ᠬᠥᠬᠡᠬᠤᠲᠠ ᠶᠢᠨ ᠲᠣᠰ ᠱᠠᠲᠤᠨ ᠤ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠡᠮᠴᠢᠯᠡᠭᠡᠨ ᠤ ᠪᠠᠲᠤᠯᠠᠭ᠎ᠠ ᠶᠢᠨ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/10/11
ᠬᠦᠬᠡᠬᠤᠲᠠ ᠵᠠᠰᠠᠭ ᠠᠯᠪᠠᠨ ᠲᠠᠷᠬᠠᠭᠠᠭᠰᠠᠨ〔2023 〕22 ᠳ᠋ᠤᠭᠠᠷ ᠲᠤᠭᠠᠲᠤ                       ᠬᠤᠲᠠ ᠶᠢᠨ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ︽ᠬᠥᠬᠡᠬᠤᠲᠠ ᠶᠢᠨ ᠲᠣᠰ ᠱᠠᠲᠤᠨ ᠤ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠡᠮᠴᠢᠯᠡᠭᠡᠨ ᠤ ᠪᠠᠲᠤᠯᠠᠭ᠎ᠠ ᠶᠢᠨ ᠬᠠᠮᠢᠶᠠᠷᠤᠯᠲᠠ ᠶᠢᠨ ᠠᠷᠭ᠎ᠠ︾ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃                               ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                    2023 ᠣᠨ ᠤ 6 ᠳ᠋ᠤᠭᠠᠷ ᠰᠠᠷ᠎ᠠ ᠶᠢᠨ 15 ᠤ ᠡᠳᠦᠷ           ᠬᠥᠬᠡᠬᠤᠲᠠ ᠶᠢᠨ ᠲᠣᠰ ᠱᠠᠲᠤᠨ ᠤ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ           ᠡᠮᠴᠢᠯᠡᠭᠡᠨ ᠤ ᠪᠠᠲᠤᠯᠠᠭ᠎ᠠ ᠶᠢᠨ ᠬᠠᠮᠢᠶᠠᠷᠤᠯᠲᠠ ᠶᠢᠨ ᠠᠷᠭ᠎ᠠ      ᠨᠢᠭᠡᠳᠦᠭᠡᠷ ᠪᠦᠯᠦᠭ ᠶᠡᠷᠦᠩᠬᠡᠢ ᠳᠦᠷᠢᠮ      ᠨᠢᠭᠡᠳᠦᠭᠡᠷ ᠵᠦᠢᠯ ᠬᠥᠬᠡᠬᠤᠲᠠ ᠶᠢᠨ ᠲᠣᠰ ᠱᠠᠲᠤᠨ ᠤ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠡᠪᠡᠳᠴᠢᠨ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠶᠢ ᠦᠨᠡᠨᠬᠦ ᠪᠠᠲᠤᠯᠠᠵᠤ᠂ ᠡᠮᠴᠢᠯᠡᠭᠡᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠤᠰᠠᠳᠠ᠂ ︽ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠡᠮᠴᠢᠯᠡᠭᠡᠨ ᠤ ᠪᠠᠲᠤᠯᠠᠭ᠎ᠠ ᠶᠢᠨ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2015﹈ 101 ᠳ᠋ᠤᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ ᠬᠥᠬᠡᠬᠤᠲᠠ ᠶᠢᠨ ᠲᠣᠰ ᠱᠠᠲᠤᠨ ᠤ ᠵᠠᠰᠠᠭ ᠵᠠᠬᠢᠷᠭᠠᠨ᠂ ᠠᠵᠢᠯ ᠦᠢᠯᠡᠰ ᠪᠠ ᠠᠵᠤ ᠠᠬᠤᠶᠢᠯᠠᠯ ᠤᠨ ᠨᠢᠭᠡᠴᠡ ᠶᠢᠨ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠡᠮᠴᠢᠯᠡᠭᠡᠨ ᠤ ᠪᠠᠲᠤᠯᠠᠭ᠎ᠠ ᠳᠤ ᠲᠣᠰ ᠠᠷᠭ᠎ᠠ ᠲᠣᠬᠢᠷᠠᠨ᠎ᠠ᠃      ᠭᠤᠷᠪᠠᠳᠤᠭᠠᠷ ᠵᠦᠢᠯ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠤᠨ ᠦᠢᠯᠡᠴᠢᠯᠡᠭᠡᠨ ᠤ ᠬᠠᠮᠢᠶᠠᠷᠤᠯᠲᠠ ᠪᠠ ᠬᠢᠨᠠᠯᠲᠠ ᠶᠢ ᠴᠢᠩᠭᠠᠳᠬᠠᠬᠤ ᠶᠢᠨ ᠲᠥᠯᠥᠭᠡ᠂ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠠᠬᠠᠮᠠᠳ ᠺᠠᠳ᠋ᠷᠴᠤᠳ ᠤᠨ ᠲᠣᠪᠴᠢᠶ᠎ᠠ᠂ ᠬᠥᠬᠡᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠥᠬᠡᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠢᠶᠠᠷ ᠬᠥᠬᠡᠬᠤᠲᠠ ᠶᠢᠨ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠡᠮᠴᠢᠯᠡᠭᠡᠨ ᠤ ᠬᠠᠮᠢᠶᠠᠷᠤᠯᠲᠠ ᠶᠢᠨ ᠵᠥᠪᠯᠡᠯ ᠢ ᠪᠦᠷᠢᠯᠳᠦᠭᠦᠯᠵᠦ᠂ ᠬᠠᠮᠢᠶᠠᠷᠤᠯᠲᠠ ᠶᠢᠨ ᠵᠥᠪᠯᠡᠯ ᠤᠨ ᠠᠯᠪᠠᠨ ᠭᠡᠷ ᠢ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠠᠬᠠᠮᠠᠳ ᠺᠠᠳ᠋ᠷᠴᠤᠳ ᠤᠨ ᠲᠣᠪᠴᠢᠶ᠎ᠠ ᠳᠤ ᠲᠣᠬᠢᠷᠠᠭᠤᠯᠤᠨ᠎ᠠ᠃ ᠬᠠᠮᠢᠶᠠᠷᠤᠯᠲᠠ ᠶᠢᠨ ᠵᠥᠪᠯᠡᠯ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯ ᠬᠤᠷᠠᠯᠳᠤᠭᠤᠯᠵᠤ᠂ ᠬᠤᠲᠠ ᠶᠢᠨ ᠲᠣᠰ ᠱᠠᠲᠤᠨ ᠤ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠡᠮᠴᠢᠯᠡᠭᠡᠨ ᠤ ᠪᠠᠲᠤᠯᠠᠭ᠎ᠠ ᠶᠢ ᠰᠠᠶᠢᠵᠢᠷᠠᠭᠤᠯᠤᠨ ᠴᠢᠩᠭᠠᠳᠬᠠᠬᠤ ᠰᠠᠨᠠᠯ ᠪᠠ ᠰᠠᠨᠠᠭᠤᠯᠭ᠎ᠠ ᠳᠤᠷᠠᠳᠴᠤ᠂ ᠬᠤᠲᠠ ᠶᠢᠨ ᠲᠣᠰ ᠱᠠᠲᠤᠨ ᠤ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠡᠮᠴᠢᠯᠡᠭᠡᠨ ᠤ ᠪᠠᠲᠤᠯᠠᠭ᠎ᠠ ᠶᠢᠨ ᠬᠠᠮᠢᠶ᠎ᠠ ᠪᠦᠬᠦᠢ ᠤᠴᠢᠷ ᠶᠠᠪᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠵᠤ᠂ ᠬᠤᠲᠠ ᠶᠢᠨ ᠲᠣᠰ ᠱᠠᠲᠤᠨ ᠤ ᠠᠵᠢᠯ  ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠡᠮᠴᠢᠯᠡᠭᠡᠨ ᠤ ᠪᠠᠲᠤᠯᠠᠭ᠎ᠠ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠪᠠ ᠲᠣᠭᠲᠠᠭᠠᠯ ᠢ ᠰᠤᠳᠤᠯᠤᠨ ᠲᠡᠭᠦᠯᠳᠡᠷᠵᠢᠭᠦᠯᠦᠨ᠎ᠡ᠃      ᠳᠥᠷᠪᠡᠳᠦᠭᠡᠷ ᠵᠦᠢᠯ ᠬᠥᠬᠡᠬᠤᠲᠠ ᠶᠢᠨ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠡᠮᠴᠢᠯᠡᠭᠡᠨ ᠤ ᠬᠠᠮᠢᠶᠠᠷᠤᠯᠲᠠ ᠶᠢᠨ ᠵᠥᠪᠯᠡᠯ ᠬᠤᠲᠠ ᠶᠢᠨ ᠲᠤᠰ ᠱᠠᠲᠤᠨ ᠤ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠢ ᠨᠢᠭᠡᠳᠦᠯᠲᠡᠢ ᠵᠣᠬᠢᠶᠠᠨ ᠪᠠᠶᠢᠭᠤᠯᠤᠨ ᠬᠠᠮᠢᠶᠠᠷᠴᠤ᠂ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠠᠬᠠᠮᠠᠳ ᠺᠠᠳ᠋ᠷᠴᠤᠳ ᠤᠨ ᠲᠣᠪᠴᠢᠶ᠎ᠠ᠂ ᠬᠥᠬᠡᠬᠤᠲᠠ ᠶᠢᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠥᠪ᠂ ᠬᠥᠬᠡᠬᠤᠲᠠ ᠶᠢᠨ ᠠᠬᠠᠮᠠᠳ ᠺᠠᠳ᠋ᠷᠴᠤᠳ ᠤᠨ ᠦᠢᠯᠡᠴᠢᠯᠡᠭᠡᠨ ᠤ ᠲᠥᠪ᠂ ᠬᠥᠬᠡᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠠᠵᠢᠯ ᠠᠴᠠ ᠪᠠᠨ ᠳᠠᠷᠬᠠᠯᠠᠭᠳᠠᠭᠰᠠᠳ ᠠᠵᠢᠯ ᠠᠴᠠ ᠪᠠᠨ ᠠᠮᠠᠷᠠᠭᠰᠠᠳ ᠤᠨ ᠠᠵᠢᠯ ᠤᠨ ᠰᠠᠯᠠᠭ᠎ᠠ ᠪᠠ ᠡᠯ᠎ᠡ ᠵᠠᠰᠠᠭ ᠵᠠᠬᠢᠷᠭᠠᠨ᠂ ᠠᠵᠢᠯ ᠦᠢᠯᠡᠰ ᠤᠨ ᠨᠢᠭᠡᠴᠡ ᠶᠢᠨ ᠲᠤᠰᠬᠠᠢ ᠬᠠᠮᠢᠶᠠᠷᠤᠭᠴᠢ ᠪᠣᠳᠠᠲᠠᠢ ᠲᠤᠬᠠᠶᠢᠯᠠᠭᠰᠠᠨ ᠠᠵᠢᠯ ᠤᠨ ᠭᠠᠷᠲᠠᠨ ᠭᠦᠢᠴᠡᠳᠬᠡᠬᠦ ᠠᠵᠢᠯ ᠢ ᠬᠠᠮᠲᠤᠪᠠᠷ ᠬᠠᠷᠢᠭᠤᠴᠠᠨ᠎ᠠ᠃ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠢ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠡᠮᠴᠢᠯᠡᠭᠡᠨ ᠤ ᠵᠠᠷᠤᠳᠠᠯ ᠢ ᠪᠠᠲᠤᠯᠠᠬᠤ ᠪᠠ ᠪᠡᠯᠡ ᠮᠥᠩᠭᠦ ᠰᠠᠯᠭᠠᠨ ᠥᠭᠬᠦ ᠠᠵᠢᠯ ᠢ ᠬᠠᠷᠢᠭᠤᠴᠠᠨ᠎ᠠ᠃ ᠬᠥᠬᠡᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠡᠯ᠎ᠡ ᠲᠤᠭᠲᠠᠭᠰᠠᠨ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠪᠠᠶᠢᠴᠠᠭᠠᠬᠤ ᠵᠢᠴᠢ ᠬᠠᠮᠢᠶ᠎ᠠ ᠪᠦᠬᠦᠢ ᠤᠴᠢᠷ ᠶᠠᠪᠤᠳᠠᠯ ᠢ ᠦᠨᠡᠯᠡᠨ ᠲᠣᠭᠲᠠᠭᠠᠬᠤ ᠠᠵᠢᠯ ᠢ ᠬᠠᠷᠢᠭᠤᠴᠠᠨ᠎ᠠ᠃      ᠬᠤᠲᠠ ᠶᠢᠨ ᠲᠤᠰ ᠱᠠᠲᠤᠨ ᠤ ᠡᠯ᠎ᠡ ᠨᠢᠭᠡᠴᠡ ᠶᠢᠨ ᠬᠢᠨ ᠬᠠᠷᠢᠭᠤᠴᠠᠯᠭᠠᠲᠤ ᠰᠡᠳᠬᠢᠯᠭᠡ ᠪᠠᠷ ᠴᠢᠩᠭ᠎ᠠ᠂ ᠲᠥᠷᠥ ᠶᠢᠨ ᠪᠣᠳᠣᠯᠭ᠎ᠠ ᠶᠢ ᠮᠡᠳᠡᠳᠡᠭ᠂ ᠬᠡᠪ ᠪᠣᠯᠪᠠᠰᠤᠷᠠᠯ ᠢᠶᠠᠷ ᠨᠡᠯᠢᠶᠡᠳ ᠰᠠᠶᠢᠨ ᠺᠠᠳ᠋ᠷ ᠢ ᠲᠣᠬᠢᠷᠠᠭᠤᠯᠤᠨ ᠲᠤᠰ ᠨᠢᠭᠡᠴᠡ ᠶᠢᠨ ᠢᠶᠠᠨ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠲᠤᠰᠬᠠᠢ ᠬᠠᠮᠢᠶᠠᠷᠤᠭᠴᠢ ᠶᠢᠨ ᠲᠤᠰᠢᠶᠠᠯ ᠢ ᠡᠭᠦᠷᠭᠡᠯᠡᠭᠦᠯᠵᠦ᠂ ᠲᠤᠰ ᠨᠢᠭᠡᠴᠡ ᠶᠢᠨ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠡᠮᠴᠢᠯᠡᠭᠡᠨ ᠤ ᠪᠠᠲᠤᠯᠠᠭ᠎ᠠ ᠶᠢᠨ ᠡᠳᠦᠷ ᠲᠤᠲᠤᠮ ᠤᠨ ᠦᠢᠯᠡᠴᠢᠯᠡᠭᠡ ᠪᠣᠯᠣᠨ ᠡᠮᠴᠢᠯᠡᠭᠡᠨ ᠤ ᠵᠠᠷᠤᠳᠠᠯ ᠢ ᠠᠩᠬ᠎ᠠ ᠬᠢᠨᠠᠬᠤ ᠠᠵᠢᠯ ᠢ ᠬᠠᠷᠢᠭᠤᠴᠠᠵᠤ᠂ ᠬᠥᠬᠡᠬᠤᠲᠠ ᠶᠢᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠥᠪ ᠨᠢ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠡᠮᠴᠢᠯᠡᠭᠡᠨ ᠤ ᠵᠠᠷᠤᠳᠠᠯ ᠢ ᠬᠢᠨᠠᠨ ᠬᠠᠷᠭᠤᠭᠤᠯᠬᠤ᠂ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠪᠠ ᠲᠣᠭᠲᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠡᠮᠴᠢᠯᠡᠭᠡᠨ ᠤ ᠦᠢᠯᠡᠴᠢᠯᠡᠭᠡ ᠳᠤ ᠬᠢᠨᠠᠯᠲᠠ ᠲᠠᠯᠪᠢᠵᠤ ᠪᠠᠶᠢᠴᠠᠭᠠᠬᠤ᠂ ᠡᠮᠴᠢᠯᠡᠭᠡ ᠶᠢᠨ ᠡᠪᠡᠳᠴᠢᠨ ᠦᠵᠡᠬᠦ ᠦᠢᠯᠡᠴᠢᠯᠡᠭᠡ ᠵᠢᠴᠢ ᠬᠠᠮᠢᠶ᠎ᠠ ᠪᠦᠬᠦᠢ ᠵᠦᠢᠯᠡᠰ ᠢ ᠬᠢᠨᠠᠨ ᠬᠠᠷᠭᠤᠭᠤᠯᠬᠤ ᠪᠠ ᠡᠯ᠎ᠡ ᠨᠢᠭᠡᠴᠡ ᠶᠢᠨ ᠲᠤᠰᠬᠠᠢ ᠬᠠᠮᠢᠶᠠᠷᠤᠭᠴᠢ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠠᠵᠢᠯ ᠢ ᠬᠠᠷᠢᠭᠤᠴᠠᠨ᠎ᠠ᠃      ᠲᠠᠪᠤᠳᠤᠭᠠᠷ ᠵᠦᠢᠯ ᠬᠤᠲᠠ ᠶᠢᠨ ᠲᠤᠰ ᠱᠠᠲᠤᠨ ᠤ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠡᠮᠴᠢᠯᠡᠭᠡᠨ ᠤ ᠪᠠᠲᠤᠯᠠᠭ᠎ᠠ ᠶᠢᠨ ᠪᠡᠯᠡ ᠮᠥᠩᠭᠦ ᠳᠤ ᠬᠤᠪᠢ ᠬᠥᠮᠥᠨ ᠤ ᠳᠠᠩᠰᠠᠨ ᠡᠷᠦᠬᠡ ᠶᠢᠨ ᠡᠮᠴᠢᠯᠡᠭᠡᠨ ᠤ ᠪᠠᠲᠤᠯᠠᠭ᠎ᠠ ᠶᠢᠨ ᠪᠡᠯᠡ ᠮᠥᠩᠭᠦ ᠪᠠ ᠡᠮᠨᠡᠯᠭᠡ ᠳᠤ ᠰᠠᠭᠤᠬᠤ ᠡᠮᠴᠢᠯᠡᠭᠡᠨ ᠤ ᠪᠠᠲᠤᠯᠠᠭ᠎ᠠ ᠶᠢᠨ ᠪᠡᠯᠡ ᠮᠦᠩᠭᠦ ᠶᠢ ᠬᠠᠷᠢᠯᠴᠠᠨ ᠤᠶᠠᠯᠳᠤᠭᠤᠯᠬᠤ ᠵᠠᠭᠪᠤᠷ ᠢ ᠬᠡᠷᠡᠭᠵᠢᠭᠦᠯᠦᠨ᠎ᠡ᠃ ᠵᠠᠷᠤᠳᠠᠯ ᠳᠤ ᠳᠡᠭᠡᠷ᠎ᠡ ᠵᠢᠯ ᠤᠨ ᠡᠮᠴᠢᠯᠡᠭᠡᠨ ᠤ ᠵᠠᠷᠤᠳᠠᠯ ᠤᠨ ᠪᠣᠳᠠᠲᠠᠢ ᠵᠠᠷᠤᠯᠭ᠎ᠠ ᠶᠢᠨ ᠪᠠᠶᠢᠳᠠᠯ ᠢᠶᠠᠷ ᠯᠠᠪᠯᠠᠯᠲᠠ ᠪᠣᠯᠭᠠᠵᠤ᠂ ᠲᠣᠰ ᠵᠢᠯ ᠤᠨ ᠨᠡᠮᠡᠭᠳᠡᠵᠦ ᠬᠠᠰᠤᠭᠳᠠᠬᠤ ᠬᠦᠴᠦᠨ ᠵᠦᠢᠯ ᠢ ᠪᠣᠳᠣᠯᠬᠢᠯᠠᠨ᠂ ᠡᠳ᠋ ᠤᠨ ᠵᠠᠰᠠᠭ ᠤᠨ ᠲᠥᠰᠥᠪ ᠲᠤ ᠪᠥᠬᠦ ᠲᠤᠭ᠎ᠠ ᠪᠠᠷ ᠣᠷᠣᠭᠤᠯᠤᠨ᠎ᠠ᠃ ᠵᠢᠯ ᠤᠨ ᠡᠴᠦᠰ ᠳ᠋ᠦᠩᠨᠡᠨ ᠪᠤᠳᠤᠬᠤ ᠦᠶ᠎ᠡ ᠳᠤ ᠬᠡᠷᠪᠡ ᠵᠠᠷᠤᠯᠭ᠎ᠠ ᠬᠡᠲᠦᠷᠡᠭᠰᠡᠨ ᠪᠠᠶᠢᠳᠠᠯ ᠭᠠᠷᠪᠠᠯ ᠂ ᠬᠥᠬᠡᠬᠤᠲᠠ ᠶᠢᠨ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠡᠮᠴᠢᠯᠡᠭᠡᠨ ᠤ ᠬᠠᠮᠢᠶᠠᠷᠤᠯᠲᠠ ᠶᠢᠨ ᠵᠥᠪᠯᠡᠯ ᠠᠴᠠ ᠬᠠᠮᠲᠤᠷᠠᠨ ᠬᠢᠨᠠᠨ ᠬᠠᠷᠭᠤᠭᠤᠯᠵᠤ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠢ ᠬᠥᠬᠡᠬᠤᠲᠠ ᠶᠢᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠥᠪ ᠤᠨ ᠭᠤᠶᠤᠴᠢᠯᠠᠭᠰᠠᠨ ᠢᠶᠠᠷ ᠬᠡᠷᠡᠭᠰᠡᠬᠦ ᠵᠠᠷᠤᠳᠠᠯ ᠢ ᠴᠠᠭ ᠲᠤᠬᠠᠢ ᠳᠤᠨᠢ ᠰᠠᠯᠭᠠᠨ ᠥᠭᠭᠦᠨ᠎ᠡ᠃      ᠵᠢᠷᠭᠤᠳᠤᠭᠠᠷ ᠵᠦᠢᠯ ᠬᠥᠬᠡᠬᠤᠲᠠ ᠶᠢᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠥᠪ ᠨᠢ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠵᠠᠷᠤᠯᠭ᠎ᠠ ᠶᠢᠨ ᠡᠷᠦᠬᠡ ᠪᠠᠶᠢᠭᠤᠯᠵᠤ᠂ ᠬᠤᠲᠠ ᠶᠢᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠥᠪ ᠨᠢ ᠵᠠᠷᠤᠳᠠᠯ ᠤᠨ ᠪᠣᠳᠠᠲᠠᠢ ᠵᠠᠷᠤᠯᠭ᠎ᠠ ᠶᠢᠨ ᠪᠠᠶᠢᠳᠠᠯ ᠢ ᠦᠨᠳᠦᠰᠦᠯᠡᠨ ᠰᠠᠷ᠎ᠠ ᠪᠦᠷᠢ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠳᠤ ᠭᠤᠶᠤᠴᠢᠯᠠᠯ ᠭᠠᠷᠭᠠᠵᠤ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠢ ᠵᠠᠷᠤᠳᠠᠯ ᠢ ᠠᠵᠢᠯ ᠠᠴᠠ ᠪᠠᠨ ᠲᠠᠷᠬᠠᠯᠠᠭᠳᠠᠭᠰᠠᠨ ᠺᠠᠳ᠋ᠷᠴᠤᠳ ᠤᠨ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠵᠠᠷᠤᠯᠭ᠎ᠠ ᠶᠢᠨ ᠡᠷᠦᠬᠡ ᠳᠤ ᠭᠦᠢᠴᠡᠳ ᠲᠤᠭ᠎ᠠ ᠪᠠᠷ ᠴᠠᠭ ᠲᠤᠬᠠᠢ ᠳᠤᠨᠢ ᠰᠠᠯᠭᠠᠨ ᠥᠭᠬᠦ ᠬᠡᠷᠡᠭᠲᠡᠢ᠃      ᠳᠣᠯᠣᠳᠤᠭᠠᠷ ᠵᠦᠢᠯ ᠡᠮᠴᠢᠯᠡᠭᠡᠨ ᠤ ᠪᠠᠲᠤᠯᠠᠭ᠎ᠠ ᠶᠢᠨ ᠪᠡᠯᠡ ᠮᠥᠩᠭᠦ ᠶᠢ ᠨᠢᠭᠡᠳᠦᠯᠲᠡᠢ ᠬᠠᠮᠢᠶᠠᠷᠬᠤ ᠶᠢ ᠪᠠᠲᠤᠯᠠᠬᠤ ᠶᠢᠨ ᠲᠤᠰᠠᠳᠠ᠂ ᠵᠢᠯ ᠪᠦᠷᠢ ᠶᠢᠨ ᠵᠢᠯ ᠤᠨ ᠡᠴᠦᠰ ᠲᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠵᠠᠷᠤᠯᠭ᠎ᠠ ᠶᠢᠨ ᠡᠷᠥᠭᠡ ᠶᠢᠨ ᠪᠡᠯᠡ ᠮᠥᠩᠭᠦ ᠶᠢ ᠴᠥᠮ ᠡᠳ᠋ ᠤᠨ ᠵᠠᠰᠠᠭ ᠤᠨ ᠲᠤᠰᠬᠠᠢ ᠲᠠᠩᠰᠠᠨ ᠡᠷᠥᠭᠡ ᠳᠤ ᠣᠷᠣᠭᠤᠯᠬᠤ ᠬᠡᠷᠡᠭᠲᠡᠢ᠃      ᠨᠠᠢᠮᠠᠳᠤᠭᠠᠷ ᠵᠦᠢᠯ ᠬᠤᠲᠠ ᠶᠢᠨ ᠲᠣᠰ ᠱᠠᠲᠤᠨ ᠤ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠡᠮᠴᠢᠯᠡᠭᠡᠨ ᠤ ᠦᠢᠯᠡᠴᠢᠯᠡᠭᠡ ᠳᠤ ᠲᠤᠭᠲᠠᠭᠰᠠᠨ ᠡᠮᠴᠢᠯᠡᠭᠡᠨ ᠤ ᠪᠠᠶᠢᠭᠤᠯᠤᠮᠵᠢ ᠪᠠ  ᠲᠤᠭᠲᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃      ᠶᠢᠰᠦᠳᠦᠭᠡᠷ ᠵᠦᠢᠯ ᠬᠥᠬᠡᠬᠤᠲᠠ ᠶᠢᠨ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠡᠮᠴᠢᠯᠡᠭᠡᠨ ᠤ ᠬᠠᠮᠢᠶᠠᠷᠤᠯᠲᠠ ᠶᠢᠨ ᠵᠥᠪᠯᠡᠯ᠂ ᠬᠥᠬᠡᠬᠤᠲᠠ ᠶᠢᠨ ᠬᠢᠨᠠᠨ ᠪᠤᠳᠤᠬᠤ ᠲᠣᠪᠴᠢᠶ᠎ᠠ ᠨᠢ ᠬᠤᠲᠠ ᠶᠢᠨ ᠲᠣᠰ ᠱᠠᠲᠤᠨ ᠤ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠡᠮᠴᠢᠯᠡᠭᠡᠨ ᠤ ᠵᠠᠷᠤᠳᠠᠯ ᠤᠨ ᠬᠠᠮᠢᠶᠠᠷᠤᠯᠲᠠ ᠬᠡᠷᠡᠭᠯᠡᠯᠲᠡ ᠶᠢᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢᠶᠠᠨ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠪᠤᠳᠤᠵᠤ ᠪᠠᠶᠢᠴᠠᠭᠠᠬᠤ ᠬᠡᠷᠡᠭᠲᠡᠢ᠃      ᠬᠤᠶᠠᠳᠤᠭᠠᠷ ᠪᠦᠯᠦᠭ ᠬᠤᠪᠢ ᠬᠥᠮᠥᠨ ᠤ ᠳᠠᠩᠰᠠᠨ ᠡᠷᠦᠬᠡ ᠳᠠᠬᠢ ᠡᠮᠴᠢᠯᠡᠭᠡᠨ ᠤ ᠪᠠᠲᠤᠯᠠᠭ᠎ᠠ ᠶᠢᠨ ᠪᠡᠯᠡ ᠮᠥᠩᠭᠦ ᠪᠠ ᠡᠮᠨᠡᠯᠭᠡ ᠳᠤ ᠰᠠᠭᠤᠬᠤ ᠡᠮᠴᠢᠯᠡᠭᠡᠨ ᠤ ᠪᠠᠲᠤᠯᠠᠭ᠎ᠠ ᠶᠢᠨ ᠪᠡᠯᠡ ᠮᠦᠩᠭᠦ ᠶᠢᠨ ᠬᠡᠷᠡᠭᠯᠡᠯᠲᠡ      ᠠᠷᠪᠠᠳᠤᠭᠠᠷ ᠵᠦᠢᠯ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠬᠤᠪᠢ ᠬᠥᠮᠥᠨ ᠤ ᠲᠠᠩᠰᠠᠨ ᠡᠷᠦᠬᠡ ᠳᠠᠬᠢ ᠡᠮᠴᠢᠯᠡᠭᠡᠨ ᠤ ᠪᠠᠲᠤᠯᠠᠭ᠎ᠠ ᠶᠢᠨ ᠪᠡᠯᠡ ᠮᠥᠩᠭᠦ ᠶᠢ ᠭᠤᠣᠯᠳᠠᠭᠤ ᠠᠵᠢᠯ ᠠᠴᠠ ᠪᠠᠨ  ᠳᠠᠷᠬᠠᠯᠠᠭᠳᠠᠭᠰᠠᠨ ᠺᠠᠳ᠋ᠷᠴᠤᠳ ᠤᠨ ᠬᠥᠬᠡᠬᠤᠲᠠ ᠶᠢᠨ ᠡᠯ᠎ᠡ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠲᠤᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠭᠦᠳᠡᠨ ᠡᠮᠨᠡᠯᠭᠡ ᠳᠤ ᠡᠪᠡᠳᠴᠢᠨ ᠦᠵᠡᠭᠦᠯᠬᠦ ᠪᠠ ᠡᠮᠨᠡᠯᠭᠡ ᠳᠤ ᠰᠠᠭᠤᠵᠤ ᠡᠮᠨᠡᠭᠦᠯᠬᠦ ᠵᠢᠴᠢ ᠲᠤᠭᠲᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠠᠴᠠ ᠡᠮ ᠬᠤᠳᠠᠯᠳᠤᠨ ᠠᠪᠬᠤ ᠳᠤ ᠵᠠᠷᠤᠴᠠᠭᠤᠯᠤᠭᠰᠠᠨ ᠵᠠᠷᠤᠳᠠᠯ ᠢ ᠲᠥᠯᠥᠬᠦ ᠳᠤ ᠬᠡᠷᠡᠭᠯᠡᠨ᠎ᠡ᠃ ᠡᠯ᠎ᠡ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ᠂ ᠬᠥᠬᠡᠬᠤᠲᠠ ᠶᠢᠨ ᠠᠬᠠᠮᠠᠳ ᠺᠠᠳ᠋ᠷᠴᠤᠳ ᠤᠨ ᠦᠢᠯᠡᠴᠢᠯᠡᠭᠡᠨ ᠤ ᠲᠥᠪ ᠪᠣᠯᠣᠨ ᠬᠥᠬᠡᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠠᠵᠢᠯ ᠠᠴᠠ ᠪᠠᠨ ᠳᠠᠷᠬᠠᠯᠠᠭᠳᠠᠭᠰᠠᠳ ᠠᠵᠢᠯ ᠠᠴᠠ ᠪᠠᠨ ᠠᠮᠠᠷᠠᠭᠰᠠᠳ ᠤᠨ ᠠᠵᠢᠯ ᠤᠨ ᠰᠠᠯᠠᠭ᠎ᠠ ᠨᠢ ᠵᠢᠯ ᠪᠦᠷᠢ ᠶᠢᠨ 1 ᠳ᠋ᠤᠭᠡᠷ ᠰᠠᠷ᠎ᠠ ᠶᠢᠨ 20 ᠤ ᠡᠳᠦᠷ ᠠᠴᠠ ᠡᠮᠦᠨ᠎ᠡ ᠬᠠᠮᠢᠶᠠᠷᠴᠤ ᠪᠠᠶᠢᠭ᠎ᠠ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠨᠡᠷᠡᠰ ᠤᠨ ᠪᠦᠷᠢᠳᠬᠡᠯ ᠢ ᠬᠥᠬᠡᠬᠤᠲᠠ ᠶᠢᠨ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠡᠮᠴᠢᠯᠡᠭᠡᠨ ᠤ ᠬᠠᠮᠢᠶᠠᠷᠤᠯᠲᠠ ᠶᠢᠨ ᠵᠥᠪᠯᠡᠯ ᠤᠨ ᠠᠯᠪᠠᠨ ᠭᠡᠷ᠂ ᠬᠥᠬᠡᠬᠤᠲᠠ ᠶᠢᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠥᠪ ᠲᠤ ᠮᠡᠳᠡᠭᠦᠯᠵᠦ ᠳᠠᠩᠰᠠᠯᠠᠭᠤᠯᠤᠨ᠎ᠠ᠃ ᠬᠦᠬᠡᠬᠤᠲᠠ ᠶᠢᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠥᠪ ᠨᠢ ᠵᠢᠯ ᠪᠦᠷᠢ ᠶᠢᠨ ᠨᠢᠭᠡᠳᠦᠭᠡᠷ ᠰᠠᠷ᠎ᠠ ᠳᠤ ᠬᠢᠨᠠᠨ ᠲᠣᠭᠲᠠᠭᠠᠭᠰᠠᠨ ᠨᠡᠷᠡᠰ ᠪᠠ ᠭᠥᠷᠳᠡᠬᠦ ᠪᠠᠷᠢᠮᠵᠢᠶ᠎ᠠ ᠶᠣᠰᠣᠭᠠᠷ ᠬᠤᠪᠢ ᠬᠥᠮᠥᠨ ᠤ ᠲᠠᠩᠰᠠᠨ ᠡᠷᠦᠬᠡ ᠶᠢᠨ ᠡᠮᠴᠢᠯᠡᠭᠡᠨ ᠤ ᠪᠠᠲᠤᠯᠠᠭ᠎ᠠ ᠶᠢᠨ ᠪᠡᠯᠡ ᠮᠥᠩᠭᠦ ᠶᠢ ᠠᠵᠢᠯ  ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠬᠤᠪᠢ ᠬᠥᠮᠥᠨ ᠤ ᠲᠠᠩᠰᠠᠨ ᠡᠷᠦᠬᠡ ᠳᠤ ᠨᠢᠭᠡ ᠤᠳᠠᠭ᠎ᠠ ᠶᠢᠨ ᠴᠢᠨᠠᠷᠲᠠᠢ  ᠰᠠᠯᠭᠠᠨ ᠣᠷᠣᠭᠤᠯᠵᠤ᠂ ᠬᠥᠮᠥᠨ ᠪᠦᠷᠢ ᠵᠢᠯ ᠳᠤ 8000 ᠲᠥᠭᠦᠷᠢᠭ ᠢᠶᠠᠷ ᠣᠷᠣᠭᠤᠯᠤᠨ᠎ᠠ᠃      ᠠᠷᠪᠠᠨ ᠨᠢᠭᠡᠳᠦᠭᠡᠷ ᠵᠦᠢᠯ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠨᠢᠭᠡ ᠵᠢᠯ ᠤᠨ ᠳᠣᠲᠣᠷ᠎ᠠ ᠬᠤᠪᠢ ᠬᠥᠮᠥᠨ ᠤ ᠲᠠᠩᠰᠠᠨ ᠡᠷᠦᠭᠡ ᠠᠴᠠ ᠵᠠᠷᠤᠴᠠᠭᠤᠯᠤᠭᠰᠠᠨ ᠡᠭᠦᠳᠡᠨ ᠡᠮᠨᠡᠯᠭᠡ ᠶᠢᠨ ᠡᠮᠴᠢᠯᠡᠭᠡᠨ ᠤ ᠵᠠᠷᠤᠳᠠᠯ ᠢ ᠡᠮᠨᠡᠯᠭᠡ ᠳᠤ ᠰᠠᠭᠤᠭᠰᠠᠨ᠂ ᠡᠮᠨᠡᠯᠭᠡ ᠰᠢᠯᠵᠢᠭᠰᠡᠨ ᠠᠴᠠ ᠪᠣᠯᠤᠭᠰᠠᠨ ᠡᠮᠴᠢᠯᠡᠭᠡᠨ ᠤ ᠵᠠᠷᠤᠳᠠᠯ ᠲᠠᠢ ᠨᠡᠶᠢᠯᠡᠭᠦᠯᠦᠨ ᠪᠤᠳᠤᠨ᠎ᠠ᠃ ᠪᠥᠬᠦ ᠵᠢᠯ ᠳᠤ ᠡᠭᠦᠰᠦᠭᠰᠡᠨ ᠡᠯ᠎ᠡ ᠵᠦᠢᠯ ᠤᠨ ᠡᠮᠴᠢᠯᠡᠭᠡᠨ ᠤ ᠵᠠᠷᠤᠳᠠᠯ ᠤᠨ ᠶᠡᠷᠦᠩᠬᠡᠢ ᠲᠤᠭ᠎ᠠ ᠨᠢ ᠬᠤᠪᠢ ᠬᠥᠮᠥᠨ ᠤ ᠲᠠᠩᠰᠠᠨ ᠡᠷᠦᠬᠡ ᠶᠢᠨ ᠪᠡᠯᠡ ᠮᠥᠩᠭᠦ ᠶᠢᠨ ᠶᠡᠷᠦᠩᠬᠡᠢ ᠲᠤᠭ᠎ᠠ ᠠᠴᠠ ᠬᠡᠲᠦᠷᠡᠭᠰᠡᠨ ᠦᠭᠡᠢ ᠪᠠᠶᠢᠪᠠᠯ᠂ ᠬᠤᠪᠢ ᠬᠥᠮᠥᠨ ᠤ ᠲᠠᠩᠰᠠᠨ ᠡᠷᠦᠬᠡ ᠶᠢᠨ ᠡᠮᠴᠢᠯᠡᠭᠡᠨ ᠤ ᠪᠠᠲᠤᠯᠠᠭ᠎ᠠ ᠶᠢᠨ ᠪᠡᠯᠡ ᠮᠥᠩᠭᠦ ᠶᠢᠨ ᠦᠯᠡᠳᠡᠪᠦᠷᠢ ᠨᠢ ᠪᠦᠬᠦᠨ ᠢᠶᠠᠷ ᠢᠶᠠᠨ ᠬᠤᠪᠢᠨ ᠤ ᠬᠢ ᠪᠣᠯᠤᠨ᠎ᠠ᠃ ᠬᠤᠪᠢ ᠬᠥᠮᠥᠨ ᠤ ᠲᠠᠩᠰᠠᠨ ᠡᠷᠦᠬᠡ ᠶᠢᠨ ᠡᠮᠴᠢᠯᠡᠭᠡᠨ ᠤ ᠪᠠᠲᠤᠯᠠᠭ᠎ᠠ ᠶᠢᠨ ᠪᠡᠯᠡ ᠮᠥᠩᠭᠦ ᠠᠴᠠ ᠳᠠᠪᠠᠭᠰᠠᠨ ᠬᠡᠰᠡᠭ ᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ ᠡᠮᠨᠡᠯᠭᠡ ᠳᠤ ᠰᠠᠭᠤᠭᠰᠠᠨ ᠡᠮᠴᠢᠯᠡᠭᠡᠨ ᠤ ᠪᠠᠲᠤᠯᠠᠭ᠎ᠠ ᠶᠢᠨ ᠪᠡᠯᠡ ᠮᠥᠩᠭᠦ ᠶᠢᠨ ᠳᠣᠲᠣᠷ᠎ᠠ ᠠᠴᠠ ᠰᠢᠭᠤᠳ ᠳ᠋ᠦᠩᠨᠡᠨ ᠪᠣᠳᠤᠨ᠎ᠠ᠃      ᠠᠷᠪᠠᠨ ᠬᠤᠶᠠᠳᠤᠭᠠᠷ ᠵᠦᠢᠯ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠡᠮᠨᠡᠯᠭᠡ ᠳᠤ ᠰᠠᠭᠤᠬᠤ ᠡᠮᠴᠢᠯᠡᠭᠡᠨ ᠤ ᠪᠠᠲᠤᠯᠠᠭ᠎ᠠ ᠶᠢᠨ ᠪᠡᠯᠡ ᠮᠥᠩᠭᠦ ᠶᠢ ᠭᠤᠣᠯᠳᠠᠭᠤ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠲᠤᠭᠲᠠᠭᠰᠠᠨ ᠡᠮᠨᠡᠯᠭᠡ ᠶᠢᠨ ᠬᠤᠷᠢᠶᠠᠨ ᠳᠤ ᠰᠠᠭᠤᠭᠠᠳ ᠡᠭᠦᠰᠦᠭᠰᠡᠨ  ᠡᠮᠴᠢᠯᠡᠭᠡᠨ ᠤ ᠵᠠᠷᠤᠳᠠᠯ᠂ ᠵᠥᠪᠰᠢᠶᠡᠷᠡᠯ ᠣᠯᠣᠭᠠᠳ ᠡᠮᠨᠡᠯᠭᠡ ᠰᠢᠯᠵᠢᠭᠰᠡᠨ ᠡᠮᠴᠢᠯᠡᠭᠡᠨ ᠤ ᠵᠠᠷᠤᠳᠠᠯ ᠪᠠ ᠣᠨᠳᠣᠣ ᠭᠠᠵᠠᠷ ᠲᠤ  ᠰᠠᠭᠤᠵᠤ ᠪᠠᠶᠢᠭ᠎ᠠ ᠠᠵᠢᠯ ᠠᠴᠠ ᠪᠠᠨ ᠳᠠᠷᠬᠠᠯᠠᠭᠳᠠᠭᠰᠠᠳ ᠤᠨ ᠣᠨᠳᠣᠣ ᠭᠠᠵᠠᠷ ᠲᠤ ᠡᠭᠦᠰᠦᠭᠰᠡᠨ ᠡᠮᠴᠢᠯᠡᠭᠡᠨ ᠤ ᠵᠠᠷᠤᠳᠠᠯ ᠢ ᠲᠥᠯᠥᠬᠦ ᠳᠤ ᠬᠡᠷᠡᠭᠯᠡᠨ᠎ᠡ᠃      ᠭᠤᠷᠪᠠᠳᠤᠭᠠᠷ ᠪᠦᠯᠦᠭ ᠡᠮᠴᠢᠯᠡᠭᠡᠨ ᠤ ᠦᠢᠯᠡᠴᠢᠯᠡᠭᠡ ᠶᠢᠨ ᠬᠠᠮᠢᠶᠠᠷᠤᠯᠲᠠ      ᠠᠷᠪᠠᠨ ᠭᠤᠷᠪᠠᠳᠤᠭᠠᠷ ᠵᠦᠢᠯ ᠬᠥᠬᠡᠬᠤᠲᠠ ᠶᠢᠨ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠲᠤᠭᠲᠠᠭᠰᠠᠨ ᠡᠮᠴᠢᠯᠡᠭᠡᠨ ᠤ ᠪᠠᠶᠢᠭᠤᠯᠤᠮᠵᠢ ᠪᠠ ᠲᠤᠭᠲᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠪᠣᠯ ᠬᠤᠲᠠ ᠶᠢᠨ ᠲᠣᠰ ᠱᠠᠲᠤᠨ ᠤ ᠠᠵᠢᠯ ᠠᠴᠠ ᠪᠠᠨ  ᠳᠠᠷᠬᠠᠯᠠᠭᠳᠠᠭᠰᠠᠨ ᠺᠠᠳ᠋ᠷᠴᠤᠳ ᠤᠨ ᠡᠭᠦᠳᠡᠨ ᠡᠮᠨᠡᠯᠭᠡ ᠳᠤ ᠡᠮᠨᠡᠭᠦᠯᠵᠦ ᠡᠮ ᠬᠤᠳᠠᠯᠳᠤᠨ ᠠᠪᠬᠤ ᠲᠤᠭᠲᠠᠭᠰᠠᠨ ᠪᠠᠶᠢᠭᠤᠯᠤᠮᠵᠢ ᠪᠣᠯᠣᠨ᠎ᠠ᠃      ᠠᠷᠪᠠᠨ ᠳᠥᠷᠪᠡᠳᠦᠭᠡᠷ ᠵᠦᠢᠯ ᠬᠤᠲᠠ ᠶᠢᠨ ᠲᠣᠰ ᠱᠠᠲᠤᠨ ᠤ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠡᠮᠨᠡᠯᠭᠡ ᠳᠤ ᠰᠠᠭᠤᠬᠤ ᠲᠣᠭᠲᠠᠭᠰᠠᠨ ᠡᠮᠨᠡᠯᠭᠡ ᠶᠢᠨ ᠬᠤᠷᠢᠶ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠲᠠᠳ ᠡᠮᠨᠡᠯᠭᠡ ᠶᠢᠨ ᠬᠤᠷᠢᠶ᠎ᠠ ᠪᠠ ᠬᠥᠬᠡᠬᠤᠲᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ ᠪᠠᠷ ᠲᠣᠬᠢᠷᠠᠭᠤᠯᠵᠤ᠂ ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ ᠢ ᠬᠤᠶᠠᠷ ᠲᠣᠭᠲᠠᠭᠰᠠᠨ ᠡᠮᠨᠡᠯᠭᠡ ᠶᠢᠨ ᠬᠤᠷᠢᠶ᠎ᠠ ᠳᠠᠩᠰᠠᠯᠠᠵᠤ ᠳ᠋ᠦᠩᠨᠡᠨ ᠪᠣᠳᠤᠨ᠎ᠠ᠃ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ᠂ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ᠂ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠴᠡᠷᠢᠭ ᠠᠩᠭᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠷᠦᠩᠬᠡᠢ ᠠᠩᠭᠢ ᠶᠢᠨ ᠡᠮᠨᠡᠯᠭᠡ ᠶᠢᠨ ᠬᠤᠷᠢᠶ᠎ᠠ᠂ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠬᠠᠮᠲᠤᠷᠠᠭᠰᠠᠨ ᠦᠢᠯᠡᠴᠢᠯᠡᠭᠡᠨ ᠤ ᠪᠠᠲᠤᠯᠠᠭ᠎ᠠ ᠶᠢᠨ ᠴᠡᠷᠢᠭ ᠠᠩᠭᠢ ᠶᠢᠨ 969 ᠳ᠋ᠤᠭᠡᠷ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠤᠶᠠᠳᠤᠭᠠᠷ ᠬᠠᠷᠢᠶᠠᠲᠤ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠠᠷᠠᠳ ᠤᠨ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶᠤᠨ ᠮᠡᠳᠡᠷᠡᠯ ᠤᠨ ᠡᠷᠡᠭᠦᠯ ᠬᠠᠮᠠᠭᠠᠯᠠᠯ ᠤᠨ ᠲᠥᠪ᠂ ᠬᠥᠬᠡᠬᠤᠲᠠ ᠶᠢᠨ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ᠂ ᠬᠥᠬᠡᠬᠤᠲᠠ ᠶᠢᠨ ᠬᠤᠶᠠᠳᠤᠭᠠᠷ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠴᠤᠤ ᠵᠢᠦᠢ ᠨᠢᠳᠦᠨ ᠤ ᠡᠮᠨᠡᠯᠭᠡ ᠶᠢᠨ ᠬᠤᠷᠢᠶ᠎ᠠ ᠳᠤ ᠡᠮᠨᠡᠯᠭᠡ ᠳᠤ ᠰᠠᠭᠤᠭᠰᠠᠨ ᠵᠠᠷᠤᠳᠠᠯ ᠢ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠪᠡᠯᠡᠨ ᠵᠣᠭᠤᠰ ᠢᠶᠠᠷ ᠪᠦᠬᠦᠨ ᠢ ᠣᠷᠣᠯᠠᠨ ᠥᠭᠭᠦᠭᠰᠡᠨ ᠤ ᠳᠠᠷᠠᠭ᠎ᠠ ᠬᠥᠬᠡᠬᠤᠲᠠ ᠶᠢᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠥᠪ ᠲᠤ ᠬᠦᠷᠴᠦ ᠲᠠᠩᠰᠠ ᠲᠠᠶᠢᠯᠤᠨ᠎ᠠ᠃      ᠠᠷᠪᠠᠨ ᠲᠠᠪᠤᠳᠤᠭᠠᠷ ᠵᠦᠢᠯ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠬᠥᠬᠡᠬᠤᠲᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠲᠠᠳ ᠡᠮᠨᠡᠯᠭᠡ ᠶᠢᠨ ᠬᠤᠷᠢᠶ᠎ᠠ ᠳᠤ ᠡᠮᠨᠡᠯᠭᠡ ᠳᠤ ᠰᠠᠭᠤᠬᠤ ᠳᠤ ᠡᠮᠨᠡᠯᠭᠡ ᠳᠤ ᠰᠠᠭᠤᠬᠤ ᠪᠡᠷᠢᠴᠠᠭᠠᠨ ᠤ ᠮᠥᠩᠭᠦ ᠲᠤᠰᠢᠶᠠᠬᠤ ᠬᠡᠷᠡᠭᠲᠡᠢ᠂ ᠨᠢᠭᠡᠳᠦᠭᠡᠷ ᠤᠳᠠᠭ᠎ᠠ ᠡᠮᠨᠡᠯᠭᠡ ᠳᠤ ᠰᠠᠭᠤᠬᠤ ᠵᠠᠷᠤᠳᠠᠯ 8000 ᠲᠥᠭᠦᠷᠢᠭ ᠤᠨ ᠳᠣᠲᠣᠷ᠎ᠠ ᠪᠣᠯ ᠪᠣᠳᠠᠲᠠᠢ ᠡᠭᠦᠰᠦᠭᠰᠡᠨ ᠲᠤᠭ᠎ᠠ ᠪᠠᠷ ᠪᠡᠷᠢᠴᠠᠭᠠᠨ ᠤ ᠮᠥᠩᠭᠦ ᠲᠤᠰᠢᠶᠠᠵᠤ᠂ 8000 ᠲᠥᠭᠦᠷᠢᠭ ᠠᠴᠠ ᠥᠨᠳᠥᠷ ᠪᠣᠯ ᠡᠮᠨᠡᠯᠭᠡ ᠳᠤ ᠰᠠᠭᠤᠬᠤ ᠪᠡᠷᠢᠴᠠᠭᠠᠨ ᠤ ᠮᠥᠩᠭᠦ ᠶᠢ 8000 ᠲᠥᠭᠦᠷᠢᠭ ᠢᠶᠠᠷ ᠲᠤᠰᠢᠶᠠᠵᠤ᠂ ᠬᠡᠲᠦᠷᠡᠭᠰᠡᠨ ᠬᠡᠰᠡᠭ ᠢ ᠡᠮᠨᠡᠯᠭᠡ ᠶᠢᠨ ᠬᠤᠷᠢᠶ᠎ᠠ ᠳᠠᠩᠰᠠᠯᠠᠵᠤ ᠳ᠋ᠦᠩᠨᠡᠨ ᠪᠤᠳᠤᠨ᠎ᠠ᠃      ᠠᠷᠪᠠᠨ ᠵᠢᠷᠭᠤᠳᠤᠭᠠᠷ ᠵᠦᠢᠯ ᠣᠨᠳᠣᠣ ᠭᠠᠵᠠᠷ ᠲᠤ ᠰᠠᠭᠤᠵᠤ ᠪᠠᠶᠢᠭ᠎ᠠ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷ ᠲᠤᠬᠠᠢ ᠶᠢᠨ ᠭᠠᠵᠠᠷ ᠤᠨ ᠢᠶᠠᠨ ᠡᠮᠴᠢᠯᠡᠭᠡᠨ ᠤ ᠳᠠᠭᠠᠳᠬᠠᠯ ᠤᠨ ᠲᠤᠭᠲᠠᠭᠰᠠᠨ ᠡᠮᠨᠡᠯᠭᠡ ᠶᠢᠨ ᠬᠤᠷᠢᠶ᠎ᠠ ᠶᠢ ᠰᠣᠩᠭᠤᠨ ᠲᠤᠭᠲᠠᠭᠰᠠᠨ ᠡᠮᠴᠢᠯᠡᠭᠡᠨ ᠤ ᠪᠠᠶᠢᠭᠤᠯᠤᠮᠵᠢ ᠪᠠᠨ ᠪᠣᠯᠭᠠᠵᠤ ᠪᠣᠯᠬᠤ ᠪᠦᠭᠡᠳ ᠬᠥᠬᠡᠬᠤᠲᠠ ᠶᠢᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠥᠪ ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃      ᠠᠷᠪᠠᠨ ᠳᠣᠯᠣᠳᠤᠭᠠᠷ ᠵᠦᠢᠯ ᠲᠤᠭᠲᠠᠭᠰᠠᠨ ᠡᠮᠨᠡᠯᠭᠡ ᠶᠢᠨ ᠬᠤᠷᠢᠶ᠎ᠠ ᠦᠨᠡᠨᠬᠦ ᠣᠨᠣᠰᠢᠯᠠᠬᠤ ᠪᠠ ᠡᠮᠨᠡᠨ ᠵᠠᠰᠠᠬᠤ ᠳᠤ ᠬᠦᠴᠢᠷᠳᠡᠢ ᠲᠦᠪᠡᠭᠲᠡᠢ ᠪᠦᠭᠡᠳ ᠡᠪᠡᠳᠴᠢᠨ ᠨᠢ ᠬᠦᠨᠳᠦ ᠡᠪᠡᠳᠴᠢᠳᠡᠨ ᠢ ᠲᠤᠭᠲᠠᠭᠰᠠᠨ ᠡᠮᠨᠡᠯᠭᠡ ᠶᠢᠨ ᠬᠤᠷᠢᠶ᠎ᠠ ᠠᠴᠠ ᠲᠤᠰᠬᠠᠢ ᠮᠡᠷᠭᠡᠵᠢᠯᠲᠡᠨ ᠵᠣᠬᠢᠶᠠᠨ ᠪᠠᠶᠢᠭᠤᠯᠤᠨ ᠬᠠᠮᠲᠤᠷᠠᠨ ᠣᠨᠣᠰᠢᠯᠠᠭᠰᠠᠨ ᠤ ᠳᠠᠷᠠᠭ᠎ᠠ ᠡᠮᠨᠡᠯᠭᠡ ᠰᠢᠯᠵᠢᠬᠦ ᠰᠠᠨᠠᠭᠤᠯᠭ᠎ᠠ ᠳᠤᠷᠠᠳᠴᠤ᠂ ᠰᠠᠯᠠᠭᠠᠨ ᠤ ᠡᠷᠬᠢᠯᠡᠭᠴᠢ᠂ ᠬᠤᠪᠢᠳᠠᠨ ᠬᠠᠮᠢᠶᠠᠷᠴᠤ ᠪᠦᠬᠦᠢ ᠬᠤᠷᠢᠶᠠᠨ ᠳᠠᠷᠤᠭ᠎ᠠ ᠭᠠᠷ ᠤᠨ ᠥᠰᠥᠭ ᠵᠢᠷᠤᠭᠰᠠᠨ ᠤ ᠳᠠᠷᠠᠭ᠎ᠠ᠂ ᠬᠥᠬᠡᠬᠤᠲᠠ ᠶᠢᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠥᠪ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃      ᠠᠷᠪᠠᠨ ᠨᠠᠢᠮᠠᠳᠤᠭᠠᠷ ᠵᠦᠢᠯ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠳᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ︽ᠣᠨᠣᠰᠢᠯᠠᠨ ᠡᠮᠨᠡᠬᠦ ᠲᠥᠷᠥᠯ ᠵᠦᠢᠯ ᠤᠨ ᠬᠦᠷᠢᠶ᠎ᠡ ᠬᠡᠪᠴᠢᠶ᠎ᠡ︾᠂ ︽ᠡᠮᠴᠢᠯᠡᠭᠡᠨ ᠤ ᠦᠢᠯᠡᠴᠢᠯᠡᠭᠡ ᠶᠢᠨ ᠪᠡᠯᠡᠳᠬᠡᠮᠵᠢ ᠶᠢᠨ ᠦᠢᠯᠡᠴᠢᠯᠡᠬᠦ ᠬᠦᠷᠢᠶ᠎ᠡ ᠬᠡᠪᠴᠢᠶ᠎ᠡ ᠪᠠ ᠲᠥᠯᠥᠬᠦ ᠪᠠᠷᠢᠮᠵᠢᠶ᠎ᠠ︾ ᠪᠠ ︽ᠤᠯᠤᠰ ᠤᠨ ᠦᠨᠳᠦᠰᠦᠨ ᠡᠮᠴᠢᠯᠡᠭᠡᠨ ᠤ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠪᠠ ᠦᠷᠡᠵᠢᠯ ᠤᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ︾ ᠲᠤ ᠨᠡᠶᠢᠴᠡᠭᠰᠡᠨ ᠪᠠᠶᠢᠬᠤ ᠬᠡᠷᠡᠭᠲᠡᠢ᠃ ᠣᠨᠣᠰᠢᠯᠠᠨ ᠡᠮᠨᠡᠬᠦ ᠲᠥᠷᠥᠯ ᠵᠦᠢᠯ᠂ ᠡᠮ ᠤᠨ ᠵᠦᠢᠯ ᠢ ᠬᠥᠬᠡ ᠬᠥᠬᠡᠭᠴᠢᠨ ᠲᠥᠷᠥᠯ ᠢᠯᠭᠠᠬᠤ ᠦᠭᠡᠢ ᠪᠠᠷ ᠰᠢᠭᠤᠳ ᠬᠥᠬᠡ ᠲᠥᠷᠥᠯ ᠤᠨ ᠬᠢ ᠪᠠᠷ ᠳ᠋ᠦᠩᠨᠡᠨ ᠪᠤᠳᠤᠵᠤ᠂ ᠭᠠᠷᠴᠠᠭ ᠠᠴᠠ ᠭᠠᠳᠠᠨᠠᠬᠢ ᠣᠨᠣᠰᠢᠯᠠᠨ ᠡᠮᠨᠡᠬᠦ ᠲᠥᠷᠥᠯ ᠵᠦᠢᠯ ᠪᠠ ᠡᠮ ᠤᠨ ᠵᠦᠢᠯ ᠤᠨ ᠵᠠᠷᠤᠳᠠᠯ ᠢ ᠲᠠᠩᠰᠠ  ᠲᠠᠶᠢᠯᠵᠤ ᠥᠭᠬᠦ ᠦᠭᠡᠢ᠃      ᠠᠷᠪᠠ ᠶᠢᠰᠦᠳᠦᠭᠡᠷ ᠵᠦᠢᠯ ᠡᠯ᠎ᠡ ᠲᠤᠭᠲᠠᠭᠰᠠᠨ ᠡᠮᠴᠢᠯᠡᠭᠡᠨ ᠤ ᠪᠠᠶᠢᠭᠤᠯᠤᠮᠵᠢ ᠪᠠ ᠲᠤᠭᠲᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ ᠪᠣᠯᠣᠨ ᠡᠭᠦᠳᠡᠨ ᠡᠮᠨᠡᠯᠭᠡ ᠳᠤ ᠡᠮᠨᠡᠭᠦᠯᠵᠦ ᠡᠮ ᠬᠤᠳᠠᠯᠳᠤᠨ ᠠᠪᠤᠭᠰᠠᠨ ᠵᠠᠷᠤᠳᠠᠯ ᠢ ᠳ᠋ᠦᠩᠨᠡᠨ ᠪᠤᠳᠤᠬᠤ ᠬᠠᠮᠢᠶᠠᠷᠤᠯᠲᠠ ᠶᠢᠨ ᠠᠷᠭ᠎ᠠ ᠶᠢ ᠪᠠᠶᠢᠭᠤᠯᠤᠨ ᠪᠦᠷᠢᠨᠰᠢᠭᠦᠯᠵᠦ᠂ ᠳᠣᠲᠣᠭᠠᠳᠤ ᠶᠢᠨ ᠬᠠᠮᠢᠶᠠᠷᠤᠯᠲᠠ ᠪᠠᠨ ᠴᠢᠩᠭᠠᠳᠬᠠᠨ᠂ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠲᠤ ᠴᠢᠨᠠᠷ ᠰᠠᠶᠢᠲᠠᠢ ᠡᠮᠴᠢᠯᠡᠭᠡᠨ ᠤ ᠦᠢᠯᠡᠴᠢᠯᠡᠭᠡ ᠬᠠᠩᠭᠠᠬᠤ ᠬᠡᠷᠡᠭᠲᠡᠢ᠃      ᠬᠤᠷᠢᠳᠤᠭᠠᠷ ᠵᠦᠢᠯ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠡᠭᠦᠳᠡᠨ ᠡᠮᠨᠡᠯᠭᠡ ᠳᠤ ᠡᠮᠨᠡᠭᠦᠯᠵᠦ ᠡᠮ ᠬᠤᠳᠠᠯᠳᠤᠨ ᠠᠪᠬᠤ ᠳᠤ ᠰᠠᠷ᠎ᠠ ᠶᠢᠨ ᠵᠠᠷᠤᠴᠠᠭᠤᠯᠤᠭᠰᠠᠨ ᠡᠮᠴᠢᠯᠡᠭᠡᠨ ᠤ ᠵᠠᠷᠤᠳᠠᠯ ᠨᠢ 5000 ᠲᠥᠭᠦᠷᠢᠭ ᠠᠴᠠ ᠳᠡᠭᠡᠭᠰᠢ ᠪᠠᠶᠢᠪᠠᠯ᠂ ᠬᠥᠬᠡᠬᠤᠲᠠ ᠶᠢᠨ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠡᠮᠴᠢᠯᠡᠭᠡᠨ ᠤ ᠬᠠᠮᠢᠶᠠᠷᠤᠯᠲᠠ ᠶᠢᠨ ᠵᠥᠪᠯᠡᠯ ᠤᠨ ᠠᠯᠪᠠᠨ ᠭᠡᠷ ᠲᠤ ᠬᠦᠷᠴᠦ ᠳᠠᠩᠰᠠᠯᠠᠭᠤᠯᠬᠤ ᠬᠡᠷᠡᠭᠲᠡᠢ᠃      ᠬᠤᠷᠢᠨ ᠨᠢᠭᠡᠳᠦᠭᠡᠷ ᠵᠦᠢᠯ ᠬᠥᠬᠡᠬᠤᠲᠠ ᠶᠢᠨ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠡᠮᠴᠢᠯᠡᠭᠡᠨ ᠤ ᠬᠠᠮᠢᠶᠠᠷᠤᠯᠲᠠ ᠶᠢᠨ ᠵᠥᠪᠯᠡᠯ ᠤᠨ ᠡᠯ᠎ᠡ ᠭᠡᠰᠢᠭᠦᠨ ᠨᠢᠭᠡᠴᠡ ᠨᠢᠭᠲᠠ ᠬᠠᠮᠵᠢᠯᠴᠠᠵᠤ᠂ ᠲᠤᠭᠲᠠᠭᠰᠠᠨ ᠡᠮᠴᠢᠯᠡᠭᠡᠨ ᠤ ᠪᠠᠶᠢᠭᠤᠯᠤᠮᠵᠢ ᠪᠣᠯᠣᠨ ᠡᠯ᠎ᠡ ᠭᠠᠷᠲᠠᠨ ᠭᠦᠢᠴᠡᠳᠬᠡᠬᠦ ᠪᠠᠶᠢᠭᠤᠯᠤᠮᠵᠢ ᠳᠤ ᠬᠢᠨᠠᠯᠲᠠ ᠲᠠᠯᠪᠢᠵᠤ ᠪᠠᠶᠢᠴᠠᠭᠠᠬᠤ ᠪᠠ ᠬᠠᠮᠢᠶᠠᠷᠬᠤ ᠡᠷᠴᠢᠮ ᠢᠶᠠᠨ ᠦᠨᠡᠨᠬᠦ ᠴᠢᠩᠭᠠᠷᠠᠭᠤᠯᠬᠤ ᠬᠡᠷᠡᠭᠲᠡᠢ᠃ ᠬᠥᠬᠡᠬᠤᠲᠠ ᠶᠢᠨ  ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠥᠪ ᠨᠢ ᠦᠨᠳᠦᠰᠦᠨ ᠡᠮᠴᠢᠯᠡᠭᠡᠨ ᠤ ᠳᠠᠭᠠᠳᠬᠠᠯ ᠤᠨ  ᠵᠦᠪᠯᠡᠯᠴᠡᠭᠡᠷ ᠢ ᠭᠦᠢᠴᠡᠳᠭᠡᠬᠦ ᠪᠠᠶᠢᠳᠠᠯ ᠶᠣᠰᠣᠭᠠᠷ᠂ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠲᠤᠭᠲᠠᠭᠰᠠᠨ ᠪᠠᠶᠢᠭᠤᠯᠤᠮᠵᠢ ᠶᠢᠨ ᠡᠮᠴᠢᠯᠡᠭᠡᠨ ᠤ ᠦᠢᠯᠡᠴᠢᠯᠡᠭᠡᠨ ᠤ ᠪᠠᠶᠢᠳᠠᠯ ᠳᠤ ᠬᠢᠨᠠᠯᠲᠠ  ᠲᠠᠯᠪᠢᠵᠤ ᠪᠠᠶᠢᠴᠠᠭᠠᠨ᠂ ᠡᠯ᠎ᠡ ᠲᠤᠭᠲᠠᠭᠰᠠᠨ ᠪᠠᠶᠢᠭᠤᠯᠤᠮᠵᠢ ᠶᠢᠨ ᠠᠵᠢᠯᠲᠠᠨ ᠤ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠲᠤ ᠡᠮᠴᠢᠯᠡᠭᠡᠨ ᠤ ᠦᠢᠯᠡᠴᠢᠯᠡᠭᠡ ᠬᠠᠩᠭᠠᠬᠤ ᠶᠠᠪᠤᠴᠠ ᠳᠠᠬᠢ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠲᠣᠭᠲᠠᠭᠠᠯ ᠢ ᠥᠯᠥ ᠵᠢᠷᠤᠮᠯᠠᠭᠰᠠᠨ᠂ ᠵᠥᠪᠯᠡᠯᠴᠡᠭᠡᠷ ᠤᠨ ᠠᠭᠤᠯᠭ᠎ᠠ ᠠᠴᠠ ᠵᠥᠷᠢᠴᠡᠭᠰᠡᠨ ᠪᠠᠶᠢᠳᠠᠯ ᠢ ᠵᠥᠪᠯᠡᠯᠴᠡᠭᠡᠷ ᠤᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃      ᠳᠥᠷᠪᠡᠳᠦᠭᠡᠷ ᠪᠦᠯᠦᠭ  ᠡᠮᠴᠢᠯᠡᠭᠡᠨ ᠤ ᠵᠠᠷᠤᠳᠠᠯ ᠢ ᠳ᠋ᠦᠩᠨᠡᠨ ᠪᠣᠳᠤᠬᠤ      ᠬᠤᠷᠢᠨ ᠬᠤᠶᠠᠳᠤᠭᠠᠷ ᠵᠦᠢᠯ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠨᠢᠭᠡ ᠵᠢᠯ ᠤᠨ ᠳᠣᠲᠣᠷ᠎ᠠ ᠵᠠᠷᠤᠴᠠᠭᠤᠯᠤᠭᠰᠠᠨ ᠡᠮᠴᠢᠯᠡᠭᠡᠨ ᠤ ᠵᠠᠷᠤᠳᠠᠯ ᠨᠢ ᠬᠤᠪᠢ ᠬᠥᠮᠥᠨ ᠤ ᠲᠠᠩᠰᠠᠨ ᠡᠷᠦᠬᠡ ᠶᠢᠨ ᠪᠡᠯᠡ ᠮᠥᠩᠭᠦ ᠶᠢᠨ ᠲᠤᠭ᠎ᠠ ᠬᠡᠮᠵᠢᠶ᠎ᠡ ᠠᠴᠠ ᠬᠡᠲᠦᠷᠡᠭᠰᠡᠨ ᠪᠠᠶᠢᠪᠠᠯ᠂ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ ᠡᠮᠨᠡᠯᠭᠡ ᠳᠤ ᠰᠠᠭᠤᠭᠰᠠᠨ ᠡᠮᠴᠢᠯᠡᠭᠡᠨ ᠤ ᠪᠠᠲᠤᠯᠠᠭ᠎ᠠ ᠶᠢᠨ ᠪᠡᠯᠡ ᠮᠥᠩᠭᠦ ᠶᠢᠨ ᠳᠣᠲᠣᠷ᠎ᠠ ᠠᠴᠠ ᠰᠢᠭᠤᠳ ᠳ᠋ᠦᠩᠨᠡᠨ ᠪᠣᠳᠤᠨ᠎ᠠ᠃ ᠪᠣᠳᠠᠲᠠᠢ ᠲᠡᠰ ᠳᠠᠷᠠᠭᠠᠯᠠᠯ ᠨᠢ᠄      ︵ᠨᠢᠭᠡ︶ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠬᠥᠬᠡᠬᠤᠲᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ ᠪᠣᠯᠣᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠲᠠᠳ ᠡᠮᠨᠡᠯᠭᠡ ᠶᠢᠨ ᠬᠤᠷᠢᠶ᠎ᠠ ᠳᠤ ᠡᠮᠨᠡᠯᠭᠡ ᠳᠤ ᠰᠠᠭᠤᠭᠠᠳ ᠡᠭᠦᠰᠦᠭᠰᠡᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠨᠡᠶᠢᠴᠡᠬᠦ ᠡᠮᠴᠢᠯᠡᠭᠡᠨ ᠤ ᠵᠠᠷᠤᠳᠠᠯ ᠢ ᠤᠷᠢᠳᠠᠪᠠᠷ ᠬᠤᠪᠢ ᠬᠥᠮᠥᠨ ᠤ ᠲᠠᠩᠰᠠᠨ ᠡᠷᠦᠬᠡ ᠠᠴᠠ ᠲᠥᠯᠥᠨ᠎ᠡ᠃ ᠬᠤᠪᠢ ᠬᠥᠮᠥᠨ ᠤ ᠳᠠᠩᠰᠠᠨ ᠡᠷᠦᠬᠡ ᠶᠢᠨ ᠬᠦᠷᠦᠯᠴᠡᠬᠦ ᠦᠭᠡᠢ ᠬᠡᠰᠡᠭ ᠢ ᠬᠥᠬᠡᠬᠤᠲᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ ᠪᠣᠯᠣᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠲᠠᠳ ᠡᠮᠨᠡᠯᠭᠡ ᠶᠢᠨ ᠬᠤᠷᠢᠶ᠎ᠠ ᠠᠴᠠ ᠣᠷᠣᠯᠠᠨ ᠥᠭᠴᠦ᠂ ᠬᠤᠶᠠᠷ ᠡᠮᠨᠡᠯᠭᠡ ᠶᠢᠨ ᠬᠤᠷᠢᠶ᠎ᠠ ᠰᠠᠷ᠎ᠠ ᠪᠦᠷᠢ ᠲᠦᠷᠦᠭᠦᠸ ᠰᠠᠷ᠎ᠠ ᠶᠢᠨ ᠠᠵᠢᠯ ᠠᠴᠠ ᠪᠠᠨ  ᠳᠠᠷᠬᠠᠯᠠᠭᠳᠠᠭᠰᠠᠨ ᠺᠠᠳ᠋ᠷᠴᠤᠳ ᠤᠨ ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ ᠤᠨ ᠵᠠᠷᠤᠯᠭ᠎ᠠ ᠶᠢᠨ ᠬᠤᠷᠢᠶᠠᠩᠭᠤᠢ ᠬᠦᠰᠦᠨᠦᠭᠲᠦ ᠶᠢ ᠬᠥᠬᠡᠬᠤᠲᠠ ᠶᠢᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠥᠪ ᠲᠤ ᠮᠡᠳᠡᠭᠦᠯᠵᠦ᠂ ᠬᠥᠬᠡᠬᠤᠲᠠ ᠶᠢᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠥᠪ ᠬᠢᠨᠠᠨ ᠬᠠᠷᠭᠤᠭᠤᠯᠵᠤ ᠨᠤᠲᠠᠯᠠᠭᠰᠠᠨ ᠤ ᠳᠠᠷᠠᠭ᠎ᠠ ᠰᠠᠷ᠎ᠠ ᠪᠦᠷᠢ ᠬᠥᠬᠡᠬᠤᠲᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠲᠠᠳ ᠡᠮᠨᠡᠯᠭᠡ ᠶᠢᠨ ᠬᠤᠷᠢᠶ᠎ᠠ ᠳᠤ ᠴᠠᠭ ᠲᠤᠬᠠᠢ ᠳᠤᠨᠢ ᠲᠦᠯᠦᠵᠦ ᠦᠭᠭᠦᠨ᠎ᠡ᠃      ︵ᠬᠤᠶᠠᠷ︶ ᠠᠵᠢᠯ ᠠᠴᠠ ᠪᠠᠨ ᠳᠠᠷᠬᠠᠯᠠᠭᠳᠠᠭᠰᠠᠳ ᠤᠨ ᠪᠤᠰᠤᠳ ᠲᠣᠭᠲᠠᠭᠰᠠᠨ ᠡᠮᠨᠡᠯᠭᠡ ᠶᠢᠨ ᠬᠤᠷᠢᠶ᠎ᠠ ᠪᠠ ᠲᠣᠭᠲᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠲᠤ ᠡᠭᠦᠰᠦᠭᠰᠡᠨ ᠬᠤᠪᠢ ᠬᠥᠮᠥᠨ ᠤ ᠲᠠᠩᠰᠠᠨ ᠡᠷᠦᠬᠡ ᠶᠢᠨ ᠶᠡᠷᠦᠩᠬᠡᠢ ᠲᠤᠭ᠎ᠠ ᠠᠴᠠ ᠳᠠᠪᠠᠭᠰᠠᠨ ᠡᠮᠴᠢᠯᠡᠭᠡᠨ ᠤ ᠵᠠᠷᠤᠳᠠᠯ ᠢ ᠬᠥᠬᠡᠬᠤᠲᠠ ᠶᠢᠨ ᠠᠬᠠᠮᠠᠳ ᠺᠠᠳ᠋ᠷᠴᠤᠳ ᠤᠨ ᠦᠢᠯᠡᠴᠢᠯᠡᠭᠡᠨ ᠤ ᠲᠥᠪ᠂ ᠬᠥᠬᠡᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠠᠵᠢᠯ ᠠᠴᠠ ᠪᠠᠨ ᠲᠠᠷᠬᠠᠯᠠᠭᠳᠠᠭᠰᠠᠳ ᠠᠵᠢᠯ ᠠᠴᠠ ᠪᠠᠨ  ᠠᠮᠠᠷᠠᠭᠰᠠᠳ ᠤᠨ ᠠᠵᠢᠯ ᠤᠨ ᠰᠠᠯᠠᠭ᠎ᠠ ᠪᠠ ᠨᠢᠭᠡᠴᠡ ᠶᠢᠨ ᠲᠤᠰᠬᠠᠢ ᠬᠠᠮᠢᠶᠠᠷᠤᠭᠴᠢ ᠠᠴᠠ ᠠᠵᠢᠯ ᠠᠴᠠ ᠪᠠᠨ  ᠳᠠᠷᠬᠠᠯᠠᠭᠳᠠᠭᠰᠠᠨ ᠺᠠᠳ᠋ᠷᠴᠤᠳ ᠤᠨ ᠡᠮᠴᠢᠯᠡᠭᠡᠨ ᠤ ᠵᠠᠷᠤᠳᠠᠯ ᠢ ᠠᠩᠬ᠎ᠠ ᠬᠢᠨᠠᠭᠰᠠᠨ ᠤ ᠳᠠᠷᠠᠭ᠎ᠠ ᠰᠠᠷ᠎ᠠ ᠪᠦᠷᠢ ᠴᠠᠭ ᠲᠤᠬᠠᠢ ᠳᠤᠨᠢ ᠬᠥᠬᠡᠬᠤᠲᠠ ᠶᠢᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠥᠪ ᠲᠤ ᠬᠦᠷᠭᠡᠵᠦ ᠬᠢᠨᠠᠨ ᠬᠠᠷᠭᠤᠭᠤᠯᠵᠤ ᠲᠠᠩᠰᠠ ᠲᠠᠶᠢᠯᠬᠤ ᠬᠡᠷᠡᠭᠲᠡᠢ᠃      ︵ᠭᠤᠷᠪᠠ︶ ᠬᠥᠬᠡᠬᠤᠲᠠ ᠶᠢᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠥᠪ ᠨᠢ ᠰᠠᠷ᠎ᠠ ᠪᠦᠷᠢ ᠴᠠᠭ ᠲᠤᠬᠠᠢ ᠳᠤᠨᠢ ᠬᠢᠨᠠᠨ ᠬᠠᠷᠭᠤᠭᠤᠯᠤᠭᠰᠠᠨ ᠤ ᠳᠠᠷᠠᠭ᠎ᠠ ᠲᠦᠯᠦᠵᠦ ᠥᠭᠭᠦᠨ᠎ᠡ᠃      ᠬᠤᠷᠢᠨ ᠭᠤᠷᠪᠠᠳᠤᠭᠠᠷ ᠵᠦᠢᠯ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠡᠮᠴᠢᠯᠡᠭᠡᠨ ᠤ ᠵᠠᠷᠤᠳᠠᠯ ᠤᠨ ᠲᠠᠩᠰᠠ ᠲᠠᠶᠢᠯᠬᠤ ᠳᠤ ᠳᠣᠣᠷᠠᠬᠢ ᠮᠠᠲ᠋ᠧᠷᠢᠶᠠᠯ ᠤᠳ ᠢ ᠬᠠᠩᠭᠠᠬᠤ ᠬᠡᠷᠡᠭᠲᠡᠢ᠄      ︵ᠨᠢᠭᠡ︶ ᠡᠭᠦᠳᠡᠨ ᠡᠮᠨᠡᠯᠭᠡ      ᠡᠭᠦᠳᠡᠨ ᠡᠮᠨᠡᠯᠭᠡ ᠶᠢᠨ ᠵᠠᠷᠤᠳᠠᠯ ᠨᠢ ᠬᠤᠪᠢ ᠬᠥᠮᠥᠨ ᠤ ᠲᠠᠩᠰᠠᠨ ᠡᠷᠦᠬᠡ ᠶᠢᠨ ᠪᠡᠯᠡ ᠮᠥᠩᠭᠦ ᠶᠢᠨ ᠲᠤᠭ᠎ᠠ ᠬᠡᠮᠵᠢᠶ᠎ᠡ ᠠᠴᠠ ᠬᠡᠲᠦᠷᠡᠭᠰᠡᠨ ᠪᠠᠶᠢᠪᠠᠯ᠂ ᠬᠡᠳᠦᠷᠡᠭᠰᠡᠨ ᠵᠠᠷᠤᠳᠠᠯ ᠤᠨ ᠲᠠᠩᠰᠠ ᠲᠠᠶᠢᠯᠬᠤ ᠳᠤ ᠲᠤᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠪᠡᠳᠴᠢᠨ ᠦᠵᠡᠭᠦᠯᠵᠦ ᠡᠮ ᠬᠤᠳᠠᠯᠳᠤᠨ ᠠᠪᠤᠭᠰᠠᠨ ᠪᠠᠷᠢᠮᠲᠠ ᠪᠣᠯᠣᠨ ᠵᠠᠷᠤᠳᠠᠯ ᠤᠨ ᠨᠠᠷᠢᠨ ᠵᠦᠢᠯᠡᠰ ᠵᠢᠴᠢ ᠠᠵᠢᠯ ᠠᠴᠠ ᠪᠠᠨ ᠲᠠᠷᠬᠠᠯᠠᠭᠳᠠᠭᠰᠠᠨ ᠺᠠᠳ᠋ᠷ ᠤᠨ ᠡᠮᠴᠢᠯᠡᠭᠡᠨ ᠤ ᠭᠡᠷᠡᠴᠢ ᠪᠠᠨ ᠬᠠᠩᠭᠠᠬᠤ ᠬᠡᠷᠡᠭᠲᠡᠢ᠃      ︵ᠬᠤᠶᠠᠷ︶ ᠡᠮᠨᠡᠯᠭᠡ ᠳᠤ ᠰᠠᠭᠤᠬᠤ      1. ᠬᠥᠬᠡᠬᠤᠲᠠ ᠳᠠᠬᠢ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠲᠣᠭᠲᠠᠭᠰᠠᠨ ᠡᠮᠨᠡᠯᠭᠡ ᠶᠢᠨ ᠬᠤᠷᠢᠶ᠎ᠠ ᠶᠢᠨ ᠡᠮᠨᠡᠯᠭᠡ ᠳᠤ ᠰᠠᠭᠤᠭᠰᠠᠨ ᠵᠠᠷᠤᠳᠠᠯ ᠢ ᠳᠠᠩᠰᠠ ᠲᠠᠶᠢᠯᠬᠤ ᠳᠤ ᠡᠮᠨᠡᠯᠭᠡ ᠳᠤ ᠰᠠᠭᠤᠭᠰᠠᠨ ᠵᠠᠷᠤᠳᠠᠯ ᠤᠨ ᠪᠠᠷᠢᠮᠲᠠ᠂ ᠡᠪᠡᠳᠴᠢᠨ ᠤ ᠪᠠᠶᠢᠳᠠᠯ ᠢ ᠣᠨᠣᠰᠢᠯᠠᠭᠰᠠᠨ ᠪᠢᠴᠢᠭ᠂ ᠡᠮᠴᠢᠯᠡᠭᠡᠨ ᠤ ᠵᠠᠷᠤᠳᠠᠯ ᠤᠨ ᠨᠠᠷᠢᠨ ᠵᠦᠢᠯᠡᠰ ᠵᠢᠴᠢ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷ ᠤᠨ ᠡᠮᠴᠢᠯᠡᠭᠡᠨ ᠤ ᠭᠡᠷᠡᠴᠢ ᠪᠠᠨ ᠬᠠᠩᠭᠠᠬᠤ ᠬᠡᠷᠡᠭᠲᠡᠢ᠃      2. ᠡᠮᠨᠡᠯᠭᠡ ᠰᠢᠯᠵᠢᠵᠦ ᠡᠮᠨᠡᠯᠭᠡ ᠳᠤ ᠰᠠᠭᠤᠭᠰᠠᠨ ᠵᠠᠷᠤᠳᠠᠯ ᠢ ᠲᠠᠩᠰᠨ ᠲᠠᠶᠢᠯᠬᠤ ᠳᠤ ᠡᠮᠨᠡᠯᠭᠡ ᠳᠤ ᠰᠠᠭᠤᠭᠰᠠᠨ ᠵᠠᠷᠤᠳᠠᠯ ᠤᠨ ᠪᠠᠷᠢᠮᠲᠠ᠂ ᠡᠪᠡᠳᠴᠢᠨ ᠤ ᠪᠠᠶᠢᠳᠠᠯ ᠢ ᠣᠨᠣᠰᠢᠯᠠᠭᠰᠠᠨ ᠪᠢᠴᠢᠭ᠂ ᠡᠮᠴᠢᠯᠡᠭᠡᠨ ᠤ ᠵᠠᠷᠤᠳᠠᠯ ᠤᠨ ᠨᠠᠷᠢᠨ ᠵᠦᠢᠯᠡᠰ᠂ ᠡᠮᠨᠡᠯᠭᠡ ᠰᠢᠯᠵᠢᠬᠦ ᠭᠤᠶᠤᠴᠢᠯᠠᠯ ᠤᠨ ᠬᠦᠰᠦᠨᠦᠭᠲᠦ᠂ ᠡᠮᠨᠡᠯᠭᠡ ᠳᠤ ᠰᠠᠭᠤᠭᠰᠠᠨ ᠡᠪᠡᠳᠴᠢᠨ ᠤ ᠲᠡᠦᠭᠡ ᠶᠢᠨ ᠬᠠᠭᠤᠯᠪᠤᠷᠢ ᠵᠢᠴᠢ ᠠᠵᠢᠯ ᠠᠴᠠ ᠪᠠᠨ ᠲᠠᠷᠬᠠᠯᠠᠭᠳᠠᠭᠰᠠᠨ ᠺᠠᠳ᠋ᠷ ᠤᠨ ᠡᠮᠴᠢᠯᠡᠭᠡᠨ ᠤ ᠭᠡᠷᠡᠴᠢ ᠪᠠᠨ ᠬᠠᠩᠭᠠᠬᠤ ᠬᠡᠷᠡᠭᠲᠡᠢ᠃      3. ᠣᠨᠳᠣᠣ ᠭᠠᠵᠠᠷ ᠲᠤ ᠰᠠᠭᠤᠵᠤ ᠪᠠᠶᠢᠭ᠎ᠠ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷ ᠡᠮᠨᠡᠯᠭᠡ ᠳᠤ ᠰᠠᠭᠤᠭᠰᠠᠨ ᠵᠠᠷᠤᠳᠠᠯ ᠢ ᠲᠠᠩᠰᠨ ᠲᠠᠶᠢᠯᠬᠤ ᠳᠤ ᠡᠮᠨᠡᠯᠭᠡ ᠳᠤ ᠰᠠᠭᠤᠭᠰᠠᠨ ᠵᠠᠷᠤᠳᠠᠯ ᠤᠨ ᠪᠠᠷᠢᠮᠲᠠ᠂ ᠡᠪᠡᠳᠴᠢᠨ ᠤ ᠪᠠᠶᠢᠳᠠᠯ ᠤᠨ ᠣᠨᠣᠰᠢᠯᠠᠯᠲᠠ ᠶᠢᠨ ᠪᠢᠴᠢᠭ᠂ ᠡᠮᠴᠢᠯᠡᠭᠡᠨ ᠤ ᠵᠠᠷᠤᠳᠠᠯ ᠤᠨ ᠨᠠᠷᠢᠨ ᠵᠦᠢᠯᠡᠰ᠂ ᠡᠮᠨᠡᠯᠭᠡ ᠳᠤ ᠰᠠᠭᠤᠭᠰᠠᠨ ᠡᠪᠡᠳᠴᠢᠨ ᠤ ᠲᠡᠦᠬᠡ ᠶᠢᠨ ᠬᠠᠭᠤᠯᠪᠤᠷᠢ ᠵᠢᠴᠢ ᠠᠵᠢᠯ ᠠᠴᠠ ᠪᠠᠨ ᠲᠠᠷᠬᠠᠯᠠᠭᠳᠠᠭᠰᠠᠨ ᠺᠠᠳ᠋ᠷ ᠤᠨ ᠡᠮᠴᠢᠯᠡᠭᠡᠨ ᠤ ᠭᠡᠷᠡᠴᠢ ᠪᠠᠨ ᠬᠠᠩᠭᠠᠬᠤ ᠬᠡᠷᠡᠭᠲᠡᠢ᠃      ᠬᠤᠷᠢᠨ ᠳᠥᠷᠪᠡᠳᠦᠭᠡᠷ ᠵᠦᠢᠯ  ᠠᠵᠢᠯ ᠠᠴᠠ ᠪᠠᠨ ᠲᠠᠷᠬᠠᠯᠠᠭᠳᠠᠭᠰᠠᠨ ᠺᠠᠳ᠋ᠷ ᠡᠮᠨᠡᠯᠭᠡ ᠳᠤ ᠰᠠᠭᠤᠵᠤ ᠪᠠᠶᠢᠬᠤ ᠬᠤᠭᠤᠴᠠᠭᠠᠨ ᠳᠤ ᠡᠭᠦᠳᠡᠨ ᠡᠮᠨᠡᠯᠭᠡ ᠶᠢᠨ ᠡᠮᠴᠢᠯᠡᠭᠡᠨ ᠤ ᠵᠠᠷᠤᠳᠠᠯ ᠵᠡᠷᠭᠡᠪᠡᠷ ᠡᠭᠦᠰᠴᠦ ᠪᠣᠯᠬᠤ ᠦᠭᠡᠢ᠂ ᠬᠡᠷᠪᠡ ᠡᠪᠡᠳᠴᠢᠨ ᠤ ᠪᠠᠶᠢᠳᠠᠯ ᠨᠢ ᠭᠠᠳᠠᠨ᠎ᠠ ᠠᠴᠠ ᠡᠮ ᠬᠤᠳᠠᠯᠳᠤᠨ ᠠᠪᠬᠤ᠂ ᠪᠣᠰᠤᠳ ᠡᠮᠨᠡᠯᠭᠡ ᠶᠢᠨ ᠬᠤᠷᠢᠶᠠᠨ ᠳᠤ ᠪᠠᠶᠢᠴᠠᠭᠠᠯᠲᠠ ᠬᠢᠬᠦ ᠴᠢᠬᠤᠯᠠᠲᠠᠢ ᠪᠠᠶᠢᠪᠠᠯ᠂ ᠲᠤᠭᠲᠠᠭᠰᠠᠨ ᠴᠡᠭ ᠤᠨ ᠡᠮᠨᠡᠯᠭᠡ ᠶᠢᠨ ᠬᠤᠷᠢᠶᠠᠨ ᠤ ᠡᠮᠴᠢ ᠶᠢᠨ ᠵᠢᠭᠠᠪᠤᠷᠢ᠂ ᠵᠣᠷ ᠪᠠᠶᠢᠬᠤ ᠬᠡᠷᠡᠭᠲᠡᠢ᠂ ᠵᠠᠷᠤᠳᠠᠯ ᠢ ᠨᠢ ᠡᠮᠨᠡᠯᠭᠡ ᠳᠤ ᠰᠠᠭᠤᠭᠰᠠᠨ ᠵᠠᠷᠤᠳᠠᠯ ᠲᠠᠢ ᠨᠡᠶᠢᠯᠡᠭᠦᠯᠦᠨ ᠪᠤᠳᠤᠵᠤ᠂ ᠬᠠᠮᠲᠤ ᠳᠤᠨᠢ ᠲᠠᠩᠰᠠ ᠲᠠᠶᠢᠯᠤᠨ᠎ᠠ᠃      ᠲᠠᠪᠤᠳᠤᠭᠠᠷ ᠪᠦᠯᠦᠭ  ᠳᠠᠭᠠᠯᠳᠤᠭᠤᠯᠤᠭᠰᠠᠨ ᠳᠦᠷᠢᠮ      ᠬᠤᠷᠢᠨ ᠲᠠᠪᠤᠳᠤᠭᠠᠷ ᠵᠦᠢᠯ ᠬᠤᠶᠠᠳᠤᠭᠠᠷ ᠳᠡᠰ ᠤᠨ ᠬᠥᠬᠡᠭᠴᠢᠨ ᠳᠡᠰ ᠠᠴᠠ ᠳᠡᠭᠡᠭᠰᠢᠬᠢ ᠵᠡᠮᠳᠡᠭ ᠴᠡᠷᠢᠭ᠂ ᠵᠡᠮᠳᠡᠭ ᠠᠷᠠᠳ ᠤᠨ ᠴᠠᠭᠳᠠᠭ᠎ᠠ ᠪᠠ ᠰᠣᠶᠣᠯ ᠤᠨ ᠬᠤᠪᠢᠰᠬᠠᠯ ᠳᠤ ᠪᠦᠷᠢᠮᠦᠰᠦᠨ ᠵᠡᠮᠳᠡᠭ ᠪᠣᠯᠤᠭᠰᠠᠨ ᠬᠥᠮᠥᠰ ᠲᠤ ᠲᠤᠰ ᠠᠷᠭ᠎ᠠ ᠶᠢᠨ ᠶᠣᠰᠣᠭᠠᠷ ᠬᠡᠷᠡᠭᠵᠢᠭᠦᠯᠦᠨ᠎ᠡ᠂ ᠭᠡᠪᠡᠴᠦ ᠬᠤᠶᠠᠳᠤᠭᠠᠷ ᠳᠡᠰ ᠤᠨ ᠬᠥᠬᠡᠭᠴᠢᠨ ᠳᠡᠰ ᠠᠴᠠ ᠳᠡᠭᠡᠭᠰᠢᠬᠢ ᠵᠡᠮᠳᠡᠭ ᠴᠡᠷᠢᠭ᠂ ᠵᠡᠮᠳᠡᠭ ᠠᠷᠠᠳ ᠤᠨ ᠴᠠᠭᠳᠠᠭ᠎ᠠ ᠳᠤ ᠬᠤᠪᠢ ᠬᠥᠮᠥᠨ ᠤ ᠳᠠᠩᠰᠠᠨ ᠡᠷᠦᠬᠡ ᠪᠠᠶᠢᠭᠤᠯᠬᠤ ᠦᠭᠡᠢ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号