎ᠠ ᠬᠢᠭᠡᠳ ᠱᠠᠩᠨᠠᠵᠤ ᠲᠣᠷᠭᠠᠬᠤ ᠵᠡᠷᠭᠡ ᠪᠠᠭᠲᠠᠨ᠎ᠠ᠃      ᠨᠠᠢᠮᠠᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ᠄ ᠨᠡᠷ᠎ᠡ ᠲᠣᠮᠢᠶ᠎ᠠ᠂ ᠪᠡᠯᠡᠳᠬᠡᠯ ᠲᠥᠰᠦᠯ ᠤᠨ ᠲᠠᠶᠢᠯᠪᠤᠷᠢᠯᠠᠯᠲᠠ᠂ ᠵᠠᠰᠠᠪᠤᠷᠢ ᠣᠷᠣᠭᠤᠯᠤᠭᠰᠠᠨ ᠪᠠᠶᠢᠳᠠᠯ ᠪᠠ ᠬᠡᠷᠡᠭᠵᠢᠭᠦᠯᠦᠭᠰᠡᠨ ᠡᠳᠦᠷ ᠬᠤᠭᠤᠴᠠᠭ᠎ᠠ ᠵᠡᠷᠭᠡ ᠶᠢ ᠪᠠᠭᠲᠠᠭᠠᠨ᠎ᠠ᠃      ᠶᠢᠰᠦᠳᠦᠭᠡᠷ ᠪᠦᠯᠦᠭ ᠳᠠᠭᠠᠯᠳᠤᠭᠤᠯᠤᠯ᠄ ᠬᠤᠯᠪᠣᠭᠳᠠᠯ ᠪᠦᠬᠦᠢ ᠨᠢᠭᠡᠴᠡ ᠪᠠ ᠬᠥᠮᠦᠰ ᠤᠨ ᠴᠢᠮᠡᠭᠡ ᠨᠡᠪᠲᠡᠷᠡᠯᠭᠡ ᠶᠢᠨ ᠲᠡᠮᠳᠡᠭᠯᠡᠯ᠂ ᠪᠠᠷᠢᠮᠵᠢᠶᠠᠵᠢᠭᠤᠯᠤᠭᠰᠠᠨ ᠵᠠᠭᠪᠤᠷ ᠤᠨ ᠲᠣᠪᠬᠢᠮᠠᠯ᠂ ᠠᠵᠢᠯ ᠤᠨ ᠶᠠᠪᠤᠴᠠ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠨᠥᠭᠡᠴᠡᠯᠡᠯᠲᠡ ᠶᠢᠨ ᠲᠣᠳᠣᠷᠬᠠᠶ ᠬᠠᠭᠤᠳᠠᠰᠤ ᠵᠡᠷᠭᠡ ᠶᠢ ᠪᠠᠭᠲᠠᠭᠠᠨ᠎ᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号