ᠬᠦᠬᠡᠬᠤᠲᠠ ᠵᠠᠰᠠᠭ ᠠᠯᠪᠠᠨ ᠲᠠᠷᠬᠠᠭᠠᠭᠰᠠᠨ ﹇2023﹈ 40 ᠳ᠋ᠤᠭᠡᠷ ᠲᠤᠭᠠᠲᠤ | | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠭᠡᠷ᠂ | ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽ᠬᠥᠬᠡᠬᠤᠲᠠ ᠶᠢᠨ ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡ ᠶᠢᠨ ᠬᠡᠷᠡᠭᠵᠢᠭᠦᠯᠬᠦ ᠠᠷᠭ᠎ᠠ︾ ᠶᠢ | ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠡᠳᠦᠭᠡ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2023 ᠣᠨ ᠤ 8 ᠳ᠋ᠤᠭᠠᠷ ᠰᠠᠷ᠎ᠠ ᠶᠢᠨ 14 ᠤ ᠡᠳᠦᠷ | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | | | | ᠬᠥᠬᠡᠬᠤᠲᠠ ᠶᠢᠨ ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡ ᠶᠢᠨ ᠬᠡᠷᠡᠭᠵᠢᠭᠦᠯᠬᠦ ᠠᠷᠭ᠎ᠠ | | ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠠᠷᠠᠳ ᠢᠷᠭᠡᠨ ᠤ ᠡᠷᠡᠭᠦᠯ ᠮᠡᠨᠳᠦ ᠶᠢᠨ | ᠲᠥᠯᠦᠪᠵᠢᠭᠦᠯᠭᠡ ᠶᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ | ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2022﹈ 11 ᠳ᠋ᠤᠭᠡᠷ ᠲᠣᠭᠠᠲᠤ︶ ᠪᠠ ︽ᠭᠡᠷ | ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ | ᠵᠢᠯᠤᠭᠤᠳᠬᠤ ᠰᠠᠨᠠᠯ︾ ︵ᠤᠯᠤᠰ ᠡᠷᠡᠭᠦᠯ ᠦᠨᠳᠦᠰᠦᠨ ᠱᠠᠲᠤ ᠲᠠᠷᠬᠠᠭᠠᠭᠰᠠᠨ ﹇2022﹈ 10 ᠳ᠋ᠤᠭᠠᠷ | ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠱᠠᠲᠤ ᠬᠤᠪᠢᠶᠠᠨ ᠣᠨᠣᠰᠢᠯᠠᠨ ᠡᠮᠨᠡᠬᠦ ᠳᠦᠷᠢᠮ ᠢ ᠤᠯᠠᠮ | ᠨᠢᠭᠡ ᠠᠯᠬᠤᠮ ᠲᠡᠭᠦᠯᠳᠡᠷᠵᠢᠭᠦᠯᠵᠦ᠂ ᠭᠡᠷ ᠪᠦᠯᠢ ᠶᠢᠨ ᠡᠮᠴᠢ ᠶᠢ ᠵᠣᠷᠢᠭᠵᠢᠭᠤᠯᠤᠨ ᠮᠠᠨ ᠤ ᠬᠤᠲᠠ ᠶᠢᠨ ᠰᠠᠭᠤᠭᠠᠯᠢ | ᠠᠷᠠᠳ ᠤᠨ ᠡᠷᠡᠭᠦᠯ ᠮᠡᠨᠳᠦ ᠶᠢᠨ ᠰᠠᠬᠢᠭᠤᠯ ᠪᠣᠯᠭᠠᠬᠤ ᠶᠢᠨ ᠲᠤᠰᠠᠳᠠ᠂ ᠮᠠᠨ ᠤ ᠬᠤᠲᠠ ᠶᠢᠨ ᠪᠣᠳᠠᠲᠠᠢ ᠲᠠᠢ | ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠦᠨᠳᠦᠰᠦᠨ ᠵᠠᠷᠴᠢᠮ | 1. ᠰᠡᠷᠭᠡᠶᠢᠯᠡᠬᠦ ᠪᠠᠷ ᠭᠤᠣᠯ ᠪᠣᠯᠭᠠᠵᠤ᠂ ᠦᠨᠳᠦᠰᠦᠨ ᠱᠠᠲᠤ ᠶᠢ ᠴᠢᠩᠭᠠᠷᠠᠭᠤᠯᠤᠨ᠎ᠠ᠃ ᠤᠷᠢᠳᠴᠢᠯᠠᠨ | ᠰᠡᠷᠭᠡᠶᠢᠯᠡᠬᠦ ᠶᠢ ᠨᠠᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠬᠦᠨᠳᠦ ᠶᠡᠭᠡ ᠡᠪᠡᠳᠴᠢᠨ ᠡᠮᠭᠡᠭ᠂ ᠡᠷᠡᠭᠦᠯ | ᠮᠡᠨᠳᠦ ᠶᠢᠨ ᠭᠤᠣᠯ ᠠᠶᠤᠯᠲᠠᠢ ᠬᠦᠴᠦᠨ ᠵᠦᠢᠯ ᠪᠠ ᠭᠤᠣᠯᠳᠠᠯᠭ᠎ᠠ ᠲᠠᠢ ᠬᠥᠮᠥᠰ ᠤᠨ ᠡᠷᠡᠭᠦᠯ ᠮᠡᠨᠳᠦ ᠳᠤ | ᠠᠩᠬᠠᠷᠤᠯ ᠢᠶᠠᠨ ᠲᠥᠪᠯᠡᠷᠡᠭᠦᠯᠵᠦ᠂ ᠰᠡᠷᠭᠡᠶᠢᠯᠡᠬᠦ ᠵᠠᠰᠠᠬᠤ ᠶᠢ ᠤᠶᠠᠯᠳᠤᠭᠤᠯᠬᠤ ᠪᠠ ᠡᠮᠨᠡᠬᠦ ᠰᠡᠷᠭᠡᠶᠢᠯᠡᠬᠦ ᠶᠢ | ᠠᠭᠤᠰᠤᠯᠴᠠᠭᠤᠯᠬᠤ ᠶᠢ ᠴᠢᠩᠭᠠᠳᠬᠠᠨ᠎ᠠ᠃ ᠦᠨᠳᠦᠰᠦᠨ ᠱᠠᠲᠤ ᠪᠠᠷ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠨ᠂ ᠡᠬᠢ | ᠪᠠᠶᠠᠯᠢᠭ ᠢ ᠳᠣᠷᠣᠭᠰᠢ ᠪᠠᠭᠤᠯᠭᠠᠬᠤ ᠶᠢ ᠲᠦᠯᠬᠢᠨ ᠠᠬᠢᠭᠤᠯᠵᠤ᠂ ᠳᠡᠭᠡᠳᠦ ᠳᠣᠣᠷᠠᠳᠤ ᠱᠠᠲᠤᠨ ᠤ ᠬᠠᠮᠵᠢᠯᠴᠠᠭ᠎ᠠ ᠶᠢ | ᠨᠢᠭᠲᠠᠷᠠᠭᠤᠯᠵᠤ᠂ ᠦᠨᠳᠦᠰᠦᠨ ᠱᠠᠲᠤᠨ ᠤ ᠡᠪᠡᠳᠴᠢᠨ ᠰᠡᠷᠭᠡᠶᠢᠯᠡᠨ ᠡᠪᠡᠳᠴᠢᠨ ᠵᠠᠰᠠᠬᠤ ᠪᠠ ᠡᠷᠡᠭᠦᠯ ᠮᠡᠨᠳᠤ ᠶᠢᠨ | ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ | 2. ᠶᠠᠰᠤ ᠴᠢᠨᠠᠷ ᠢ ᠳᠡᠭᠡᠭᠰᠢᠯᠡᠭᠦᠯᠵᠦ᠂ ᠲᠡᠩᠴᠡᠭᠦᠷᠢ ᠶᠢ ᠠᠬᠢᠭᠤᠯᠤᠨ᠎ᠠ᠃ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠵᠤ᠂ | ᠴᠢᠨᠠᠷ ᠰᠠᠶᠢᠲᠠᠢ ᠡᠮᠴᠢᠯᠡᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠥᠷᠭᠡᠳᠬᠡᠬᠦ ᠪᠠ ᠣᠷᠣᠨ ᠪᠦᠰᠡ ᠶᠢᠨ | ᠲᠡᠩᠴᠡᠭᠦᠷᠢᠲᠡᠢ ᠪᠠᠶᠢᠷᠢᠰᠢᠭᠤᠯᠤᠯᠲᠠ ᠶᠢ ᠲᠦᠷᠭᠡᠳᠬᠡᠨ᠂ ᠦᠨᠳᠦᠰᠦᠨ ᠡᠮᠴᠢᠯᠡᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠪ ᠭᠤᠥᠯᠴᠢ ᠴᠢᠨᠠᠷ ᠪᠠ ᠭᠥᠷᠳᠡᠵᠦ ᠪᠣᠯᠬᠤᠶᠢᠴᠠ ᠴᠢᠨᠠᠷ ᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ | ︵ᠬᠤᠶᠠᠷ︶ ᠠᠵᠢᠯ ᠤᠨ ᠬᠠᠷᠠᠯᠲᠠ | 1. ᠦᠢᠯᠡᠴᠢᠯᠡᠭᠡᠨ ᠤ ᠶᠠᠰᠤ ᠴᠢᠨᠠᠷ ᠪᠠ ᠰᠠᠭᠤᠷᠢ ᠮᠥᠩᠭᠦ ᠶᠢᠨ ᠳᠠᠭᠠᠭᠠᠬᠤ ᠴᠢᠳᠠᠪᠤᠷᠢ ᠶᠢ ᠦᠨᠡᠨᠬᠦ | ᠪᠠᠲᠤᠯᠠᠭᠰᠠᠨ ᠤᠷᠢᠲᠠᠯ ᠳᠣᠣᠷ᠎ᠠ᠂ ᠭᠡᠷ᠎ᠡ ᠲᠣᠭᠲᠠᠭᠰᠠᠨ ᠰᠠᠭᠤᠭᠠᠯᠢ ᠠᠷᠠᠳ ᠤᠨ ᠬᠠᠨᠤᠮᠵᠢ ᠶᠢᠨ ᠬᠡᠮᠵᠢᠶ᠎ᠡ᠂ | ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠦᠨ᠎ᠡ᠃ ᠭᠡᠷᠡᠲᠦ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ ᠶᠢ | ᠢᠳᠡᠪᠬᠢᠲᠡᠢ ᠥᠷᠭᠡᠳᠬᠡᠵᠦ᠂ 2023 ᠣᠨ ᠤ ᠡᠴᠦᠰ ᠲᠤ ᠭᠡᠷᠡᠲᠦ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ ᠶᠢ | 40% ᠠᠴᠠ ᠳᠡᠭᠡᠭᠰᠢ ᠳᠤ ᠬᠦᠷᠦᠭᠦᠯᠬᠦ ᠶᠢᠨ ᠬᠠᠮᠲᠤ ᠣᠲᠣ ᠶᠢᠨ ᠪᠠᠶᠢᠭ᠎ᠠ ᠦᠢᠯᠡᠴᠢᠯᠡᠭᠡᠨ ᠤ ᠬᠢᠷᠢ ᠲᠦᠪᠰᠢᠨ ᠤ | ᠰᠠᠭᠤᠷᠢᠨ ᠳᠡᠭᠡᠷ᠎ᠡ᠂ ᠪᠥᠬᠦ ᠬᠥᠮᠥᠰ ᠪᠠ ᠭᠤᠣᠯᠳᠠᠯᠭ᠎ᠠ ᠲᠠᠢ ᠬᠥᠮᠥᠰ ᠤᠨ ᠭᠡᠷᠡᠲᠦ ᠦᠢᠯᠡᠴᠢᠯᠡᠭᠡᠨ ᠤ ᠪᠦᠷᠬᠦᠴᠡ ᠶᠢᠨ | ᠨᠣᠷᠮ᠎ᠠ ᠶᠢ ᠵᠢᠯ ᠪᠦᠷᠢ 3 ︱5 ᠵᠠᠭᠤᠨ ᠤ ᠨᠢᠭᠡᠴᠢ ᠳᠡᠭᠡᠭᠰᠢᠯᠡᠭᠦᠯᠵᠦ᠂ ᠭᠡᠷ ᠪᠦᠯᠢ ᠳᠤ ᠨᠡᠶᠢᠳᠡᠮ ᠪᠦᠷᠬᠦᠭᠦᠯᠬᠦ ᠶᠢ | ᠠᠯᠬᠤᠮ ᠠᠯᠬᠤᠮ ᠢᠶᠠᠷ ᠪᠡᠶᠡᠯᠡᠭᠦᠯᠦᠨ᠎ᠡ᠃ | 2. ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡ ᠶᠢᠨ ᠬᠠᠷᠠᠯᠲᠠ ᠯᠤᠭ᠎ᠠ ᠬᠠᠷᠢᠯᠴᠠᠨ ᠲᠣᠬᠢᠷᠠᠯᠴᠠᠭᠰᠠᠨ | ᠬᠠᠮᠢᠶᠠᠷᠤᠯᠲᠠ ᠶᠢᠨ ᠬᠢᠨᠠᠨ ᠰᠢᠯᠭᠠᠬᠤ ᠳᠦᠷᠢᠮ ᠢ ᠪᠠᠶᠢᠭᠤᠯᠤᠨ᠎ᠠ᠃ ᠭᠡᠷ᠎ᠡ ᠲᠣᠭᠲᠠᠭᠰᠠᠨ ᠰᠠᠭᠤᠭᠠᠯᠢ ᠠᠷᠠᠳ ᠢᠶᠠᠷ | ᠬᠠᠮᠢᠶᠠᠷᠤᠯᠲᠠ ᠶᠢᠨ ᠡᠲᠡᠭᠡᠳ ᠢᠶᠠᠨ ᠪᠣᠯᠭᠠᠵᠤ᠂ ᠮᠡᠳᠡᠭᠡ ᠵᠠᠩᠭᠢᠵᠢᠯᠲᠠ ᠶᠢᠨ ᠮᠡᠷᠭᠡᠵᠢᠯ ᠤᠨ ᠠᠷᠭ᠎ᠠ ᠪᠠᠷᠢᠯ ᠳᠤ | ᠲᠦᠰᠢᠭᠯᠡᠨ᠂ ᠶᠠᠪᠤᠴᠠ ᠶᠢ ᠲᠡᠮᠳᠡᠭᠯᠡᠬᠦ ᠪᠠ ᠦᠷ᠎ᠡ ᠳ᠋ᠦᠩ ᠢ ᠬᠢᠨᠠᠨ ᠰᠢᠯᠭᠠᠬᠤ ᠲᠣᠭᠲᠠᠴᠠ ᠶᠢ ᠪᠠᠶᠢᠭᠤᠯᠵᠤ᠂ ᠭᠡᠷᠡᠲᠦ | ᠦᠢᠯᠡᠴᠢᠯᠡᠭᠡᠨ ᠤ ᠵᠠᠷᠤᠳᠠᠯ ᠢ ᠭᠡᠷ ᠪᠦᠯᠢ ᠶᠢᠨ ᠡᠮᠴᠢ ᠶᠢᠨ ᠪᠦᠲᠦᠮᠵᠢᠲᠡᠶ ᠵᠣᠷᠢᠭᠵᠢᠭᠤᠯᠤᠯ ᠪᠣᠯᠭᠠᠵᠤ᠂ ᠭᠡᠷ | ᠪᠦᠯᠢ ᠶᠢᠨ ᠡᠮᠴᠢ ᠭᠡᠷ᠎ᠡ ᠲᠣᠭᠲᠠᠭᠰᠠᠨ ᠰᠠᠭᠤᠭᠠᠯᠢ ᠠᠷᠠᠳ ᠲᠤ ᠪᠦᠲᠦᠮᠵᠢᠲᠡᠶ ᠡᠷᠡᠭᠦᠯ ᠮᠡᠨᠳᠦ ᠶᠢᠨ ᠬᠠᠮᠢᠶᠠᠷᠤᠯᠲᠠ | ᠬᠢᠬᠦ᠂ ᠡᠮᠬᠢ ᠵᠢᠷᠤᠮ ᠲᠠᠢ ᠣᠨᠣᠰᠢᠯᠠᠨ ᠡᠮᠨᠡᠵᠦ ᠦᠢᠯᠡᠴᠢᠯᠡᠬᠦ ᠪᠠ ᠡᠮᠴᠢᠯᠡᠭᠡᠨ ᠤ ᠵᠠᠷᠤᠳᠠᠯ ᠤᠨ ᠬᠠᠮᠢᠶᠠᠷᠤᠯᠲᠠ | ᠬᠢᠬᠦ ᠶᠢ ᠠᠬᠢᠭᠤᠯᠤᠨ᠂ ᠭᠡᠷ ᠪᠦᠯᠢ ᠶᠢᠨ ᠡᠮᠴᠢ ᠶᠢᠨ ᠦᠢᠯᠡᠴᠢᠯᠡᠭᠡᠨ ᠤ ᠰᠠᠨᠠᠭᠠᠴᠢᠯᠠᠭᠠᠲᠤ ᠴᠢᠨᠠᠷ ᠢ ᠳᠡᠭᠡᠭᠰᠢᠯᠡᠭᠦᠯᠵᠦ᠂ | ᠱᠠᠲᠤ ᠬᠤᠪᠢᠶᠠᠨ ᠣᠨᠣᠰᠢᠯᠠᠨ ᠡᠮᠨᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ | ᠬᠤᠶᠠᠷ᠂ ᠦᠢᠯᠡᠴᠢᠯᠡᠭᠡᠨ ᠤ ᠬᠠᠩᠭᠠᠯᠭ᠎ᠠ | ︵ᠨᠢᠭᠡ︶ ᠠᠵᠢᠯᠲᠠᠨ ᠤ ᠪᠦᠷᠢᠯᠳᠦᠯ | ᠭᠡᠷ ᠪᠦᠯᠢ ᠶᠢᠨ ᠡᠮᠴᠢ ᠳᠤ ᠶᠡᠷᠦᠩᠬᠡᠢ ᠰᠠᠯᠠᠭᠠᠨ ᠤ ᠡᠮᠴᠢ ᠪᠠᠶᠢᠬᠤ ᠪᠠᠷ ᠪᠠᠷᠠᠬᠤ ᠦᠭᠡᠢ ᠪᠠᠰᠠ ᠡᠮᠴᠢᠯᠡᠭᠡ | ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠠᠵᠢᠯ ᠡᠷᠬᠢᠯᠡᠵᠦ ᠪᠠᠶᠢᠭ᠎ᠠ ᠪᠤᠶᠤ ᠡᠪᠡᠳᠴᠢᠨ ᠡᠮᠭᠡᠭ ᠢ ᠰᠡᠷᠭᠡᠶᠢᠯᠡᠨ | ᠡᠵᠡᠮᠳᠡᠬᠦ ᠪᠠᠶᠢᠭᠤᠯᠤᠮᠵᠢ ᠶᠢᠨ ᠪᠤᠰᠤᠳ ᠲᠥᠷᠥᠯ ᠢᠯᠭᠠᠯ ᠤᠨ ᠡᠮᠴᠢᠯᠡᠭᠡᠨ ᠤ ᠡᠮᠴᠢ ﹇ ᠬᠢᠲᠠᠳ ︵ᠮᠣᠩᠭᠤᠯ︶ | ᠡᠮᠨᠡᠯᠭᠡ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠥᠷᠥᠯ ᠢᠯᠭᠠᠯ ᠢ ᠪᠠᠭᠲᠠᠭᠠᠨ᠎ᠠ﹈᠂ ᠬᠥᠳᠡᠭᠡ | ᠲᠣᠰᠬᠤᠨ ᠤ ᠡᠮᠴᠢ ᠵᠢᠴᠢ ᠠᠵᠢᠯ ᠠᠴᠠ ᠪᠠᠨ ᠠᠮᠠᠷᠠᠭᠰᠠᠨ ᠡᠮᠴᠢᠯᠡᠭᠡᠨ ᠤ ᠡᠮᠴᠢ ᠪᠠᠶᠢᠨ᠎ᠠ᠃ ᠡᠭᠦᠨ ᠤ ᠬᠠᠮᠲᠤ | ᠨᠥᠬᠦᠴᠡᠯ ᠳᠤ ᠨᠡᠶᠢᠴᠡᠬᠦ ᠬᠤᠶᠠᠳᠤᠭᠠᠷ᠂ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠶᠢᠨ ᠡᠮᠴᠢ ᠶᠢ | ᠬᠥᠲᠥᠯᠥᠨ ᠵᠢᠯᠤᠭᠤᠳᠴᠤ ᠪᠠᠶᠢᠭᠠᠳ ᠠᠵᠢᠯ ᠲᠥᠷᠥᠯ ᠢᠶᠠᠷ ᠳᠡᠮᠵᠢᠬᠦ᠂ ᠰᠠᠯᠠᠭ᠎ᠠ ᠲᠠᠰᠤᠭ ᠢ ᠬᠠᠮᠲᠤ ᠪᠠᠷ ᠪᠠᠶᠢᠭᠤᠯᠬᠤ | ᠂ ᠴᠢᠳᠠᠪᠤᠷᠢᠲᠠᠨ ᠢ ᠳᠣᠷᠣᠭᠰᠢ ᠪᠠᠭᠤᠯᠭᠠᠬᠤ᠂ ᠣᠯᠠᠨ ᠭᠠᠵᠠᠷ ᠠᠵᠢᠯ ᠡᠷᠭᠢᠯᠡᠬᠦ ᠵᠡᠷᠭᠡ ᠬᠡᠯᠪᠡᠷᠢ ᠪᠠᠷ ᠭᠡᠷ ᠪᠦᠯᠢ ᠶᠢᠨ | ᠡᠮᠴᠢ ᠶᠢᠨ ᠡᠩᠨᠡᠭᠡ ᠳᠤ ᠣᠷᠣᠭᠤᠯᠵᠤ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠪᠠᠷ ᠲᠠᠪᠴᠠᠩ ᠪᠣᠯᠭᠠᠨ ᠭᠡᠷᠡᠲᠦ ᠦᠢᠯᠡᠴᠢᠯᠡᠭᠡ ᠥᠷᠨᠢᠭᠦᠯᠦᠨ᠎ᠡ᠃ | ︵ᠬᠤᠶᠠᠷ︶ ᠦᠢᠯᠡᠴᠢᠯᠡᠭᠡᠨ ᠤ ᠲᠥᠷᠥᠯ ᠢᠯᠭᠠᠯ | ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡ ᠳᠤ ᠦᠨᠳᠦᠰᠦᠨ ᠡᠮᠴᠢᠯᠡᠭᠡ᠂ ᠦᠨᠳᠦᠰᠦᠨ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡ ᠶᠢ ᠬᠠᠮᠤᠷᠴᠤ᠂ | ᠰᠠᠭᠤᠭᠠᠯᠢ ᠠᠷᠠᠳ ᠤᠨ ᠣᠯᠠᠨ ᠲᠠᠰ ᠳᠠᠪᠬᠤᠷᠭ᠎ᠠ ᠶᠢᠨ ᠡᠷᠡᠭᠦᠯ ᠮᠡᠨᠳᠦ ᠶᠢᠨ ᠬᠡᠷᠡᠭᠴᠡᠭᠡ ᠱᠠᠭᠠᠷᠳᠠᠯᠭ᠎ᠠ ᠶᠢ | ᠬᠠᠩᠭᠠᠨ᠎ᠠ᠃ ᠭᠡᠷ᠎ᠡ ᠲᠣᠭᠲᠠᠭᠰᠠᠨ ᠰᠠᠭᠤᠭᠠᠯᠢ ᠠᠷᠠᠳ ᠲᠤᠭᠲᠠᠭᠰᠠᠨ ᠦᠨᠳᠦᠰᠦᠨ ᠱᠠᠲᠤᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠳᠤ ᠤᠷᠢᠳᠠᠪᠠᠷ ᠳᠥᠭᠦᠮ ᠳᠥᠲᠡ ᠦᠢᠯᠡᠴᠢᠯᠡᠭᠡ ᠶᠢ ᠬᠦᠷᠲᠡᠨ᠎ᠡ᠃ | ᠭᠤᠷᠪᠠ᠂ ᠭᠡᠷᠡᠲᠦ ᠦᠢᠯᠡᠴᠢᠯᠡᠭᠡᠨ ᠤ ᠬᠦᠷᠢᠶ᠎ᠡ ᠬᠡᠪᠴᠢᠶ᠎ᠡ | ︵ᠨᠢᠭᠡ︶ ᠭᠡᠷ᠎ᠡ ᠲᠣᠭᠲᠠᠬᠤ ᠭᠤᠣᠯ ᠴᠣᠭᠴᠠ᠄ ᠡᠯ᠎ᠡ ᠬᠤᠰᠢᠭᠤ ᠰᠢᠶᠠᠨ ᠲᠣᠭᠤᠷᠢᠭ ᠲᠤ ᠬᠠᠷᠢᠶᠠᠯᠠᠭᠳᠠᠬᠤ | ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠰᠢᠶᠠᠩ ᠪᠠᠯᠭᠠᠰᠤ ᠶᠢᠨ ᠡᠷᠡᠭᠦᠯ | ᠬᠠᠮᠠᠭᠠᠯᠠᠯ ᠤᠨ ᠬᠤᠷᠢᠶ᠎ᠠ᠃ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠰᠢᠶᠠᠩ | ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠠᠴᠠ ᠭᠡᠷ ᠪᠦᠯᠢ ᠶᠢᠨ ᠡᠮᠴᠢ ᠶᠢᠨ ᠦᠢᠯᠡᠴᠢᠯᠡᠭᠡᠨ ᠤ ᠪᠦᠯᠬᠦᠮ ᠢ | ᠵᠣᠬᠢᠶᠠᠨ ᠪᠠᠶᠢᠭᠤᠯᠵᠤ ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡᠨ ᠤ ᠠᠵᠢᠯ ᠢ ᠥᠷᠨᠢᠭᠦᠯᠵᠦ᠂ ᠨᠢᠭᠡ | ᠦᠢᠯᠡᠴᠢᠯᠡᠭᠡᠨ ᠤ ᠪᠦᠯᠬᠦᠮ ᠨᠢ ᠡᠩ ᠤᠨ ᠪᠠᠶᠢᠳᠠᠯ ᠳᠤ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ | ᠡᠮᠴᠢᠯᠡᠭᠡᠨ ᠤ ᠪᠠᠶᠢᠭᠤᠯᠤᠮᠵᠢ ᠶᠢᠨ ᠲᠤᠰᠬᠠᠢ ᠰᠠᠯᠠᠭ᠎ᠠ ᠶᠢᠨ ᠡᠮᠴᠢ᠂ ᠨᠡᠶᠢᠭᠡᠮ ᠲᠣᠭᠤᠷᠢᠭ ᠤᠨ ᠶᠡᠷᠦᠩᠬᠡᠢ | ᠰᠠᠯᠠᠭ᠎ᠠ ᠶᠢᠨ ᠡᠮᠴᠢ᠂ ᠨᠡᠶᠢᠭᠡᠮ ᠲᠣᠭᠤᠷᠢᠭ ᠤᠨ ᠰᠤᠪᠢᠯᠠᠭᠴᠢ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠵᠦᠪᠯᠡᠭᠴᠢ 4 ᠠᠴᠠ ᠳᠡᠭᠡᠭᠰᠢ ᠬᠦᠮᠦᠨ ᠢᠶᠠᠷ ᠪᠦᠷᠢᠯᠳᠦᠨ᠎ᠡ᠃ | ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠶᠢᠨ ᠲᠤᠰᠬᠠᠢ | ᠰᠠᠯᠠᠭᠠᠨ ᠤ ᠡᠮᠴᠢ ᠶᠢ ᠤᠷᠢᠳᠠᠪᠠᠷ ᠡᠮᠴᠢᠯᠡᠭᠡᠨ ᠤ ᠬᠤᠯᠪᠣᠭᠠᠲᠤ ᠴᠣᠭᠴᠠ ᠶᠢᠨ ᠳᠣᠲᠣᠷᠠᠬᠢ ᠬᠤᠶᠠᠳᠤᠭᠠᠷ ᠳᠡᠰ ᠠᠴᠠ | ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠠᠴᠠ ᠭᠠᠷᠭᠠᠵᠤ᠂ ᠨᠡᠶᠢᠲᠡ ᠶᠢᠨ ᠡᠷᠡᠭᠦᠯ ᠬᠠᠮᠠᠭᠠᠯᠠᠯ ᠤᠨ ᠡᠮᠴᠢ ᠶᠢ | ᠬᠤᠰᠢᠭᠤ ᠰᠢᠶᠠᠨ ᠲᠣᠭᠤᠷᠢᠭ ᠵᠢᠴᠢ ᠲᠡᠭᠦᠨ ᠠᠴᠠ ᠳᠡᠭᠡᠭᠰᠢᠬᠢ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ | ᠪᠠᠶᠢᠭᠤᠯᠤᠮᠵᠢ ᠠᠴᠠ ᠭᠠᠷᠭᠠᠵᠤ᠂ ᠰᠣᠩᠭᠤᠨ ᠭᠠᠷᠭᠠᠭᠰᠠᠨ ᠲᠤᠰᠬᠠᠢ ᠮᠡᠷᠭᠡᠵᠢᠯ ᠤᠨ ᠡᠮᠴᠢ ᠵᠢᠴᠢ ᠨᠡᠶᠢᠲᠡ ᠶᠢᠨ | ᠡᠷᠡᠭᠦᠯ ᠬᠠᠮᠠᠭᠠᠯᠠᠯ ᠤᠨ ᠡᠮᠴᠢ ᠰᠠᠭᠤᠭ᠎ᠠ ᠭᠠᠵᠠᠷ ᠲᠠᠢ ᠪᠠᠨ ᠤᠶᠠᠯᠳᠤᠭᠤᠯᠤᠨ ᠨᠡᠶᠢᠭᠡᠮ ᠲᠣᠭᠤᠷᠢᠭ ᠤᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠭᠡᠷ ᠪᠦᠯᠢ ᠶᠢᠨ ᠡᠮᠴᠢ ᠶᠢᠨ ᠦᠢᠯᠡᠴᠢᠯᠡᠭᠡᠨ ᠤ ᠪᠦᠯᠬᠦᠮ ᠳᠤ ᠣᠷᠣᠵᠤ᠂ | ᠲᠤᠰᠬᠠᠢ ᠮᠡᠷᠭᠡᠵᠢᠯ ᠤᠨ ᠡᠮᠴᠢ ᠪᠤᠶᠤ ᠨᠡᠶᠢᠲᠡ ᠶᠢᠨ ᠡᠷᠡᠭᠦᠯ ᠬᠠᠮᠠᠭᠠᠯᠠᠯ ᠤᠨ ᠡᠮᠴᠢ ᠨᠢᠭᠡᠪᠦᠷᠢ ᠲᠤᠰᠬᠠᠢ | ᠮᠡᠷᠭᠡᠵᠢᠯ ᠢᠶᠠᠨ ᠦᠨᠳᠦᠰᠦᠯᠡᠨ 1 ᠵᠢᠴᠢ ᠲᠡᠭᠦᠨ ᠠᠴᠠ ᠳᠡᠭᠡᠭᠰᠢᠬᠢ ᠭᠡᠷ ᠪᠦᠯᠢ ᠶᠢᠨ ᠡᠮᠴᠢ ᠶᠢᠨ ᠦᠢᠯᠡᠴᠢᠯᠡᠭᠡᠨ ᠤ | ᠪᠦᠯᠬᠦᠮ ᠳᠤ ᠣᠷᠣᠵᠤ ᠪᠣᠯᠣᠨ᠎ᠠ᠃ | ᠨᠡᠶᠢᠭᠡᠮ ᠲᠣᠭᠤᠷᠢᠭ ᠤᠨ ᠶᠡᠷᠦᠩᠬᠡᠢ ᠰᠠᠯᠠᠭᠠᠨ ᠤ ᠡᠮᠴᠢ᠂ ᠨᠡᠶᠢᠭᠡᠮ ᠲᠣᠭᠤᠷᠢᠭ ᠤᠨ ᠰᠤᠪᠢᠯᠠᠭᠴᠢ᠂ ᠤᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠵᠦᠪᠯᠡᠭᠴᠢ ᠶᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠪ ᠠᠴᠠ ᠭᠡᠷ ᠪᠦᠯᠢ ᠶᠢᠨ ᠡᠮᠴᠢ ᠶᠢᠨ ᠦᠢᠯᠡᠴᠢᠯᠡᠭᠡᠨ ᠤ ᠪᠦᠯᠬᠦᠮ ᠨᠢᠭᠡᠪᠦᠷᠢ ᠶᠢᠨ | ᠦᠢᠯᠡᠴᠢᠯᠡᠭᠡᠨ ᠤ ᠬᠡᠪᠴᠢᠶ᠎ᠡ ᠶᠢ ᠦᠨᠳᠦᠰᠦᠯᠡᠨ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠪ ︵ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ︶ ᠪᠠ ᠨᠡᠶᠢᠭᠡᠮ | ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠷᠳᠡᠭᠡ ︵ᠲᠣᠰᠬᠤᠨ ᠤ ᠡᠷᠡᠭᠦᠯ ᠬᠠᠮᠠᠭᠠᠯᠠᠯ ᠤᠨ | ᠲᠠᠰᠤᠭ︶ ᠠᠴᠠ ᠭᠠᠷᠭᠠᠨ᠎ᠠ᠃ | ︵ᠬᠤᠶᠠᠷ︶ ᠭᠡᠷ᠎ᠡ ᠲᠤᠭᠲᠠᠬᠤ ᠰᠠᠭᠤᠭᠠᠯᠢ ᠠᠷᠠᠳ᠄ ᠡᠯ᠎ᠡ ᠬᠤᠰᠢᠭᠤ ᠰᠢᠶᠠᠨ ᠲᠣᠭᠤᠷᠢᠭ ᠤᠨ ᠬᠠᠷᠢᠶ᠎ᠠ | ᠣᠷᠣᠨ ᠤ ᠬᠡᠪᠴᠢᠶᠡᠨ ᠳᠠᠬᠢ ᠪᠠᠶᠢᠩᠭᠤ ᠰᠠᠭᠤᠭ᠎ᠠ ᠰᠠᠭᠤᠭᠠᠯᠢ ᠠᠷᠠᠳ᠃ ︵ᠬᠠᠷᠢᠭᠤᠴᠠᠯᠭᠠᠲᠤ ᠨᠢᠭᠡᠴᠢ᠄ | ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | ᠳᠥᠷᠪᠡ᠂ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠤᠯᠭ᠎ᠠ ᠶᠢᠨ ᠲᠡᠮᠵᠢᠯᠭᠡ | ︵ᠨᠢᠭᠡ︶ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠭᠰᠠᠨ ᠲᠤᠭᠲᠠᠭᠰᠠᠨ ᠦᠨᠳᠦᠰᠦᠨ ᠱᠠᠲᠤᠨ ᠤ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠪᠠ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢᠨ ᠨᠢᠭᠡᠳᠦᠯᠲᠡᠢ | ᠲᠦᠯᠦᠪᠵᠢᠬᠦᠯᠬᠦ ᠦᠢᠯᠡᠴᠢᠯᠡᠭᠡᠨ ᠤ ᠬᠡᠪᠴᠢᠶᠡᠨ ᠳᠤ ᠣᠷᠤᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ︶ | ︵ᠬᠤᠶᠠᠷ︶ ᠭᠡᠷ᠎ᠡ ᠲᠤᠭᠲᠠᠵᠤ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ ᠭᠡᠷ ᠪᠦᠯᠢ ᠶᠢᠨ | ᠡᠮᠴᠢ ᠶᠢᠨ ᠭᠡᠷ᠎ᠡ ᠲᠣᠭᠲᠠᠭᠰᠠᠨ ᠲᠤᠭᠲᠠᠭᠰᠠᠨ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠳᠤ ᠡᠭᠦᠰᠬᠦ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠡᠮᠴᠢᠯᠡᠭᠡᠨ ᠤ ᠵᠠᠷᠤᠳᠠᠯ ᠢ | ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠪᠤᠶᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠦᠯᠦᠪᠵᠢᠬᠦᠯᠦᠨ ᠲᠦᠯᠦᠬᠦ ᠬᠡᠪᠴᠢᠶᠡᠨ ᠳᠤ | ᠣᠷᠣᠭᠤᠯᠤᠨ᠎ᠠ᠃ ᠡᠬᠢᠯᠡᠵᠦ ᠲᠣᠭᠠᠴᠠᠭ᠎ᠠ ᠬᠢᠬᠦ ᠱᠤᠭᠤᠮ᠂ ᠲᠠᠩᠰᠠ ᠲᠠᠶᠢᠯᠬᠤ ᠬᠠᠷᠢᠴᠠᠯ ᠢ ᠲᠣᠰ ᠲᠣᠰ ᠠᠵᠢᠯᠲᠠᠨ | ᠠᠵᠢᠯᠴᠢᠨ ᠤ ᠡᠮᠴᠢᠯᠡᠭᠡᠨ ᠤ ᠳᠠᠭᠠᠳᠬᠠᠯ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ | ᠳᠠᠭᠠᠳᠬᠠᠯ ᠤᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠦᠯᠦᠪᠵᠢᠬᠦᠯᠬᠦ ᠲᠥᠷᠥ ᠶᠢᠨ ᠪᠣᠳᠣᠯᠭ᠎ᠠ ᠶᠢᠨ ᠶᠣᠰᠣᠭᠠᠷ | ᠬᠡᠷᠡᠭᠵᠢᠭᠦᠯᠵᠦ᠂ ᠲᠦᠯᠦᠬᠦ ᠵᠣᠭᠤᠰ ᠤᠨ ᠲᠤᠭ᠎ᠠ ᠶᠢ ᠬᠠᠷᠠᠭᠠᠯᠵᠠᠭᠰᠠᠨ ᠠᠵᠢᠯᠲᠠᠨ ᠠᠵᠢᠯᠴᠢᠨ ᠤ ᠡᠮᠴᠢᠯᠡᠭᠡᠨ ᠤ | ᠳᠠᠭᠠᠳᠬᠠᠯ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠡᠭᠦᠳᠡᠨ | ᠡᠮᠨᠡᠯᠭᠡ ᠶᠢᠨ ᠨᠢᠭᠡᠳᠦᠯᠲᠡᠢ ᠲᠦᠯᠦᠪᠵᠢᠬᠦᠯᠬᠦ ᠣᠨ ᠤ ᠬᠠᠮᠤᠭ ᠤᠨ ᠦᠨᠳᠦᠷ ᠵᠣᠭᠤᠰ ᠤᠨ ᠲᠤᠭ᠎ᠠ ᠳᠤ | ᠣᠷᠤᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ︶ | ︵ᠭᠤᠷᠪᠠ︶ ᠬᠤᠶᠠᠷ᠂ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠶᠢᠨ ᠡᠮᠴᠢ ᠭᠡᠷ᠎ᠡ ᠲᠣᠭᠲᠠᠭᠰᠠᠨ | ᠲᠤᠭᠲᠠᠭᠰᠠᠨ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠬᠦᠷᠴᠦ ᠣᠨᠣᠰᠢᠯᠠᠨ | ᠪᠠᠶᠢᠴᠠᠭᠠᠬᠤ ᠰᠦᠢᠳᠭᠡᠯ ᠤᠨ ᠪᠠᠷᠢᠮᠵᠢᠶ᠎ᠠ ᠶᠢ ᠲᠣᠮᠢᠯᠠᠭᠰᠠᠨ ᠡᠮᠨᠡᠯᠭᠡ ᠶᠢᠨ ᠬᠤᠷᠢᠶ᠎ᠠ ᠶᠢᠨ ᠪᠠᠷᠢᠮᠵᠢᠶ᠎ᠠ ᠪᠠᠷ ᠯᠠᠪᠯᠠᠯᠲᠠ | ᠪᠣᠯᠭᠠᠨ ᠬᠡᠷᠡᠭᠵᠢᠭᠦᠯᠦᠨ᠎ᠡ ︵ᠣᠨᠴᠠ ᠬᠡᠷᠡᠭᠴᠡᠭᠡᠨ ᠤ ᠲᠥᠷᠥᠯ ᠪᠠᠭᠲᠠᠬᠤ ᠦᠭᠡᠢ︶᠃ ︵ᠬᠠᠷᠢᠭᠤᠴᠠᠯᠭᠠᠲᠤ | ᠨᠢᠭᠡᠴᠢ᠄ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ︶ | ︵ᠳᠥᠷᠪᠡ︶ ᠮᠠᠨ ᠤ ᠬᠤᠲᠠ ᠶᠢᠨ 11 ᠵᠦᠢᠯ ᠤᠨ ᠡᠭᠦᠳᠡᠨ ᠡᠮᠨᠡᠯᠭᠡ ᠶᠢᠨ ᠣᠨᠣᠰᠢᠯᠠᠨ ᠪᠠᠶᠢᠴᠠᠭᠠᠬᠤ | ᠰᠦᠢᠳᠭᠡᠯ ᠤᠨ ᠲᠣᠭᠲᠠᠭᠰᠠᠨ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠠᠬᠢ | ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠬᠤ ᠬᠠᠷᠢᠴᠠᠯ ᠢ ᠤᠤᠯ ᠤᠨ 80% ᠪᠠᠶᠢᠭᠰᠠᠨ ᠠᠴᠠ | 100% ᠪᠣᠯᠭᠠᠨ ᠲᠣᠬᠢᠷᠠᠭᠤᠯᠵᠤ᠂ ᠡᠬᠢᠯᠡᠵᠦ ᠲᠥᠯᠥᠬᠦ ᠱᠤᠭᠤᠮ ᠭᠠᠷᠭᠠᠬᠤ ᠦᠭᠡᠢ᠃ ︵ᠬᠠᠷᠢᠭᠤᠴᠠᠯᠭᠠᠲᠤ | ᠨᠢᠭᠡᠴᠢ᠄ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ︶ | ︵ᠲᠠᠪᠤ︶ ᠲᠤᠭᠲᠠᠭᠰᠠᠨ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠦᠨᠳᠦᠰᠦᠨ ᠡᠮᠴᠢᠯᠡᠭᠡᠨ ᠤ ᠳᠠᠭᠠᠳᠬᠠᠯ ᠤᠨ ︽ᠡᠮ ᠤᠨ ᠵᠦᠢᠯ ᠤᠨ ᠭᠠᠷᠴᠠᠭ︾ ᠤᠨ ᠡᠮ ᠢ ᠪᠡᠯᠡᠳᠬᠡᠬᠦ ᠨᠣᠷᠮ᠎ᠠ ᠶᠢ | ᠳᠡᠭᠡᠭᠰᠢᠯᠡᠭᠦᠯᠬᠦ ᠶᠢ ᠵᠣᠷᠢᠭᠵᠢᠭᠤᠯᠵᠤ᠂ ᠭᠡᠷ᠎ᠡ ᠲᠣᠭᠲᠠᠭᠰᠠᠨ ᠰᠠᠭᠤᠭᠠᠯᠢ ᠠᠷᠠᠳ ᠤᠨ ᠡᠮ ᠬᠡᠷᠡᠭᠯᠡᠬᠦ ᠬᠡᠷᠡᠭᠴᠡᠭᠡ | ᠱᠠᠭᠠᠷᠳᠠᠯᠭ᠎ᠠ ᠶᠢ ᠪᠠᠲᠤᠯᠠᠨ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ | ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠲᠠᠢ ᠵᠣᠬᠢᠴᠠᠭᠤᠯᠵᠤ ᠪᠠᠶᠢᠭᠠᠳ ᠲᠤᠭᠲᠠᠭᠰᠠᠨ ᠦᠨᠳᠦᠰᠦᠨ | ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠮ ᠤᠨ ᠰᠤᠳᠤᠯᠤᠯ ᠤᠨ ᠡᠭᠦᠳᠡᠨ ᠡᠮᠨᠡᠯᠭᠡ ᠶᠢᠨ | ᠣᠨᠣᠰᠢᠯᠠᠨ ᠪᠠᠶᠢᠴᠠᠭᠠᠬᠤ ᠵᠠᠷᠤᠳᠠᠯ ᠢ ᠡᠮᠴᠢᠯᠡᠭᠡᠨ ᠤ ᠳᠠᠭᠠᠳᠬᠠᠯ ᠤᠨ ᠲᠥᠯᠥᠬᠦ ᠬᠡᠪᠴᠢᠶᠡᠨ ᠳᠤ ᠣᠷᠣᠭᠤᠯᠬᠤ ᠶᠢ | ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ︶ | ︵ᠵᠢᠷᠭᠤᠭ᠎ᠠ︶ ᠣᠨᠣᠰᠢᠯᠠᠯᠲᠠ ᠨᠢ ᠲᠣᠳᠣᠷᠬᠠᠢ᠂ ᠡᠪᠡᠳᠴᠢᠨ ᠤ ᠪᠠᠶᠢᠳᠠᠯ ᠨᠢ ᠲᠣᠭᠲᠠᠭᠤᠨ᠂ ᠡᠮᠴᠢ | ᠰᠤᠪᠢᠯᠠᠭᠴᠢ ᠲᠣᠭᠲᠠᠮᠠᠯ ᠬᠤᠭᠤᠴᠠᠭ᠎ᠠ ᠲᠠᠢ ᠪᠠᠷ ᠭᠡᠷ ᠲᠤᠨᠢ ᠬᠦᠷᠴᠦ ᠡᠮᠨᠡᠨ ᠵᠠᠰᠠᠬᠤ ᠪᠠ ᠰᠤᠪᠢᠯᠠᠬᠤ ᠳᠤ ᠲᠣᠬᠢᠷᠠᠬᠤ | ᠭᠡᠷ᠎ᠡ ᠲᠣᠭᠲᠠᠭᠰᠠᠨ ᠰᠠᠭᠤᠭᠠᠯᠢ ᠠᠷᠠᠳ ᠲᠤ ᠭᠡᠷ ᠪᠦᠯᠢ ᠶᠢᠨ ᠡᠪᠡᠳᠴᠢᠲᠡᠨ ᠤ ᠣᠷᠣ ᠶᠢᠨ ᠡᠮᠴᠢᠯᠡᠭᠡᠨ ᠤ | ᠳᠠᠭᠠᠳᠬᠠᠯ ᠠᠴᠠ ᠳ᠋ᠦᠩᠨᠡᠨ ᠪᠤᠳᠤᠬᠤ ᠶᠢ ᠰᠦᠪᠡᠭᠴᠢᠯᠡᠨ ᠥᠷᠨᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ | ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ︶ | ᠲᠠᠪᠤ᠂ ᠭᠡᠷᠡᠲᠦ ᠦᠢᠯᠡᠴᠢᠯᠡᠭᠡᠨ ᠤ ᠰᠦᠢᠳᠭᠡᠯ ᠢ ᠲᠦᠯᠦᠬᠦ ᠡᠲᠡᠭᠡᠳ ᠵᠢᠴᠢ ᠪᠠᠷᠢᠮᠵᠢᠶ᠎ᠠ | ᠭᠡᠷᠡᠲᠦ ᠦᠢᠯᠡᠴᠢᠯᠡᠭᠡᠨ ᠤ ᠰᠦᠢᠳᠬᠡᠯ ᠪᠣᠯ ᠭᠡᠷ ᠪᠦᠯᠢ ᠶᠢᠨ ᠡᠮᠴᠢ ᠰᠠᠭᠤᠭᠠᠯᠢ ᠠᠷᠠᠳ ᠲᠠᠢ ᠭᠡᠷᠡᠲᠦ | ᠦᠢᠯᠡᠴᠢᠯᠡᠭᠡᠨ ᠤ ᠬᠠᠷᠢᠴᠠᠭ᠎ᠠ ᠪᠠᠶᠢᠭᠤᠯᠤᠨ᠂ ᠵᠣᠬᠢᠬᠤ ᠦᠢᠯᠡᠴᠢᠯᠡᠭᠡᠨ ᠤ ᠬᠠᠷᠢᠭᠤᠴᠠᠯᠭ᠎ᠠ ᠶᠢ ᠭᠦᠢᠴᠡᠳᠭᠡᠵᠦ᠂ | ᠡᠮᠴᠢᠯᠡᠭᠡᠨ ᠤ ᠦᠢᠯᠡᠴᠢᠯᠡᠭᠡ᠂ ᠡᠷᠡᠭᠦᠯ ᠮᠡᠨᠳᠦ ᠶᠢᠨ ᠦᠢᠯᠡᠴᠢᠯᠡᠭᠡ ᠵᠢᠴᠢ ᠪᠤᠰᠤᠳ ᠴᠢᠬᠤᠯᠠ ᠪᠦᠬᠦᠢ ᠠᠷᠠᠳ ᠲᠤ | ᠲᠥᠬᠦᠮ ᠦᠵᠡᠭᠦᠯᠬᠦ ᠦᠢᠯᠡᠴᠢᠯᠡᠭᠡ ᠬᠠᠩᠭᠠᠬᠤ ᠨᠡᠶᠢᠲᠡ ᠵᠠᠷᠤᠳᠠᠯ ᠪᠣᠯᠤᠨ᠎ᠠ᠂ ᠡᠮᠴᠢᠯᠡᠭᠡᠨ ᠤ ᠳᠠᠭᠠᠳᠬᠠᠯ ᠤᠨ | ᠰᠠᠭᠤᠷᠢ ᠮᠥᠩᠭᠦ᠂ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠵᠠᠷᠤᠳᠠᠯ ᠪᠠ ᠭᠡᠷ᠎ᠡ | ᠲᠣᠭᠲᠠᠭᠰᠠᠨ ᠰᠠᠭᠤᠭᠠᠯᠢ ᠠᠷᠠᠳ ᠬᠠᠮᠲᠤᠪᠠᠷ ᠡᠭᠦᠷᠭᠡᠯᠡᠨ᠎ᠡ᠃ | ︵ᠨᠢᠭᠡ︶ ᠭᠡᠷᠡᠲᠦ ᠦᠢᠯᠡᠴᠢᠯᠡᠭᠡᠨ ᠤ ᠰᠦᠢᠳᠬᠡᠯ ᠢ ᠥᠭᠬᠦ ᠡᠲᠡᠭᠡᠳ ᠨᠢ ᠬᠥᠬᠡᠬᠤᠲᠠ ᠶᠢᠨ ᠦᠨᠳᠦᠰᠦᠨ | ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠭᠡᠷ᠎ᠡ ᠲᠣᠭᠲᠠᠭᠰᠠᠨ ᠰᠠᠭᠤᠭᠠᠯᠢ ᠠᠷᠠᠳ ᠪᠣᠯᠣᠨ᠎ᠠ᠃ ᠡᠭᠦᠨ ᠳᠤ | 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ︵65 ᠨᠠᠰᠤ ᠪᠠᠭᠲᠠᠨ᠎ᠠ︶᠂ ᠵᠢᠷᠮᠦᠰᠦᠨ ᠡᠮᠡᠭᠲᠡᠢ ᠬᠥᠩᠭᠡᠵᠢᠭᠰᠡᠨ | ᠡᠮᠡᠭᠲᠡᠢ᠂ 0 ︱ 6 ᠨᠠᠰᠤᠨ ᠤ ᠬᠡᠦᠬᠡᠳ᠂ ᠵᠡᠮᠳᠡᠭᠴᠦᠳ᠂ ᠶᠠᠳᠠᠭᠤ ᠠᠴᠠ ᠠᠩᠭᠢᠵᠢᠷᠠᠭᠰᠠᠨ ᠬᠥᠮᠥᠨ᠂ | ᠲᠥᠯᠥᠪᠯᠡᠭᠡᠲᠦ ᠦᠷᠡᠵᠢᠯ ᠤᠨ ᠣᠨᠴᠠᠭᠠᠢ ᠭᠡᠷ ᠪᠦᠯᠢ ᠶᠢᠨ ᠪᠦᠷᠢᠯᠳᠦᠭᠦᠨ᠂ ᠴᠢᠰᠤᠨ ᠳᠠᠷᠤᠯᠲᠠ ᠥᠨᠳᠥᠷ᠂ ᠰᠢᠬᠢᠷ | ᠰᠢᠵᠢᠩ ᠡᠪᠡᠳᠴᠢᠨ᠂ ᠰᠦᠷᠢᠶ᠎ᠡ ᠡᠪᠡᠳᠴᠢᠨ ᠪᠠ ᠬᠦᠨᠳᠦ ᠨᠣᠴᠢᠲᠠᠢ ᠣᠶᠤᠨ ᠮᠡᠳᠡᠷᠡᠯ ᠤᠨ ᠰᠠᠭᠠᠳ ᠲᠠᠢ | ᠡᠪᠡᠳᠴᠢᠲᠡᠨ ᠵᠡᠷᠭᠡ ᠶᠢ ᠭᠡᠷᠡᠲᠦ ᠦᠢᠯᠡᠴᠢᠯᠡᠭᠡ ᠶᠢᠨ ᠭᠤᠣᠯᠳᠠᠯᠭ᠎ᠠ ᠲᠠᠢ ᠬᠥᠮᠥᠰ ᠪᠣᠯᠭᠠᠨ᠎ᠠ᠃ ︵ᠬᠠᠷᠢᠭᠤᠴᠠᠯᠭᠠᠲᠤ | ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮᠴᠢᠯᠡᠭᠡᠨ ᠤ ᠪᠠᠲᠤᠯᠠᠭ᠎ᠠ ᠶᠢᠨ | ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ︵ᠬᠤᠶᠠᠷ︶ ᠭᠡᠷᠡᠲᠦ ᠦᠢᠯᠡᠴᠢᠯᠡᠭᠡᠨ ᠤ ᠵᠠᠷᠤᠳᠠᠯ ᠢ ᠲᠥᠯᠥᠬᠦ ᠡᠲᠡᠭᠡᠳ ᠶᠣᠰᠣᠭᠠᠷ᠂ ᠭᠤᠣᠯᠳᠠᠯᠭ᠎ᠠ ᠲᠠᠢ | ᠪᠤᠰᠤ ᠬᠥᠮᠥᠰ ᠬᠥᠮᠥᠨ ᠪᠦᠷᠢ ᠵᠢᠯ ᠳᠤ 55 ᠲᠥᠭᠦᠷᠢᠭ ᠲᠦᠯᠦᠨ᠎ᠡ᠂ ᠡᠭᠦᠨ ᠳᠤ ᠡᠮᠴᠢᠯᠡᠭᠡᠨ ᠤ ᠳᠠᠭᠠᠳᠬᠠᠯ ᠤᠨ | ᠰᠠᠭᠤᠷᠢ ᠮᠥᠩᠭᠦ ᠠᠴᠠ 20 ᠲᠥᠭᠦᠷᠢᠭ ᠲᠦᠯᠦᠵᠦ᠂ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠵᠠᠷᠤᠳᠠᠯ ᠠᠴᠠ 30 ᠲᠥᠭᠦᠷᠢᠭ ᠲᠦᠯᠦᠵᠦ᠂ ᠭᠡᠷ᠎ᠡ ᠲᠣᠭᠲᠠᠭᠰᠠᠨ ᠰᠠᠭᠤᠭᠠᠯᠢ ᠠᠷᠠᠳ 5 | ᠲᠥᠭᠦᠷᠢᠭ ᠲᠦᠯᠦᠨ᠎ᠡ︔ ᠭᠤᠣᠯᠳᠠᠯᠭ᠎ᠠ ᠲᠠᠢ ᠬᠥᠮᠥᠰ ᠬᠥᠮᠥᠨ ᠪᠦᠷᠢ ᠵᠢᠯ ᠳᠤ 150 ᠲᠥᠭᠦᠷᠢᠭ ᠲᠦᠯᠦᠨ᠎ᠡ᠂ | ᠡᠭᠦᠨ ᠳᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠠᠴᠠ 110 ᠲᠥᠭᠦᠷᠢᠭ ᠲᠦᠯᠦᠵᠦ᠂ ᠦᠨᠳᠦᠰᠦᠨ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠵᠠᠷᠤᠳᠠᠯ ᠠᠴᠠ 30 ᠲᠥᠭᠦᠷᠢᠭ ᠲᠦᠯᠦᠵᠦ᠂ ᠭᠡᠷ᠎ᠡ | ᠲᠣᠭᠲᠠᠭᠰᠠᠨ ᠰᠠᠭᠤᠭᠠᠯᠢ ᠠᠷᠠᠳ 10 ᠲᠥᠭᠦᠷᠢᠭ ᠲᠦᠯᠦᠨ᠎ᠡ᠃ ᠡᠬᠢᠯᠡᠭᠦᠯᠦᠭᠰᠡᠨ ᠡᠮᠦᠨᠡᠬᠢ ᠭᠤᠷᠪᠠᠨ ᠵᠢᠯ ︵ | 2023 ᠣᠨ ︱ 2025 ᠣᠨ︶ ᠳᠤ ᠭᠡᠷ᠎ᠡ ᠲᠣᠭᠲᠠᠭᠰᠠᠨ ᠰᠠᠭᠤᠭᠠᠯᠢ ᠠᠷᠠᠳ ᠭᠡᠷᠡᠲᠦ ᠦᠢᠯᠡᠴᠢᠯᠡᠭᠡᠨ ᠤ | ᠰᠦᠢᠳᠬᠡᠯ ᠢ ᠲᠦᠷ ᠲᠥᠯᠥᠬᠦ ᠦᠭᠡᠢ᠃ ᠡᠭᠦᠨ ᠤ ᠬᠠᠮᠲᠤ ᠭᠤᠣᠯᠳᠠᠯᠭ᠎ᠠ ᠲᠠᠢ ᠬᠥᠮᠥᠰ ᠤᠨ ᠭᠡᠷ᠎ᠡ | ᠲᠣᠭᠲᠠᠬᠤ ᠶᠢ ᠬᠠᠮᠤᠷᠬᠤ ᠬᠢᠷᠢ ᠲᠦᠪᠰᠢᠨ ᠢ ᠪᠣᠳᠤᠯᠬᠢᠯᠠᠵᠤ᠂ 2023 ᠣᠨ ᠤ ᠡᠴᠦᠰ ᠲᠤ᠂ ᠭᠤᠣᠯᠳᠠᠯᠭ᠎ᠠ ᠲᠠᠢ | ᠬᠥᠮᠥᠰ ᠤᠨ ᠭᠡᠷᠡᠲᠦ ᠦᠢᠯᠡᠴᠢᠯᠡᠭᠡ ᠶᠢᠨ ᠬᠠᠮᠤᠷᠬᠤ ᠨᠣᠷᠮ᠎ᠠ ᠶᠢ 78 % ᠠᠴᠠ ᠳᠣᠥᠷᠠ ᠦᠭᠡᠢ ᠪᠣᠯᠭᠠᠨ᠎ᠠ᠃ ᠭᠡᠷ᠎ᠡ | ᠲᠣᠭᠲᠠᠭᠰᠠᠨ ᠰᠠᠭᠤᠭᠠᠯᠢ ᠠᠷᠠᠳ ᠤᠨ ᠲᠤᠭ᠎ᠠ ᠪᠠ ᠭᠤᠣᠯᠳᠠᠯᠭ᠎ᠠ ᠲᠠᠢ ᠬᠥᠮᠥᠰ ᠤᠨ ᠲᠤᠭ᠎ᠠ ᠶᠢ ᠬᠢᠨᠠᠨ | ᠲᠣᠭᠲᠠᠭᠠᠬᠤ ᠳᠤ ᠭᠡᠷ᠎ᠡ ᠲᠣᠭᠲᠠᠭᠰᠠᠨ ᠬᠡᠯᠡᠯᠴᠡᠭᠡᠷ ᠤᠨ ᠪᠢᠴᠢᠭ ᠢᠶᠠᠷ ᠪᠠᠷᠢᠮᠵᠢᠶ᠎ᠠ ᠪᠣᠯᠭᠠᠵᠤ᠂ ᠰᠠᠭᠤᠭᠠᠯᠢ | ᠠᠷᠠᠳ ᠤᠨ ᠡᠯᠧᠺᠲᠷᠣᠨ ᠡᠷᠡᠭᠦᠯ ᠮᠡᠨᠳᠦ ᠶᠢᠨ ᠲᠠᠩᠰᠠ ᠡᠪᠬᠡᠮᠡᠯ ᠤᠨ ᠬᠥᠮᠥᠷᠭᠡ ᠪᠠᠷ ᠰᠠᠭᠤᠷᠢ ᠪᠣᠯᠭᠠᠵᠤ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠠᠴᠠ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠲᠠᠢ | ᠬᠠᠮᠲᠤᠷᠠᠨ ᠭᠡᠷᠡᠲᠦ ᠦᠢᠯᠡᠴᠢᠯᠡᠭᠡᠨ ᠤ ᠰᠦᠢᠳᠭᠡᠯ ᠲᠦᠯᠦᠬᠦ ᠬᠥᠮᠥᠨ ᠤ ᠲᠤᠭ᠎ᠠ ᠶᠢ ᠲᠣᠭᠲᠠᠮᠠᠯ | ᠬᠤᠭᠤᠴᠠᠭ᠎ᠠ ᠲᠠᠢ ᠪᠠᠷ ᠬᠢᠨᠠᠨ ᠲᠣᠭᠲᠠᠭᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ᠵᠢᠷᠭᠤᠭ᠎ᠠ᠂ ᠭᠡᠷᠡᠲᠦ ᠦᠢᠯᠡᠴᠢᠯᠡᠭᠡᠨ ᠤ ᠠᠭᠤᠯᠭ᠎ᠠ | ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠠ ᠭᠡᠷ ᠪᠦᠯᠢ ᠶᠢᠨ ᠡᠮᠴᠢ ᠶᠢᠨ | ᠦᠢᠯᠡᠳᠦᠯ ᠢ ᠭᠦᠢᠴᠡᠳ ᠪᠠᠳᠠᠷᠠᠭᠤᠯᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠡᠪᠡᠳᠴᠢᠨ | ᠡᠮᠭᠡᠭ ᠢ ᠡᠮᠨᠡᠨ ᠵᠠᠰᠠᠬᠤ ᠠᠴᠠ ᠡᠷᠡᠭᠦᠯ ᠮᠡᠨᠳᠦ ᠶᠢᠨ ᠬᠠᠮᠢᠶᠠᠷᠤᠯᠲᠠ ᠳᠠᠰᠢ ᠬᠤᠪᠢᠷᠠᠭᠤᠯᠬᠤ ᠶᠢ ᠠᠬᠢᠭᠤᠯᠵᠤ᠂ | ᠦᠨᠳᠦᠰᠦᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠭᠤᠥᠯᠴᠢ ᠴᠢᠨᠠᠷ ᠪᠠ ᠬᠦᠷᠲᠡᠵᠦ | ᠪᠣᠯᠬᠤᠶᠢᠴᠠ ᠴᠢᠨᠠᠷ ᠢ ᠳᠡᠭᠡᠭᠰᠢᠯᠡᠭᠦᠯᠦᠨ᠎ᠡ᠃ | ︵ᠨᠢᠭᠡ︶ ᠭᠡᠷ ᠪᠦᠯᠢ ᠶᠢᠨ ᠡᠮᠴᠢ ᠭᠡᠷ᠎ᠡ ᠲᠣᠭᠲᠠᠭᠰᠠᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ | ᠪᠠᠶᠢᠳᠠᠯ ᠳᠤ ᠰᠦᠢᠳᠬᠡᠯ ᠬᠤᠷᠢᠶᠠᠬᠤ ᠦᠭᠡᠢ ᠪᠠᠷ ᠦᠨᠡᠯᠡᠨ ᠵᠢᠱᠢᠯᠲᠡ ᠬᠢᠵᠦ᠂ ᠭᠡᠷ᠎ᠡ ᠲᠣᠭᠲᠠᠭᠰᠠᠨ ᠰᠠᠭᠤᠭᠠᠯᠢ | ᠠᠷᠠᠳ ᠤᠨ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠲᠠᠩᠰᠠ ᠡᠪᠬᠡᠮᠡᠯ ᠪᠠᠶᠢᠭᠤᠯᠬᠤ ᠶᠢᠨ ᠬᠠᠮᠲᠤ ᠬᠠᠨᠳᠤᠯᠭᠠᠲᠤ | ᠴᠢᠨᠠᠷᠲᠠᠢ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠲᠥᠰᠥᠯ ᠢ ᠲᠣᠭᠲᠠᠭᠠᠨ ᠬᠡᠷᠡᠭᠵᠢᠭᠦᠯᠦᠨ᠎ᠡ᠃ ︵ | ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠬᠤᠰᠢᠭᠤ | ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ︵ᠬᠤᠶᠠᠷ︶ ᠦᠨᠳᠦᠰᠦᠨ ᠣᠨᠣᠰᠢᠯᠠᠨ ᠡᠮᠨᠡᠬᠦ᠂ ᠤᠯᠤᠰ ᠤᠨ ᠦᠨᠳᠦᠰᠦᠨ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ᠂ ᠨᠡᠶᠢᠭᠡᠮ ᠲᠣᠭᠤᠷᠢᠭ ᠤᠨ ᠡᠷᠡᠭᠦᠯᠵᠢᠯ ᠬᠢᠭᠡᠳ ᠰᠤᠪᠢᠯᠠᠯᠲᠠ ᠵᠡᠷᠭᠡ ᠦᠨᠳᠦᠰᠦᠨ ᠡᠷᠡᠭᠦᠯ ᠬᠠᠮᠠᠭᠠᠯᠠᠯ ᠤᠨ | ᠦᠢᠯᠡᠴᠢᠯᠡᠭᠡ ᠬᠠᠩᠭᠠᠵᠤ᠂ ᠬᠤᠶᠠᠳᠤᠭᠠᠷ᠂ ᠭᠤᠷᠪᠠᠳᠤᠭᠠᠷ ᠳᠡᠰ ᠤᠨ ᠡᠮᠴᠢᠯᠡᠭᠡᠨ ᠤ ᠪᠠᠶᠢᠭᠤᠯᠤᠮᠵᠢ ᠶᠢᠨ ᠡᠮᠴᠢ ᠶᠢᠨ | ᠰᠦᠯᠵᠢᠶᠡᠨ ᠠᠴᠠ ᠭᠠᠳᠠᠭᠤᠷᠬᠢ ᠦᠢᠯᠡᠴᠢᠯᠡᠭᠡ ᠬᠠᠩᠭᠠᠬᠤ ᠤᠳᠠᠭ᠎ᠠ ᠶᠢ ᠨᠡᠮᠡᠭᠳᠡᠭᠦᠯᠦᠨ᠂ ᠭᠡᠷ᠎ᠡ ᠲᠣᠭᠲᠠᠭᠰᠠᠨ | ᠰᠠᠭᠤᠭᠠᠯᠢ ᠠᠷᠠᠳ ᠲᠤ ᠤᠷᠢᠳᠠᠪᠠᠷ ᠡᠮᠨᠡᠭᠦᠯᠬᠦ ᠦᠢᠯᠡᠴᠢᠯᠡᠭᠡ ᠬᠠᠩᠭᠠᠬᠤ ᠶᠢ ᠦᠨᠡᠨᠬᠦ ᠪᠠᠲᠤᠯᠠᠨ᠎ᠠ᠃ ︵ | ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠬᠤᠰᠢᠭᠤ | ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ︵ᠭᠤᠷᠪᠠ︶ ᠦᠨᠳᠦᠰᠦᠨ ᠱᠠᠲᠤᠨ ᠳᠤ ᠪᠠᠭᠤᠯᠭᠠᠭᠰᠠᠨ ᠭᠡᠷ ᠪᠦᠯᠢ ᠶᠢᠨ ᠡᠮᠴᠢ ᠶᠢᠨ ᠵᠣᠷ ᠤᠨ ᠡᠷᠬᠡ | ᠮᠡᠳᠡᠯ ᠤᠨ ᠬᠡᠪᠴᠢᠶ᠎ᠡ ᠶᠢ ᠲᠣᠮᠢᠯᠠᠭᠰᠠᠨ ᠡᠮᠨᠡᠯᠭᠡ ᠶᠢᠨ ᠬᠤᠷᠢᠶ᠎ᠠ ᠶᠢᠨ ᠵᠣᠷ ᠤᠨ ᠡᠷᠬᠡ ᠮᠡᠳᠡᠯ ᠤᠨ ᠶᠣᠰᠣᠭᠠᠷ | ᠬᠡᠷᠡᠭᠵᠢᠬᠦᠯᠵᠦ᠂ ᠦᠨᠳᠦᠰᠦᠨ ᠱᠠᠲᠤᠨ ᠳᠤ ᠪᠠᠭᠤᠯᠭᠠᠭᠰᠠᠨ ᠭᠡᠷ ᠪᠦᠯᠢ ᠶᠢᠨ ᠡᠮᠴᠢ ᠶᠢᠨ ᠵᠣᠷ ᠪᠢᠴᠢᠬᠦ᠂ ᠡᠮ | ᠲᠣᠬᠢᠷᠠᠭᠤᠯᠬᠤ ᠦᠭᠬᠦ ᠲᠥᠬᠦᠮ ᠳᠥᠲᠡ ᠦᠢᠯᠡᠴᠢᠯᠡᠭᠡ ᠬᠠᠩᠭᠠᠬᠤ ᠳᠤ ᠲᠥᠬᠦᠮ ᠦᠵᠡᠭᠦᠯᠦᠨ᠎ᠡ᠃ ︵ | ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠬᠤᠰᠢᠭᠤ | ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ︵ᠳᠥᠷᠪᠡ︶ ᠭᠡᠷ ᠪᠦᠯᠢ ᠶᠢᠨ ᠡᠮᠴᠢ ᠶᠢ ᠤᠷᠢᠳᠴᠢᠯᠠᠨ ᠪᠣᠯᠵᠤᠬᠤ ᠰᠢᠯᠵᠢᠨ ᠡᠮᠨᠡᠭᠦᠯᠬᠦ ᠦᠢᠯᠡᠴᠢᠯᠡᠭᠡ ᠶᠢ | ᠲᠡᠭᠦᠯᠳᠡᠷᠵᠢᠭᠦᠯᠵᠦ᠂ ᠱᠠᠲᠤ ᠬᠤᠪᠢᠶᠠᠨ ᠣᠨᠣᠰᠢᠯᠠᠨ ᠡᠮᠨᠡᠬᠦ ᠶᠢ ᠴᠢᠩᠭᠠᠷᠠᠭᠤᠯᠤᠨ᠂ ᠭᠡᠷ᠎ᠡ ᠲᠣᠭᠲᠠᠭᠰᠠᠨ ᠰᠠᠭᠤᠭᠠᠯᠢ | ᠠᠷᠠᠳ ᠤᠨ ᠦᠨᠳᠦᠰᠦᠨ ᠱᠠᠲᠤᠨ ᠳᠤ ᠠᠩᠬ᠎ᠠ ᠡᠮᠨᠡᠬᠦᠯᠬᠦ ᠶᠢ ᠬᠦᠳᠦᠯᠦᠨ ᠵᠢᠯᠤᠭᠤᠳᠴᠤ᠂ ᠤᠷᠢᠳᠴᠢᠯᠠᠨ ᠪᠣᠯᠵᠣᠬᠤ | ᠳ᠋ᠤᠭᠠᠷ ᠤᠨ ᠢᠷᠡᠯᠲᠡ ᠶᠢ ᠤᠷᠢᠳᠠᠪᠠᠷ ᠦᠨᠳᠦᠰᠦᠨ ᠱᠠᠲᠤᠨ ᠳᠤ ᠪᠠᠭᠤᠯᠭᠠᠬᠤ ᠶᠢᠨ ᠬᠠᠮᠲᠤ ᠰᠢᠯᠵᠢᠨ ᠡᠮᠨᠡᠭᠦᠯᠬᠦ | ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠦᠨᠡᠨᠬᠦ ᠰᠢᠯᠵᠢᠨ ᠡᠮᠨᠡᠭᠦᠯᠬᠦ ᠴᠢᠬᠤᠯᠠ ᠲᠠᠢ ᠭᠡᠷ᠎ᠡ ᠲᠣᠭᠲᠠᠭᠰᠠᠨ | ᠰᠠᠭᠤᠭᠠᠯᠢ ᠠᠷᠠᠳ ᠲᠤ ᠰᠢᠯᠵᠢᠨ ᠡᠮᠨᠡᠭᠦᠯᠬᠦ ᠰᠠᠭᠠᠳ ᠦᠭᠡᠢ ᠵᠠᠮ ᠬᠠᠩᠭᠠᠵᠤ᠂ ᠤᠷᠢᠳᠠᠪᠠᠷ ᠳᠡᠭᠡᠳᠦ ᠱᠠᠲᠤᠨ ᠤ | ᠡᠮᠴᠢᠯᠡᠭᠡᠨ ᠤ ᠪᠠᠶᠢᠭᠤᠯᠤᠮᠵᠢ ᠳᠤ ᠰᠢᠯᠵᠢᠨ ᠡᠮᠨᠡᠭᠦᠯᠵᠦ᠂ ᠤᠷᠢᠳᠠᠪᠠᠷ ᠳᠡᠭᠡᠳᠦ ᠱᠠᠲᠤᠨ ᠤ ᠡᠮᠴᠢᠯᠡᠭᠡᠨ ᠤ | ᠪᠠᠶᠢᠭᠤᠯᠤᠮᠵᠢ ᠶᠢᠨ ᠲᠤᠰᠬᠠᠢ ᠰᠠᠯᠠᠭᠠᠨ ᠤ ᠡᠮᠴᠢ ᠶᠢ ᠤᠷᠢᠳᠴᠢᠯᠠᠨ ᠪᠣᠯᠵᠤᠨ᠎ᠠ᠃ ︵ᠬᠠᠷᠢᠭᠤᠴᠠᠯᠭᠠᠲᠤ ᠨᠢᠭᠡᠴᠢ᠄ | ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠬᠤᠰᠢᠭᠤ ᠰᠢᠶᠠᠨ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ︶ | ︵ᠲᠠᠪᠤ︶ ︽ᠢᠨᠲ᠋ᠧᠷ ᠰᠦᠯᠵᠢᠶ᠎ᠡ + ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡ︾ ᠶᠢᠨ ᠪᠦᠲᠦᠭᠡᠨ | ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠨ᠎ᠡ᠃ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ | ᠠᠳᠠᠯᠢ ᠬᠠᠷᠠᠭᠠᠯᠵᠠᠯ ᠤᠨ ᠪᠠᠷᠢᠮᠵᠢᠶ᠎ᠠ ᠶᠢ ᠪᠡᠶᠡᠯᠡᠭᠦᠯᠵᠦ᠂ ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡᠨ ᠤ | ᠨᠢᠭᠡᠳᠦᠯᠲᠡᠢ APP ᠶᠢ ᠨᠡᠭᠡᠭᠡᠵᠦ᠂ ᠦᠢᠯᠡᠴᠢᠯᠡᠭᠡᠨ ᠤ ᠴᠢᠳᠠᠮᠵᠢ ᠶᠢ ᠰᠢᠯᠢᠳᠡᠭᠵᠢᠭᠦᠯᠦᠨ᠂ ᠰᠦᠯᠵᠢᠶᠡᠨ ᠳᠡᠭᠡᠷ᠎ᠡ | ᠭᠡᠷ᠎ᠡ ᠲᠣᠭᠲᠠᠬᠤ᠂ ᠡᠷᠡᠭᠦᠯ ᠮᠡᠨᠳᠦ ᠶᠢᠨ ᠵᠥᠪᠯᠡᠯᠭᠡ ᠥᠭᠬᠦ᠂ ᠡᠷᠡᠭᠦᠯ ᠮᠡᠨᠳᠦ ᠶᠢᠨ ᠬᠥᠮᠦᠵᠢᠯ ᠬᠢᠬᠦ᠂ ᠡᠷᠡᠭᠦᠯ | ᠮᠡᠨᠳᠦ ᠶᠢ ᠳᠠᠭᠠᠵᠤ ᠰᠤᠷᠪᠤᠯᠵᠢᠯᠠᠬᠤ᠂ ᠪᠠᠶᠢᠩᠭᠤ ᠲᠣᠬᠢᠶᠠᠯᠳᠤᠬᠤ ᠡᠪᠡᠳᠴᠢᠨ ᠪᠠ ᠤᠳᠠᠭᠠᠨ ᠴᠢᠨᠠᠷᠲᠠᠢ ᠡᠪᠡᠳᠴᠢᠨ ᠢ | ᠳᠠᠬᠢᠨ ᠡᠮᠨᠡᠬᠦ ᠵᠡᠷᠭᠡ ᠰᠦᠯᠵᠢᠶᠡᠨ ᠳᠡᠭᠡᠷᠡᠬᠢ ᠦᠢᠯᠡᠴᠢᠯᠡᠭᠡ ᠵᠢᠴᠢ ᠬᠤᠣᠰ ᠴᠢᠭᠯᠡᠯ ᠢᠶᠠᠷ ᠰᠢᠯᠵᠢᠭᠦᠯᠦᠨ ᠣᠨᠤᠰᠢᠯᠠᠨ | ᠵᠠᠰᠠᠬᠤ᠂ ᠰᠢᠯᠭᠠᠨ ᠪᠠᠶᠢᠴᠠᠭᠠᠬᠤ᠂ ᠡᠷᠡᠭᠦᠯᠵᠢᠭᠦᠯᠬᠦ ᠰᠤᠪᠢᠯᠠᠯᠲᠠ᠂ ᠭᠡᠷ ᠲᠤᠨᠢ ᠬᠦᠷᠴᠦ ᠦᠢᠯᠡᠴᠢᠯᠡᠬᠦ ᠪᠠ ᠡᠮ ᠤᠨ | ᠵᠦᠢᠯ ᠢ ᠲᠣᠬᠢᠷᠠᠭᠤᠯᠤᠨ ᠬᠦᠷᠭᠡᠬᠦ ᠵᠡᠷᠭᠡ ᠰᠦᠯᠵᠢᠶᠡᠨ ᠭᠠᠳᠠᠨᠠᠬᠢ ᠦᠢᠯᠡᠴᠢᠯᠡᠭᠡ ᠶᠢ ᠬᠠᠩᠭᠠᠵᠤ᠂ ᠰᠢᠯᠵᠢᠮᠡᠯ | ᠲᠥᠯᠥᠬᠦ ᠴᠢᠳᠠᠮᠵᠢ ᠶᠢ ᠪᠡᠶᠡᠯᠡᠭᠦᠯᠬᠦ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ︵ᠵᠢᠷᠭᠤᠭ᠎ᠠ︶ ︽ᠢᠨᠲ᠋ᠧᠷ ᠰᠦᠯᠵᠢᠶ᠎ᠡ + ᠰᠤᠪᠢᠯᠠᠯᠲᠠ ᠶᠢᠨ ᠦᠢᠯᠡᠴᠢᠯᠡᠭᠡ︾ ᠶᠢ ᠰᠦᠪᠡᠭᠴᠢᠯᠡᠨ | ᠬᠡᠷᠡᠭᠵᠢᠭᠦᠯᠵᠦ᠂ ︽ᠰᠦᠯᠵᠢᠶᠡᠨ ᠳᠡᠭᠡᠷ᠎ᠡ ᠭᠤᠶᠤᠴᠢᠯᠠᠬᠤ᠂ ᠰᠦᠯᠵᠢᠶᠡᠨ ᠤ ᠭᠠᠳᠠᠨ᠎ᠠ ᠦᠢᠯᠡᠴᠢᠯᠡᠬᠦ︾ ᠵᠠᠭᠪᠤᠷ ᠢ | ᠬᠡᠷᠡᠭᠯᠡᠨ᠂ ᠭᠡᠷ ᠪᠦᠯᠢ ᠶᠢᠨ ᠰᠤᠪᠢᠯᠠᠯᠲᠠ ᠶᠢᠨ ᠦᠢᠯᠡᠴᠢᠯᠡᠭᠡᠨ ᠤ ᠴᠤᠪᠤᠷᠠᠯ ᠢ ᠰᠢᠯᠢᠳᠡᠭᠵᠢᠭᠦᠯᠵᠦ᠂ ᠲᠤᠬᠠᠶᠢᠯᠠᠭᠰᠠᠨ | ᠠᠵᠢᠯ ᠤᠨ ᠴᠢᠳᠠᠪᠤᠷᠢ ᠪᠠᠷ ᠴᠢᠩᠭ᠎ᠠ᠂ ᠲᠤᠷᠰᠢᠯᠭ᠎ᠠ ᠪᠠᠷ ᠪᠠᠶᠠᠯᠢᠭ ᠡᠮᠴᠢᠯᠡᠭᠡᠨ ᠤ ᠡᠮᠴᠢ ᠪᠠ ᠰᠤᠪᠢᠯᠠᠭᠴᠢ ᠶᠢ | ᠰᠣᠩᠭᠤᠨ ᠲᠣᠮᠢᠯᠠᠵᠤ ︽ᠢᠨᠲ᠋ᠧᠷ ᠰᠦᠯᠵᠢᠶ᠎ᠡ + ᠰᠤᠪᠢᠯᠠᠯᠲᠠ ᠶᠢᠨ ᠦᠢᠯᠡᠴᠢᠯᠡᠭᠡ︾ ᠶᠢ ᠥᠷᠨᠢᠭᠦᠯᠵᠦ᠂ ᠭᠡᠷ | ᠪᠦᠯᠢ ᠶᠢᠨ ᠰᠤᠪᠢᠯᠠᠯᠲᠠ ᠶᠢ ᠭᠡᠷ᠎ᠡ ᠲᠣᠭᠲᠠᠭᠰᠠᠨ ᠰᠠᠭᠤᠭᠠᠯᠢ ᠠᠷᠠᠳ ᠤᠨ ᠭᠡᠷ ᠲᠤ ᠬᠦᠷᠭᠡᠨ᠂ ᠴᠢᠨᠠᠷ ᠰᠠᠶᠢᠲᠠᠢ | ᠰᠤᠪᠢᠯᠠᠯᠲᠠ ᠶᠢᠨ ᠦᠢᠯᠡᠴᠢᠯᠡᠭᠡᠨ ᠤ ︽ᠡᠴᠦᠰ ᠤᠨ ᠨᠢᠭᠡ ᠮᠧᠲᠷ︾ ᠢ ᠨᠡᠪᠲᠡᠷᠡᠭᠦᠯᠦᠨ᠎ᠡ᠃ ︵ᠬᠠᠷᠢᠭᠤᠴᠠᠯᠭᠠᠲᠤ | ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠬᠤᠰᠢᠭᠤ ᠰᠢᠶᠠᠨ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ︶ | ︵ᠳᠣᠯᠤᠭ᠎ᠠ︶ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠬᠠᠷᠠᠭᠠᠯᠵᠠᠯ ᠤᠨ | ᠪᠠᠲᠤᠯᠠᠭ᠎ᠠ ᠶᠢᠨ ᠬᠡᠪᠴᠢᠶᠡᠨ ᠳᠤ ᠨᠡᠶᠢᠴᠡᠭᠰᠡᠨ ᠪᠠᠶᠢᠪᠠᠯ᠂ ᠣᠷᠳᠣ ᠬᠤᠭᠤᠴᠠᠭᠠᠨ ᠤ ᠰᠤᠪᠢᠯᠠᠯᠲᠠ ᠶᠢᠨ | ᠳᠠᠭᠠᠳᠬᠠᠯ ᠤᠨ ᠰᠠᠭᠤᠷᠢ ᠮᠥᠩᠭᠦ ᠠᠴᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ ᠣᠯᠭᠤᠨ᠎ᠠ᠃ ︵ | ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ︵ᠨᠠᠢᠮᠠ︶ ᠮᠡᠳᠡᠭᠡ ᠵᠠᠩᠭᠢ ᠶᠢᠨ ᠬᠠᠷᠢᠯᠴᠠᠨ ᠨᠡᠪᠲᠡᠷᠡᠯᠴᠡᠵᠦ ᠬᠠᠮᠲᠤᠪᠠᠷ ᠭᠥᠷᠳᠡᠬᠦ ᠶᠢ ᠴᠢᠩᠭᠠᠳᠬᠠᠨ᠎ᠠ᠃ | ᠬᠤᠪᠢ ᠬᠥᠮᠥᠨ ᠤ ᠡᠯᠧᠺᠲᠷᠣᠨ ᠡᠷᠡᠭᠦᠯ ᠮᠡᠨᠳᠦ ᠶᠢᠨ ᠲᠠᠩᠰᠠ ᠡᠪᠬᠡᠮᠡᠯ᠂ ᠡᠯᠧᠺᠲᠷᠣᠨ ᠡᠪᠡᠳᠴᠢᠨ ᠤ ᠲᠡᠦᠬᠡ ᠪᠠ | ᠡᠯᠧᠺᠲᠷᠣᠨ ᠠᠨᠠᠭᠠᠬᠤ ᠤᠬᠠᠭᠠᠨ ᠤ ᠬᠡᠷᠡᠯ ᠵᠢᠷᠤᠭ ᠵᠡᠷᠭᠡ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠬᠠᠮᠲᠤᠪᠠᠷ | ᠡᠳ᠋ᠯᠡᠬᠦ ᠶᠢ ᠠᠬᠢᠭᠤᠯᠤᠨ᠎ᠠ᠃ ᠭᠡᠷ ᠪᠦᠯᠢ ᠶᠢᠨ ᠡᠮᠴᠢ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠪᠦᠷᠢᠨ ᠪᠦᠲᠦᠨ | ᠲᠤᠭ᠎ᠠ ᠪᠠᠷᠢᠮᠲᠠ ᠶᠢ ᠴᠠᠭ ᠲᠤᠬᠠᠢ ᠳᠤᠨᠢ ᠭᠠᠷᠭᠠᠨ ᠦᠵᠡᠵᠦ ᠴᠢᠳᠠᠬᠤ ᠪᠣᠯᠭᠠᠵᠤ᠂ ᠡᠷᠡᠭᠦᠯ ᠮᠡᠨᠳᠦ ᠶᠢᠨ ᠮᠡᠳᠡᠭᠡ | ᠵᠠᠩᠭᠢ ᠶᠢ ᠳᠡᠭᠡᠭᠰᠢ ᠳᠣᠷᠣᠭᠰᠢ ᠨᠡᠪᠲᠡᠷᠡᠭᠦᠯᠬᠦ᠂ ᠬᠥᠨᠳᠡᠯᠡᠨ ᠢᠶᠠᠷ ᠬᠠᠮᠲᠤᠪᠠᠷ ᠭᠥᠷᠳᠡᠬᠦ ᠪᠠ ᠲᠤᠬᠠᠶᠢᠯᠠᠭᠰᠠᠨ | ᠠᠵᠢᠯ ᠤᠨ ᠲᠠᠯ᠎ᠠ ᠪᠠᠷ ᠬᠠᠮᠵᠢᠯᠴᠠᠬᠤ ᠶᠢ ᠪᠡᠶᠡᠯᠡᠭᠦᠯᠵᠦ᠂ ᠦᠷᠭᠦᠯᠵᠢᠯᠡᠭᠰᠡᠨ ᠴᠢᠨᠠᠷᠲᠠᠢ ᠡᠷᠡᠭᠦᠯ ᠮᠡᠨᠳᠦ ᠶᠢᠨ | ᠬᠠᠮᠢᠶᠠᠷᠤᠯᠲᠠ ᠶᠢᠨ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠪᠠᠷ | ᠳᠠᠮᠵᠢᠭᠤᠯᠤᠨ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠲᠠᠩᠰᠠ ᠡᠪᠬᠡᠮᠡᠯ᠂ ᠡᠪᠡᠳᠴᠢᠨ ᠦᠵᠡᠭᠦᠯᠬᠦ ᠳᠤ | ᠬᠡᠷᠡᠭᠯᠡᠬᠦ ᠡᠮ ᠵᠢᠴᠢ ᠰᠢᠯᠭᠠᠨ ᠪᠠᠶᠢᠴᠠᠭᠠᠭᠰᠠᠨ ᠦᠷ᠎ᠡ ᠳ᠋ᠦᠩ ᠵᠡᠷᠭᠡ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠳᠤ | ᠲᠥᠬᠦᠮ ᠦᠵᠡᠭᠦᠯᠵᠦ᠂ ᠰᠠᠭᠤᠭᠠᠯᠢ ᠠᠷᠠᠳ ᠤᠨ ᠥᠪᠡᠷ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢ ᠠᠬᠢᠭᠤᠯᠤᠨ᠎ᠠ᠃ | ᠣᠷᠣᠨ ᠪᠦᠰᠡ ᠶᠢᠨ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠮᠡᠳᠡᠭᠡ ᠵᠠᠩᠭᠢ ᠶᠢᠨ ᠰᠢᠰᠲ᠋ᠧᠮ ᠤᠨ ᠬᠢᠷᠢ | ᠲᠥᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠡᠷ ᠪᠦᠯᠢ ᠶᠢᠨ ᠡᠮᠴᠢ ᠶᠢᠨ ᠡᠮᠴᠢᠯᠡᠭᠡᠨ ᠤ ᠶᠠᠪᠤᠳᠠᠯ ᠤᠨ | ᠪᠤᠰᠤ ᠴᠢᠨᠠᠷᠲᠠᠢ ᠳᠠᠷᠤᠭᠠᠰᠤ ᠶᠢ ᠬᠥᠩᠭᠡᠯᠡᠨ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ ︵ | ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠬᠤᠰᠢᠭᠤ | ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ᠳᠣᠯᠤᠭ᠎ᠠ᠂ ᠭᠡᠷᠡᠲᠦ ᠦᠢᠯᠡᠴᠢᠯᠡᠭᠡᠨ ᠤ ᠰᠦᠢᠳᠬᠡᠯ ᠢ ᠰᠠᠯᠭᠠᠨ ᠥᠭᠬᠦ | ︵ᠨᠢᠭᠡ︶ ᠭᠡᠷᠡᠲᠦ ᠦᠢᠯᠡᠴᠢᠯᠡᠭᠡᠨ ᠤ ᠰᠦᠢᠳᠭᠡᠯ ᠪᠣᠯ ᠭᠡᠷ ᠪᠦᠯᠢ ᠶᠢᠨ ᠡᠮᠴᠢ ᠶᠢᠨ ᠪᠠᠶᠢᠭ᠎ᠠ ᠲᠤᠭᠲᠠᠭᠰᠠᠨ | ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠣᠷᠣᠯᠭ᠎ᠠ ᠶᠢᠨ ᠪᠦᠷᠢᠯᠳᠦᠭᠦᠨ | ᠬᠡᠰᠡᠭ ᠪᠣᠯᠣᠨ᠎ᠠ᠃ | ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡᠨ ᠤ ᠰᠦᠢᠳᠬᠡᠯ ᠢ ᠭᠡᠷ᠎ᠡ ᠲᠣᠭᠲᠠᠭᠰᠠᠨ ᠰᠠᠭᠤᠭᠠᠯᠢ | ᠠᠷᠠᠳ ᠬᠤᠪᠢ ᠬᠥᠮᠥᠨ ᠡᠭᠦᠷᠭᠡᠯᠡᠵᠦ᠂ ᠭᠡᠷ᠎ᠡ ᠲᠣᠭᠲᠠᠭᠰᠠᠨ ᠰᠠᠭᠤᠭᠠᠯᠢ ᠠᠷᠠᠳ ᠭᠡᠷ᠎ᠡ ᠲᠣᠭᠲᠠᠭᠰᠠᠨ ᠲᠤᠭᠲᠠᠭᠰᠠᠨ | ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠰᠢᠭᠤᠳ ᠲᠤᠰᠢᠶᠠᠨ᠎ᠠ︔ | ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠪᠠ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠵᠠᠷᠤᠳᠠᠯ ᠤᠨ ᠡᠭᠦᠷᠭᠡᠯᠡᠬᠦ ᠬᠡᠰᠡᠭ ᠢ ᠭᠡᠷ᠎ᠡ ᠲᠣᠭᠲᠠᠭᠰᠠᠨ ᠲᠤᠭᠲᠠᠭᠰᠠᠨ ᠦᠨᠳᠦᠰᠦᠨ ᠱᠠᠲᠤᠨ ᠤ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠦᠷᠢᠳᠬᠡᠭᠰᠡᠨ ᠤ ᠳᠠᠷᠠᠭ᠎ᠠ᠂ ᠲᠣᠰ ᠲᠣᠰ ᠡᠮᠴᠢᠯᠡᠭᠡᠨ ᠤ | ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠪᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ | ᠮᠥᠴᠢᠷ ᠲᠤ ᠪᠡᠯᠡ ᠮᠥᠩᠭᠦ ᠶᠢᠨ ᠭᠤᠶᠤᠴᠢᠯᠠᠯ ᠭᠠᠷᠭᠠᠵᠤ᠂ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ | ᠪᠠᠶᠢᠭᠤᠯᠤᠮᠵᠢ ᠪᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠠᠴᠠ ᠬᠢᠨᠠᠨ ᠲᠣᠭᠲᠠᠭᠠᠭᠰᠠᠨ ᠤ | ᠳᠠᠷᠠᠭ᠎ᠠ᠂ ᠲᠣᠰ ᠲᠣᠰ ᠭᠡᠷ᠎ᠡ ᠲᠣᠭᠲᠠᠭᠰᠠᠨ ᠲᠤᠭᠲᠠᠭᠰᠠᠨ ᠴᠡᠭ ᠤᠨ ᠦᠨᠳᠦᠰᠦᠨ ᠱᠠᠲᠤᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠳᠤ ᠰᠠᠯᠭᠠᠨ ᠥᠭᠭᠦᠨ᠎ᠡ᠃ ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡᠨ ᠤ | ᠰᠦᠢᠳᠬᠡᠯ ᠢ ᠬᠤᠶᠠᠷ ᠱᠠᠲᠤ ᠬᠤᠪᠢᠶᠠᠨ ᠰᠠᠯᠭᠠᠨ ᠥᠭᠴᠦ᠂ ᠨᠢᠭᠡᠳᠦᠭᠡᠷ ᠱᠠᠲᠤ ᠦᠶ᠎ᠡ ᠳᠤ ᠭᠡᠷ᠎ᠡ ᠲᠣᠭᠲᠠᠭᠰᠠᠨ | ᠦᠢᠯᠡᠴᠢᠯᠡᠭᠡᠨ ᠤ ᠰᠦᠢᠳᠬᠡᠯ ᠤᠨ 50% ᠪᠠᠷ ᠦᠨᠳᠦᠰᠦᠨ ᠦᠢᠯᠡᠴᠢᠯᠡᠭᠡᠨ ᠤ ᠵᠠᠷᠤᠳᠠᠯ ᠢ ᠰᠠᠯᠭᠠᠨ ᠥᠭᠴᠦ᠂ | ᠬᠢᠨᠠᠨ ᠲᠣᠭᠲᠠᠭᠠᠭᠰᠠᠨ ᠭᠡᠷᠡᠲᠦ ᠦᠢᠯᠡᠴᠢᠯᠡᠭᠡᠨ ᠤ ᠰᠦᠢᠳᠬᠡᠯ ᠣᠯᠭᠤᠬᠤ ᠡᠲᠡᠭᠡᠳ ᠤᠨ ᠬᠥᠮᠥᠨ ᠤ ᠲᠤᠭ᠎ᠠ ᠪᠠᠷ | ᠬᠢᠨᠠᠨ ᠪᠣᠳᠤᠵᠤ᠂ ᠤᠯᠠᠷᠢᠯ ᠢᠶᠠᠷ ᠰᠠᠯᠭᠠᠨ ᠥᠭᠭᠦᠨ᠎ᠡ︔ ᠬᠤᠶᠠᠳᠤᠭᠠᠷ ᠱᠠᠲᠤ ᠦᠶ᠎ᠡ ᠳᠤ ᠬᠢᠨᠠᠨ ᠰᠢᠯᠭᠠᠭᠰᠠᠨ | ᠦᠷ᠎ᠡ ᠳ᠋ᠦᠩ ᠢᠶᠠᠷ ᠦᠨᠳᠦᠰᠦᠯᠡᠯ ᠪᠣᠯᠭᠠᠵᠤ᠂ ᠭᠡᠷᠡᠲᠦ ᠦᠢᠯᠡᠴᠢᠯᠡᠭᠡᠨ ᠤ ᠰᠦᠢᠳᠬᠡᠯ ᠤᠨ ᠦᠯᠡᠳᠡᠭᠰᠡᠨ 50% ᠶᠢ | ᠬᠠᠷᠢᠴᠠᠯ ᠶᠣᠰᠣᠭᠠᠷ ᠰᠠᠯᠭᠠᠨ ᠥᠭᠭᠦᠨ᠎ᠡ᠃ ︵ ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ︵ᠬᠤᠶᠠᠷ︶ ᠭᠡᠷ᠎ᠡ ᠲᠣᠭᠲᠠᠭᠰᠠᠨ ᠰᠠᠭᠤᠭᠠᠯᠢ ᠠᠷᠠᠳ ᠤᠨ ᠡᠭᠦᠰᠭᠡᠭᠰᠡᠨ᠂ ᠤᠯᠤᠰ ᠤᠨ ᠦᠨᠳᠦᠰᠦᠨ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠷᠥᠯ ᠵᠦᠢᠯ ᠪᠠ ᠦᠨᠳᠦᠰᠦᠨ ᠡᠮᠴᠢᠯᠡᠭᠡᠨ ᠤ | ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠨᠡᠶᠢᠴᠡᠬᠦ ᠡᠮᠴᠢᠯᠡᠭᠡᠨ ᠤ ᠵᠠᠷᠤᠳᠠᠯ ᠳᠤ ᠲᠥᠷᠥᠯ | ᠵᠦᠢᠯ ᠢᠶᠠᠷ ᠵᠠᠷᠤᠳᠠᠯ ᠲᠤᠰᠢᠶᠠᠬᠤ ᠶᠢ ᠬᠡᠷᠡᠭᠵᠢᠭᠦᠯᠵᠦ᠂ ᠭᠤᠣᠯᠳᠠᠯᠭ᠎ᠠ ᠲᠠᠢ ᠬᠥᠮᠥᠰ ᠲᠤ ᠬᠥᠮᠥᠨ ᠤ ᠲᠤᠭ᠎ᠠ ᠪᠠᠷ | ᠵᠠᠷᠤᠳᠠᠯ ᠲᠤᠰᠢᠶᠠᠬᠤ ᠶᠢ ᠰᠦᠪᠡᠭᠴᠢᠯᠡᠵᠦ᠂ ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡᠨ ᠤ ᠠᠷᠭ᠎ᠠ ᠪᠠᠷᠢᠯ ᠢ | ᠠᠰᠢᠭᠯᠠᠨ ᠡᠮᠴᠢᠯᠡᠭᠡᠨ ᠤ ᠡᠬᠢ ᠪᠠᠶᠠᠯᠢᠭ ᠤᠨ ᠬᠤᠷᠣᠭᠳᠠᠯ ᠤᠨ ᠬᠡᠮᠵᠢᠶ᠎ᠡ ᠶᠢ ᠪᠦᠲᠦᠮᠵᠢᠲᠡᠶ ᠪᠠᠭᠤᠷᠠᠭᠤᠯᠤᠨ᠎ᠠ᠃ ︵ | ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮᠴᠢᠯᠡᠭᠡᠨ ᠤ | ᠪᠠᠲᠤᠯᠠᠭ᠎ᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ᠨᠠᠢᠮᠠ᠂ ᠦᠢᠯᠡᠴᠢᠯᠡᠭᠡᠨ ᠤ ᠶᠠᠰᠤ ᠴᠢᠨᠠᠷ ᠢ ᠰᠢᠯᠢᠳᠡᠭᠵᠢᠭᠦᠯᠦᠨ᠎ᠡ | ︵ᠨᠢᠭᠡ︶ ᠭᠡᠷ ᠪᠦᠯᠢ ᠶᠢᠨ ᠡᠮᠴᠢ ᠶᠢ ᠬᠥᠮᠥᠵᠢᠭᠦᠯᠦᠨ ᠪᠣᠯᠪᠠᠰᠤᠷᠠᠭᠤᠯᠬᠤ ᠰᠢᠰᠲ᠋ᠧᠮᠵᠢ ᠶᠢ | ᠴᠢᠩᠭᠠᠷᠠᠭᠤᠯᠤᠨ᠎ᠠ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠭᠡᠷ ᠪᠦᠯᠢ ᠶᠢᠨ ᠡᠮᠴᠢ ᠶᠢᠨ ᠡᠮᠴᠢᠯᠡᠭᠡᠨ ᠤ | ᠣᠨᠣᠰᠢᠯᠠᠨ ᠡᠮᠨᠡᠬᠦ ᠦᠢᠯᠡᠴᠢᠯᠡᠭᠡᠨ ᠤ ᠴᠢᠳᠠᠪᠤᠷᠢ ᠪᠠ ᠶᠡᠷᠦᠩᠬᠡᠢ ᠰᠠᠯᠠᠭᠠᠨ ᠤ ᠣᠨᠣᠯᠵᠢᠬᠤᠨ᠂ ᠮᠡᠳᠡᠯᠭᠡ᠂ ᠮᠡᠷᠭᠡᠵᠢᠯ | ᠴᠢᠳᠠᠪᠤᠷᠢ ᠶᠢᠨ ᠪᠣᠯᠪᠠᠰᠤᠷᠠᠭᠤᠯᠤᠯ ᠤᠨ ᠰᠢᠰᠲ᠋ᠧᠮᠵᠢ ᠶᠢ ᠰᠢᠯᠢᠳᠡᠭᠵᠢᠭᠦᠯᠵᠦ᠂ ᠬᠠᠨᠳᠤᠯᠭᠠᠲᠤ ᠴᠢᠨᠠᠷ᠂ ᠠᠵᠢᠯᠯᠠᠭᠠᠨ ᠤ | ᠴᠢᠨᠠᠷ ᠢᠶᠠᠷ ᠴᠢᠩᠭ᠎ᠠ ᠪᠣᠳᠠᠲᠤ ᠬᠡᠷᠡᠭᠯᠡᠭᠡᠨ ᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠭᠤᠣᠯᠳᠠᠯᠭ᠎ᠠ ᠲᠠᠢ | ᠴᠢᠩᠭᠠᠳᠬᠠᠨ᠎ᠠ᠃ 2025 ᠣᠨ ᠪᠣᠯᠬᠤ ᠳᠤ᠂ ᠠᠵᠢᠯ ᠲᠥᠷᠥᠯ ᠤᠨ ᠣᠨᠴᠠᠯᠢᠭ ᠲᠤ ᠵᠣᠬᠢᠴᠠᠭᠰᠠᠨ ᠶᠡᠷᠦᠩᠬᠡᠢ | ᠰᠠᠯᠠᠭᠠᠨ ᠤ ᠡᠮᠴᠢ ᠶᠢ ᠬᠥᠮᠥᠵᠢᠭᠦᠯᠬᠦ ᠳᠦᠷᠢᠮ ᠢ ᠦᠨᠳᠦᠰᠦᠨ ᠳᠡᠭᠡᠨ ᠪᠠᠶᠢᠭᠤᠯᠵᠤ᠂ ᠶᠡᠷᠦᠩᠬᠡᠢ ᠰᠠᠯᠠᠭᠠᠨ ᠤ | ᠠᠨᠠᠭᠠᠬᠤ ᠤᠬᠠᠭᠠᠨ ᠤ ᠴᠢᠳᠠᠪᠤᠷᠢᠲᠠᠨ ᠤ ᠬᠥᠭᠵᠢᠯᠲᠡ ᠳᠤ ᠵᠣᠬᠢᠴᠠᠭᠰᠠᠨ ᠤᠷᠮᠠᠰᠢᠭᠤᠯᠬᠤ ᠲᠣᠭᠲᠠᠴᠠ ᠶᠢ | ᠦᠨᠳᠦᠰᠦᠨ ᠳᠡᠭᠡᠨ ᠪᠦᠷᠢᠨᠰᠢᠭᠦᠯᠵᠦ᠂ ᠶᠡᠷᠦᠩᠬᠡᠢ ᠰᠠᠯᠠᠭᠠᠨ ᠤ ᠡᠮᠴᠢ ᠶᠢᠨ ᠠᠵᠢᠯ ᠤᠨ ᠲᠠᠲᠠᠬᠤ ᠬᠦᠴᠦᠨ ᠢ ᠢᠯᠡᠷᠬᠡᠢ | ᠳᠡᠭᠡᠭᠰᠢᠯᠡᠭᠦᠯᠦᠨ᠂ ᠬᠤᠳᠠ ᠬᠥᠳᠡᠭᠡ ᠶᠢᠨ ᠲᠠᠷᠬᠠᠯᠲᠠ ᠵᠦᠢ ᠵᠣᠬᠢᠰᠲᠠᠢ ᠪᠣᠯᠬᠤ ᠲᠡᠰᠢ ᠬᠠᠨᠳᠤᠵᠤ᠂ | ᠦᠢᠯᠡᠴᠢᠯᠡᠭᠡᠨ ᠤ ᠴᠢᠳᠠᠪᠤᠷᠢ ᠶᠢ ᠢᠯᠡᠷᠬᠡᠢ ᠨᠡᠮᠡᠭᠳᠡᠭᠦᠯᠦᠨ᠂ ᠶᠡᠷᠦᠩᠬᠡᠢ ᠰᠠᠯᠠᠭᠠᠨ ᠤ ᠡᠮᠴᠢ ᠬᠢᠭᠡᠳ ᠬᠤᠳᠠ | ᠬᠥᠳᠡᠭᠡ ᠶᠢᠨ ᠰᠠᠭᠤᠭᠠᠯᠢ ᠠᠷᠠᠳ ᠤᠨ ᠬᠤᠭᠤᠷᠤᠨᠳᠤᠬᠢ ᠲᠣᠭᠲᠠᠭᠤᠨ ᠦᠢᠯᠡᠴᠢᠯᠡᠭᠡᠨ ᠤ ᠬᠠᠷᠢᠴᠠᠭ᠎ᠠ ᠶᠢ | ᠦᠨᠳᠦᠰᠦᠨ ᠳᠡᠭᠡᠨ ᠪᠠᠶᠢᠭᠤᠯᠵᠤ᠂ ᠬᠤᠳᠠ ᠬᠥᠳᠡᠭᠡ ᠶᠢᠨ ᠲᠦᠮᠡᠨ ᠰᠠᠭᠤᠭᠠᠯᠢ ᠠᠷᠠᠳ ᠪᠦᠷᠢ ᠳᠤ 3 ᠬᠢᠷᠢ | ᠲᠡᠩᠴᠡᠭᠰᠡᠨ ᠶᠡᠷᠦᠩᠬᠡᠢ ᠰᠠᠯᠠᠭᠠᠨ ᠤ ᠡᠮᠴᠢ ᠲᠠᠢ ᠪᠣᠯᠭᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ︶ | ︵ᠬᠤᠶᠠᠷ︶ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ | ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠪᠠᠷᠢᠮᠵᠢᠶᠠᠵᠢᠭᠰᠠᠨ | ᠪᠠᠶᠢᠭᠤᠯᠤᠯᠲᠠ ᠶᠢ ᠴᠢᠩᠭᠠᠳᠬᠠᠵᠤ᠂ ᠰᠠᠭᠤᠷᠢ ᠪᠡᠯᠡᠳᠬᠡᠮᠵᠢ ᠪᠠ ᠲᠣᠨᠤᠭ ᠲᠥᠬᠦᠭᠡᠷᠦᠮᠵᠢ ᠶᠢᠨ ᠨᠥᠬᠦᠴᠡᠯ ᠢ ᠤᠯᠠᠮ | ᠨᠢᠭᠡ ᠠᠯᠬᠤᠮ ᠰᠠᠶᠢᠵᠢᠷᠠᠭᠤᠯᠤᠨ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠦᠨᠳᠦᠰᠦᠨ ᠡᠮᠴᠢᠯᠡᠭᠡᠨ ᠤ ᠦᠢᠯᠡᠴᠢᠯᠡᠭᠡᠨ ᠤ ᠴᠢᠳᠠᠮᠵᠢ ᠶᠢ ᠴᠢᠩᠭᠠᠳᠬᠠᠨ᠎ᠠ᠃ ︽ᠦᠨᠳᠦᠰᠦᠨ ᠱᠠᠲᠤᠨ ᠤ | ᠰᠢᠯᠢᠳᠡᠭ ᠦᠢᠯᠡᠴᠢᠯᠡᠭᠡᠨ ᠤ ᠠᠶᠠᠯᠠᠯ︾᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠠᠵᠢᠯᠲᠠᠨ ᠤ | ᠪᠣᠯᠪᠠᠰᠤᠷᠠᠭᠤᠯᠤᠯ ᠢ ᠥᠷᠨᠢᠭᠦᠯᠬᠦ ᠪᠠᠷ ᠳᠠᠮᠵᠢᠭᠤᠯᠤᠨ᠂ ᠭᠡᠷ ᠪᠦᠯᠢ ᠶᠢᠨ ᠡᠮᠴᠢ ᠶᠢᠨ ᠪᠠᠶᠢᠩᠭᠤ ᠲᠣᠬᠢᠶᠠᠯᠳᠤᠳᠠᠭ | ᠡᠪᠡᠳᠴᠢᠨ᠂ ᠣᠯᠠᠨ ᠡᠭᠦᠰᠳᠡᠭ ᠡᠪᠡᠳᠴᠢᠨ ᠢ ᠣᠨᠣᠰᠢᠯᠠᠨ ᠡᠮᠨᠡᠬᠦ ᠵᠢᠴᠢ ᠤᠳᠠᠭᠠᠨ ᠴᠢᠨᠠᠷᠲᠠᠢ ᠡᠪᠡᠳᠴᠢᠨ ᠢ | ᠬᠠᠮᠢᠶᠠᠷᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠬᠠᠮᠲᠤ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠪ ᠪᠠ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠦᠢᠯᠡᠴᠢᠯᠡᠭᠡᠨ ᠤ | ᠴᠢᠳᠠᠪᠤᠷᠢ ᠪᠠ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠬᠤᠯᠪᠤᠭᠳᠠᠯ ᠪᠦᠬᠦᠢ ᠣᠨᠣᠰᠢᠯᠠᠨ | ᠡᠮᠨᠡᠬᠦ ᠵᠢᠷᠤᠮᠵᠢᠯ ᠶᠣᠰᠣᠭᠠᠷ ᠬᠠᠷᠠᠭᠠᠯᠵᠠᠭᠰᠠᠨ ᠬᠢᠷᠢ ᠬᠡᠮ ᠤᠨ ᠱᠠᠭᠠᠷᠳᠠᠯᠭ᠎ᠠ ᠳᠤ ᠨᠡᠶᠢᠴᠡᠭᠰᠡᠨ ᠦᠢᠯᠡᠴᠢᠯᠡᠭᠡᠨ ᠤ | ᠲᠥᠷᠥᠯ ᠵᠦᠢᠯ ᠢ ᠥᠷᠨᠢᠭᠦᠯᠵᠦ᠂ ᠡᠷᠡᠭᠦᠯᠵᠢᠭᠦᠯᠬᠦ᠂ ᠡᠮᠨᠡᠬᠦ ᠪᠠ ᠰᠤᠪᠢᠯᠠᠬᠤ ᠶᠢ ᠤᠶᠠᠯᠳᠤᠭᠤᠯᠬᠤ᠂ ᠠᠮᠤᠷᠵᠢᠭᠤᠯᠬᠤ | ᠡᠮᠴᠢᠯᠡᠭᠡ ᠰᠣᠪᠢᠯᠠᠯᠲᠠ᠂ ᠣᠶᠤᠨᠴᠢ ᠪᠠᠷ ᠲᠤᠰᠠᠯᠠᠨ ᠣᠨᠤᠰᠢᠯᠠᠨ ᠡᠮᠨᠡᠬᠦ ᠵᠡᠷᠭᠡ ᠦᠢᠯᠡᠴᠢᠯᠡᠭᠡᠨ ᠤ ᠴᠢᠳᠠᠮᠵᠢ ᠶᠢ | ᠥᠷᠭᠡᠳᠬᠡᠬᠦ ᠶᠢ ᠵᠣᠷᠢᠭᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ︵ᠭᠤᠷᠪᠠ︶ ᠬᠠᠷᠢᠮᠠᠬᠠᠢ ᠴᠢᠨᠠᠷᠲᠠᠢ ᠦᠢᠯᠡᠴᠢᠯᠡᠭᠡᠨ ᠤ ᠬᠡᠯᠡᠯᠴᠡᠭᠡᠷ ᠢ ᠳᠡᠯᠭᠡᠷᠡᠭᠦᠯᠦᠨ᠎ᠡ | ᠦᠢᠯᠡᠴᠢᠯᠡᠭᠡᠨ ᠤ ᠬᠡᠯᠡᠯᠴᠡᠭᠡᠷ ᠲᠤ ᠦᠢᠯᠡᠴᠢᠯᠡᠭᠡᠨ ᠤ ᠠᠭᠤᠯᠭ᠎ᠠ᠂ ᠠᠷᠭ᠎ᠠ ᠮᠠᠶ᠋ᠢᠭ᠂ ᠬᠤᠭᠤᠴᠠᠭ᠎ᠠ᠂ | ᠵᠠᠷᠤᠳᠠᠯ ᠪᠠ ᠬᠤᠶᠠᠷ ᠲᠠᠯ᠎ᠠ ᠶᠢᠨ ᠬᠠᠷᠢᠭᠤᠴᠠᠯᠭ᠎ᠠ᠂ ᠡᠷᠬᠡ᠂ ᠡᠭᠦᠷᠭᠡ ᠵᠢᠴᠢ ᠪᠤᠰᠤᠳ ᠬᠠᠮᠢᠶ᠎ᠠ ᠪᠦᠬᠦᠢ ᠵᠦᠢᠯᠡᠰ ᠢ | ᠲᠣᠳᠣᠷᠬᠠᠶᠢᠯᠠᠬᠤ ᠬᠡᠷᠡᠭᠲᠡᠢ᠃ ᠦᠢᠯᠡᠴᠢᠯᠡᠭᠡᠨ ᠤ ᠬᠡᠯᠡᠯᠴᠡᠭᠡᠷ ᠤᠨ ᠬᠦᠴᠦᠨ ᠲᠠᠢ ᠬᠤᠭᠤᠴᠠᠭ᠎ᠠ ᠨᠢ ᠵᠠᠷᠴᠢᠮ | ᠳᠡᠭᠡᠷ᠎ᠡ ᠪᠠᠨ 1 ᠵᠢᠯ ᠪᠠᠶᠢᠬᠤ ᠬᠡᠷᠡᠭᠲᠡᠢ᠂ ᠪᠠᠰᠠ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠪᠠ | ᠲᠤᠭᠲᠠᠭᠰᠠᠨ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠵᠢᠯ ᠤᠨ ᠪᠣᠳᠠᠲᠤ | ᠪᠠᠶᠢᠳᠠᠯ ᠢ ᠦᠨᠳᠦᠰᠦᠯᠡᠨ᠂ ᠦᠢᠯᠡᠴᠢᠯᠡᠭᠡᠨ ᠤ ᠬᠠᠷᠢᠴᠠᠭ᠎ᠠ ᠨᠢ ᠲᠣᠭᠲᠠᠪᠤᠷᠢᠲᠠᠢ ᠭᠡᠷ ᠪᠦᠯᠢ ᠶᠢᠨ ᠡᠮᠴᠢ ᠪᠠ ᠭᠡᠷ᠎ᠡ | ᠲᠣᠭᠲᠠᠭᠰᠠᠨ ᠰᠠᠭᠤᠭᠠᠯᠢ ᠠᠷᠠᠳ ᠤᠨ 3 ᠵᠢᠯ ᠤᠨ ᠬᠦᠴᠦᠨ ᠲᠠᠢ ᠬᠤᠭᠤᠴᠠᠭ᠎ᠠ ᠠᠴᠠ ᠥᠯᠥ ᠬᠡᠲᠦᠷᠡᠬᠦ ᠬᠠᠷᠢᠮᠠᠬᠠᠢ | ᠴᠢᠨᠠᠷᠲᠠᠢ ᠦᠢᠯᠡᠴᠢᠯᠡᠭᠡᠨ ᠤ ᠬᠡᠯᠡᠯᠴᠡᠭᠡᠷ ᠲᠣᠭᠲᠠᠬᠤ ᠶᠢ ᠵᠥᠪᠰᠢᠶᠡᠷᠡᠨ᠎ᠡ᠃ ︵ᠬᠠᠷᠢᠭᠤᠴᠠᠯᠭᠠᠲᠤ ᠨᠢᠭᠡᠴᠢ᠄ | ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠬᠤᠰᠢᠭᠤ ᠰᠢᠶᠠᠨ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ︶ | ᠶᠢᠰᠦ᠂ ᠬᠢᠨᠠᠨ ᠰᠢᠯᠭᠠᠬᠤ ᠲᠣᠭᠲᠠᠴᠠ ᠶᠢ ᠪᠠᠶᠢᠭᠤᠯᠤᠨ᠎ᠠ | ︵ᠨᠢᠭᠡ︶ ᠬᠢᠨᠠᠨ ᠰᠢᠯᠭᠠᠬᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠦᠷᠦᠭᠦᠯᠡᠨ ᠭᠡᠷ ᠪᠦᠯᠢ ᠶᠢᠨ ᠡᠮᠴᠢ ᠶᠢᠨ | ᠭᠡᠷᠡᠲᠦ ᠦᠢᠯᠡᠴᠢᠯᠡᠭᠡ ᠶᠢᠨ ᠬᠢᠨᠠᠨ ᠰᠢᠯᠭᠠᠬᠤ ᠲᠣᠭᠲᠠᠴᠠ ᠶᠢ ᠪᠠᠶᠢᠭᠤᠯᠵᠤ᠂ ᠡᠮᠴᠢᠯᠡᠭᠡᠨ ᠤ ᠳᠠᠭᠠᠳᠬᠠᠯ ᠤᠨ ᠰᠠᠯᠠᠭ᠎ᠠ | ᠮᠥᠴᠢᠷ ᠲᠠᠢ ᠬᠠᠮᠲᠤᠷᠠᠨ ︽ᠬᠢᠨᠠᠨ ᠰᠢᠯᠭᠠᠬᠤ ᠪᠠᠷᠢᠮᠵᠢᠶ᠎ᠠ︾ ᠶᠢ ᠲᠣᠭᠲᠠᠭᠠᠨ᠎ᠠ᠃ ᠬᠢᠨᠠᠨ ᠲᠣᠭᠲᠠᠭᠠᠭᠰᠠᠨ ᠲᠦᠯᠦᠬᠦ | ᠡᠲᠡᠭᠡᠳ ᠤᠨ ᠬᠥᠮᠥᠨ ᠤ ᠲᠤᠭ᠎ᠠ ᠶᠢᠨ ᠰᠠᠭᠤᠷᠢᠨ ᠳᠡᠭᠡᠷ᠎ᠡ ︽ᠬᠦᠴᠦᠨ ᠪᠦᠬᠦᠢ ᠭᠡᠷ᠎ᠡ ᠲᠣᠭᠲᠠᠬᠤ︾᠂ ︽ᠬᠦᠴᠦᠨ | ᠪᠦᠬᠦᠢ ᠦᠢᠯᠡᠴᠢᠯᠡᠭᠡ︾ ᠪᠠ ︽ᠬᠦᠴᠦᠨ ᠪᠦᠬᠦᠢ ᠰᠦᠢᠳᠬᠡᠯ ᠬᠢᠵᠠᠭᠠᠷᠯᠠᠬᠤ︾ ᠶᠢ ᠦᠨᠳᠦᠰᠦᠯᠡᠨ᠂ ᠭᠡᠷ | ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡᠨ ᠤ ᠶᠠᠰᠤ ᠴᠢᠨᠠᠷ᠂ ᠲᠤᠭ᠎ᠠ ᠬᠡᠮᠵᠢᠶ᠎ᠡ᠂ ᠭᠡᠷ᠎ᠡ ᠲᠣᠭᠲᠠᠭᠰᠠᠨ | ᠰᠠᠭᠤᠭᠠᠯᠢ ᠠᠷᠠᠳ ᠤᠨ ᠬᠠᠨᠤᠮᠵᠢ ᠶᠢᠨ ᠬᠡᠮᠵᠢᠶ᠎ᠡ᠂ ᠰᠠᠭᠤᠭᠠᠯᠢ ᠠᠷᠠᠳ ᠤᠨ ᠭᠡᠷ᠎ᠡ ᠲᠤᠭᠲᠠᠭᠰᠠᠨ ᠨᠣᠷᠮ᠎ᠠ᠂ | ᠭᠡᠷ᠎ᠡ ᠪᠠᠨ ᠪᠤᠴᠠᠭᠠᠬᠤ ᠨᠣᠷᠮ᠎ᠠ ᠪᠠ ᠦᠷᠭᠦᠯᠵᠢᠯᠡᠨ ᠭᠡᠷ᠎ᠡ ᠲᠤᠭᠲᠠᠭᠰᠠᠨ ᠨᠣᠷᠮ᠎ᠠ ᠵᠡᠷᠭᠡ ᠶᠢ ᠬᠢᠨᠠᠨ ᠰᠢᠯᠭᠠᠵᠤ᠂ | ᠬᠡᠷᠪᠡ ︽ᠠᠵᠢᠯ ᠲᠥᠷᠥᠯ ᠤᠨ ᠰᠤᠷᠲᠠᠯ ᠤᠨ ᠠᠰᠠᠭᠤᠳᠠᠯ︾᠂ ︽ᠮᠡᠬᠡᠯᠡᠨ ᠬᠢᠬᠠᠵᠤ ᠳᠠᠭᠠᠳᠬᠠᠯ ᠢ ᠮᠡᠬᠡᠯᠡᠭᠰᠡᠨ︾ | ᠪᠠᠶᠢᠳᠠᠯ ᠣᠷᠤᠰᠢᠵᠤ ᠪᠠᠶᠢᠪᠠᠯ ᠨᠢᠭᠡ ᠪᠢᠯᠧᠲ ᠢᠶᠠᠷ ᠦᠭᠡᠶᠢᠰᠬᠡᠬᠦ ᠶᠢ ᠬᠡᠷᠡᠭᠵᠢᠭᠦᠯᠦᠨ᠎ᠡ᠃ ᠨᠡᠶᠢᠭᠡᠮ ᠲᠣᠭᠤᠷᠢᠭ ᠤᠨ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠨᠢ | ᠲᠣᠰ ᠪᠠᠶᠢᠭᠤᠯᠤᠮᠵᠢ ᠶᠢᠨ ᠭᠡᠷ ᠪᠦᠯᠢ ᠶᠢᠨ ᠡᠮᠴᠢ ᠶᠢᠨ ᠦᠢᠯᠡᠴᠢᠯᠡᠭᠡᠨ ᠤ ᠪᠦᠯᠬᠦᠮ ᠤᠨ ᠭᠡᠷᠡᠲᠦ ᠦᠢᠯᠡᠴᠢᠯᠡᠭᠡ ᠳᠤ | ᠬᠢᠨᠠᠯᠲᠠ ᠲᠠᠯᠪᠢᠬᠤ ᠪᠠ ᠬᠠᠮᠢᠶᠠᠷᠬᠤ ᠶᠢ ᠬᠠᠷᠢᠭᠤᠴᠠᠵᠤ᠂ ᠬᠤᠰᠢᠭᠤ ᠰᠢᠶᠠᠨ ᠲᠣᠭᠤᠷᠢᠭ ᠤᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠰᠠᠯᠠᠭ᠎ᠠ ᠮᠥᠴᠢᠷ ᠪᠠ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠨᠢ ᠡᠳᠦᠷ | ᠲᠤᠲᠤᠮ ᠤᠨ ᠬᠢᠨᠠᠨ ᠰᠢᠯᠭᠠᠯᠲᠠ ᠶᠢ ᠬᠠᠷᠢᠭᠤᠴᠠᠨ᠂ ᠬᠤᠲᠠ ᠶᠢᠨ ᠱᠠᠲᠤᠨ ᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠰᠠᠯᠠᠭ᠎ᠠ ᠮᠥᠴᠢᠷ ᠪᠠ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠨᠢ ᠣᠨ ᠢᠶᠠᠷ ᠬᠢᠨᠠᠨ | ᠰᠢᠯᠭᠠᠨ᠎ᠠ᠃ ᠡᠬᠢᠯᠡᠯᠲᠡ ᠶᠢᠨ ᠱᠠᠲᠤᠨ ᠳᠤ᠂ ᠭᠦᠢᠴᠡᠳᠬᠡᠯ ᠲᠣᠭᠠᠨ ᠤ ᠰᠢᠰᠲ᠋ᠧᠮᠵᠢ ᠨᠢ ︽ᠴᠥᠭᠡᠨ ᠪᠥᠭᠡᠳ | ᠨᠠᠷᠢᠯᠢᠭ︾ ᠪᠠᠶᠢᠬᠤ ᠵᠠᠷᠴᠢᠮ ᠢ ᠵᠢᠷᠤᠮᠯᠠᠵᠤ᠂ ᠴᠥᠮ ᠮᠡᠳᠡᠭᠡ ᠵᠠᠩᠭᠢᠵᠢᠯᠲᠠ ᠪᠠᠷ ᠳᠠᠮᠵᠢᠨ ᠠᠦ᠋ᠲ᠋ᠣ᠋ ᠴᠤᠭᠯᠠᠭᠤᠯᠤᠨ | ᠦᠨᠡᠯᠡᠵᠦ᠂ ᠦᠢᠯᠡᠳᠦᠯᠭᠡ ᠪᠠᠷ ᠳᠡᠮᠵᠢᠨ ᠬᠢᠨᠠᠨ ᠰᠢᠯᠭᠠᠬᠤ ᠨᠠᠷᠢᠨ ᠳᠦᠷᠢᠮ ᠢ ᠠᠯᠬᠤᠮ ᠠᠯᠬᠤᠮ ᠢᠶᠠᠷ | ᠲᠡᠭᠦᠯᠳᠡᠷᠵᠢᠭᠦᠯᠬᠦ ᠬᠡᠷᠡᠭᠲᠡᠢ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ︶ | ︵ᠬᠤᠶᠠᠷ︶ ᠱᠠᠩᠨᠠᠵᠤ ᠲᠣᠷᠭᠠᠬᠤ ᠲᠣᠭᠲᠠᠴᠠ ᠶᠢ ᠪᠠᠶᠢᠭᠤᠯᠤᠨ᠎ᠠ | ᠱᠠᠩᠨᠠᠵᠤ ᠲᠣᠷᠭᠠᠬᠤ ᠪᠠᠷᠢᠮᠵᠢᠶ᠎ᠠ ᠶᠢ ᠲᠣᠳᠣᠷᠬᠠᠶᠢᠯᠠᠵᠤ᠂ ᠭᠡᠷ ᠪᠦᠯᠢ ᠶᠢᠨ ᠡᠮᠴᠢ ᠶᠢᠨ ᠭᠡᠷᠡᠲᠦ | ᠦᠢᠯᠡᠴᠢᠯᠡᠭᠡ ᠳᠤ ᠣᠷᠣᠯᠴᠠᠭᠰᠠᠨ ᠪᠠᠶᠢᠳᠠᠯ ᠢ ᠮᠡᠷᠭᠡᠵᠢᠯ ᠤᠨ ᠴᠣᠯᠠ ᠳᠡᠪᠰᠢᠭᠦᠯᠬᠦ᠂ ᠴᠢᠳᠠᠪᠤᠷᠢᠲᠠᠨ ᠢ ᠰᠢᠯᠢᠨ | ᠰᠣᠩᠭᠤᠬᠤ ᠴᠢᠬᠤᠯᠠ ᠠᠭᠤᠯᠭ᠎ᠠ ᠳᠤ ᠣᠷᠤᠭᠤᠯᠤᠨ᠎ᠠ᠃ ᠠᠵᠢᠯ ᠤᠨ ᠠᠮᠵᠢᠯᠲᠠ ᠪᠦᠲᠦᠮᠵᠢ ᠶᠢᠨ ᠬᠢᠨᠠᠨ | ᠰᠢᠯᠭᠠᠯᠲᠠ ᠶᠢᠨ ᠦᠷ᠎ᠡ ᠳ᠋ᠦᠩ ᠢ ᠡᠮᠴᠢᠯᠡᠭᠡᠨ ᠤ ᠳᠠᠭᠠᠳᠬᠠᠯ ᠠᠴᠠ ᠲᠤᠭᠠᠴᠠᠭ᠎ᠠ ᠬᠢᠬᠦ᠂ ᠦᠨᠳᠦᠰᠦᠨ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠵᠠᠷᠤᠳᠠᠯ ᠢ ᠰᠠᠯᠭᠠᠨ ᠥᠭᠬᠦ ᠵᠢᠴᠢ ᠪᠦᠯᠬᠦᠮ ᠪᠠ ᠬᠤᠪᠢ | ᠬᠥᠮᠥᠨ ᠤ ᠠᠵᠢᠯ ᠤᠨ ᠠᠮᠵᠢᠯᠲᠠ ᠪᠦᠲᠦᠮᠵᠢ ᠶᠢᠨ ᠬᠤᠪᠢᠶᠠᠷᠢᠯᠠᠯᠲᠠ ᠯᠤᠭ᠎ᠠ ᠬᠤᠯᠪᠤᠭᠳᠠᠭᠤᠯᠤᠨ᠎ᠠ᠃ | ᠦᠨᠡᠯᠡᠯᠲᠡ ᠶᠢᠨ ᠦᠷ᠎ᠡ ᠳ᠋ᠦᠩ ᠨᠢ ᠬᠢᠷᠢ ᠲᠡᠩᠴᠡᠭᠰᠡᠨ ᠦᠭᠡᠢ᠂ ᠣᠯᠠᠨ ᠲᠦᠮᠡᠨ ᠰᠠᠨᠠᠯ ᠲᠠᠢ ᠪᠠᠶᠢᠬᠤ ᠨᠢ | ᠲᠣᠪᠣᠶᠢᠮ᠎ᠠ ᠭᠡᠷ᠎ᠡ ᠲᠣᠭᠲᠠᠭᠰᠠᠨ ᠪᠦᠯᠬᠦᠮ ︵ᠡᠮᠴᠢ︶ ᠳᠤ ᠵᠣᠬᠢᠬᠤ ᠵᠠᠯᠬᠠᠭᠠᠨ ᠰᠢᠳᠬᠡᠬᠦ ᠲᠣᠭᠲᠠᠴᠠ ᠶᠢ | ᠡᠬᠢᠯᠡᠭᠦᠯᠦᠨ᠎ᠡ᠃ ᠣᠨ ᠤ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠦᠭᠡᠢ ᠭᠡᠷ᠎ᠡ ᠲᠣᠭᠲᠠᠭᠰᠠᠨ ᠪᠦᠯᠬᠦᠮ ︵ᠡᠮᠴᠢ | ︶ ᠢ ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡ ᠠᠴᠠ ᠭᠠᠷᠭᠠᠨ᠎ᠠ᠃ ︵ᠬᠠᠷᠢᠭᠤᠴᠠᠯᠭᠠᠲᠤ ᠨᠢᠭᠡᠴᠢ᠄ | ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠬᠤᠰᠢᠭᠤ ᠰᠢᠶᠠᠨ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ︶ | ︵ᠭᠤᠷᠪᠠ︶ ᠬᠢᠨᠠᠯᠲᠠ ᠲᠠᠯᠪᠢᠬᠤ ᠬᠢᠭᠡᠳ ᠦᠨᠡᠯᠡᠨ ᠵᠢᠱᠢᠬᠦ ᠶᠢ ᠴᠢᠩᠭᠠᠳᠬᠠᠨ᠎ᠠ | ᠲᠤᠭᠲᠠᠭᠰᠠᠨ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡᠨ ᠤ | ᠶᠠᠰᠤ ᠴᠢᠨᠠᠷ ᠢ ᠬᠢᠨᠠᠨ ᠰᠢᠯᠭᠠᠬᠤ ᠪᠠ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠤᠨ᠎ᠠ᠃ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠰᠠᠯᠠᠭ᠎ᠠ ᠮᠥᠴᠢᠷ ᠭᠡᠷ ᠪᠦᠯᠢ ᠶᠢᠨ ᠡᠮᠴᠢ ᠶᠢᠨ ᠦᠢᠯᠡᠴᠢᠯᠡᠭᠡᠨ ᠤ ᠪᠠᠶᠢᠳᠠᠯ ᠢ ᠲᠣᠭᠲᠠᠮᠠᠯ | ᠬᠤᠭᠤᠴᠠᠭ᠎ᠠ ᠲᠠᠢ ᠪᠠᠷ ᠢᠯᠡ ᠨᠡᠶᠢᠲᠡᠯᠡᠵᠦ᠂ ᠣᠯᠠᠨ ᠲᠦᠮᠡᠨ ᠤ ᠬᠢᠨᠠᠯᠲᠠ ᠶᠢ ᠬᠦᠯᠢᠶᠡᠵᠦ᠂ ᠡᠷᠬᠡ ᠲᠡᠭᠰᠢ ᠲᠥᠪ | ᠭᠤᠥᠯᠴᠢ ᠪᠠᠶᠢᠬᠤ ᠶᠢ ᠦᠨᠡᠨᠬᠦ ᠪᠠᠲᠤᠯᠠᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠨᠢ | ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠲᠠᠢ ᠬᠠᠮᠲᠤᠷᠠᠨ ᠭᠡᠷ ᠪᠦᠯᠢ ᠶᠢᠨ ᠡᠮᠴᠢ ᠶᠢᠨ ᠭᠡᠷᠡᠲᠦ | ᠦᠢᠯᠡᠴᠢᠯᠡᠭᠡᠨ ᠤ ᠠᠬᠢᠴᠠ ᠶᠢᠨ ᠪᠠᠶᠢᠳᠠᠯ ᠳᠤ ᠣᠨ ᠤ ᠦᠨᠡᠯᠡᠨ ᠵᠢᠱᠢᠯᠲᠡ ᠬᠢᠬᠦ ᠶᠢᠨ ᠬᠠᠮᠲᠤ ᠦᠷ᠎ᠡ ᠳ᠋ᠦᠩ ᠢ | ᠵᠠᠷᠯᠠᠨ ᠮᠡᠳᠡᠭᠳᠡᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ︶ | ᠠᠷᠪᠠ᠂ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ | ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠠ | ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠴᠢᠩᠭᠠᠷᠠᠭᠤᠯᠵᠤ᠂ ᠲᠣᠰ ᠭᠠᠵᠠᠷ ᠣᠷᠣᠨ ᠤ ᠪᠣᠳᠠᠲᠠᠢ ᠲᠠᠢ ᠪᠠᠨ | ᠤᠶᠠᠯᠳᠤᠭᠤᠯᠤᠨ ᠠᠵᠢᠯ ᠤᠨ ᠬᠠᠷᠠᠯᠲᠠ ᠪᠠ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠎ᠠ᠃ ᠨᠢᠭᠡᠳᠦᠯᠲᠡᠢ ᠲᠥᠯᠥᠪᠯᠡᠨ | ᠵᠣᠬᠢᠴᠠᠭᠤᠯᠬᠤ ᠶᠢ ᠴᠢᠩᠭᠠᠳᠬᠠᠵᠤ᠂ ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡ ᠶᠢᠨ ᠪᠠᠲᠤᠯᠠᠭ᠎ᠠ ᠶᠢᠨ | ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ᠂ ᠰᠠᠯᠠᠭ᠎ᠠ ᠮᠥᠴᠢᠷ | ᠬᠠᠮᠵᠢᠯᠴᠠᠭᠰᠠᠨ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠠᠷ ᠲᠠᠪᠴᠠᠩ | ᠪᠣᠯᠭᠠᠭᠰᠠᠨ᠂ ᠣᠯᠠᠨ ᠲᠥᠷᠥᠯ ᠤᠨ ᠨᠡᠶᠢᠭᠡᠮ ᠤᠨ ᠡᠬᠢ ᠪᠠᠶᠠᠯᠢᠭ ᠣᠷᠣᠯᠴᠠᠭᠰᠠᠨ ᠠᠵᠢᠯ ᠤᠨ ᠲᠣᠭᠲᠠᠴᠠ ᠶᠢ ᠪᠣᠶ | ᠪᠣᠯᠭᠠᠵᠤ᠂ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ | ᠭᠡᠷᠡᠲᠦ ᠦᠢᠯᠡᠴᠢᠯᠡᠭᠡ ᠶᠢᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠨ᠂ ᠭᠡᠷᠡᠲᠦ ᠦᠢᠯᠡᠴᠢᠯᠡᠭᠡ ᠶᠢᠨ | ᠶᠠᠰᠤ ᠴᠢᠨᠠᠷ ᠪᠠ ᠬᠠᠨᠤᠮᠵᠢ ᠶᠢᠨ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ | ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠬᠤᠰᠢᠭᠤ ᠰᠢᠶᠠᠨ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ︶ | ︵ᠬᠤᠶᠠᠷ︶ ᠨᠡᠶᠢᠭᠡᠮ ᠳᠡᠭᠡᠷ᠎ᠡ ᠤᠬᠠᠭᠤᠯᠵᠤ ᠬᠥᠲᠥᠯᠥᠨ ᠵᠢᠯᠤᠭᠤᠳᠬᠤ ᠶᠢ ᠰᠠᠶᠢᠲᠤᠷ ᠬᠢᠨ᠎ᠡ | ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡᠨ ᠤ ᠤᠬᠠᠭᠤᠯᠭ᠎ᠠ ᠶᠢ ᠴᠢᠩᠭᠠᠳᠬᠠᠵᠤ᠂ ᠭᠡᠷᠡᠲᠦ | ᠦᠢᠯᠡᠴᠢᠯᠡᠭᠡ ᠶᠢ ᠮᠡᠳᠡᠬᠦ ᠨᠣᠷᠮ᠎ᠠ ᠶᠢ ᠥᠷᠭᠡᠳᠬᠡᠨ᠂ ᠨᠠᠩ ᠣᠯᠠᠨ ᠰᠠᠭᠤᠭᠠᠯᠢ ᠠᠷᠠᠳ ᠤᠨ ᠭᠡᠷᠡᠲᠦ | ᠦᠢᠯᠡᠴᠢᠯᠡᠭᠡ ᠶᠢ ᠠᠰᠢᠭᠯᠠᠬᠤ ᠶᠢ ᠬᠥᠲᠥᠯᠥᠨ ᠵᠢᠯᠣᠭᠤᠳᠤᠨ᠎ᠠ᠃ ᠭᠡᠷᠡᠲᠦ ᠦᠢᠯᠡᠴᠢᠯᠡᠭᠡᠨ ᠤ ᠠᠭᠤᠯᠭ᠎ᠠ ᠶᠢᠨ | ᠤᠬᠠᠭᠤᠯᠭ᠎ᠠ ᠶᠢ ᠭᠤᠣᠯᠳᠠᠯᠭ᠎ᠠ ᠲᠠᠢ ᠰᠠᠶᠢᠲᠤᠷ ᠬᠢᠵᠦ᠂ ᠰᠠᠭᠤᠭᠠᠯᠢ ᠠᠷᠠᠳ ᠤᠨ ᠵᠢᠱᠢᠯᠲᠡ ᠶᠢ ᠵᠦᠢ ᠵᠣᠬᠢᠰᠲᠠᠢ | ᠬᠦᠲᠦᠯᠦᠨ ᠳᠠᠭᠠᠭᠤᠯᠤᠨ᠎ᠠ᠃ ᠬᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡ ᠶᠢ ᠴᠢᠨᠠᠷ ᠰᠠᠶᠢᠲᠠᠢ ᠥᠨᠳᠥᠷ | ᠦᠷ᠎ᠡ ᠪᠦᠲᠦᠮᠵᠢᠲᠡᠶ ᠠᠬᠢᠭᠤᠯᠤᠭᠰᠠᠨ ᠨᠡᠶᠢᠲᠡᠯᠢᠭ ᠵᠢᠱᠢᠶ᠎ᠡ ᠶᠢ ᠢᠯᠡᠷᠡᠭᠦᠯᠵᠦ᠂ ᠴᠡᠭ ᠢᠶᠠᠷ ᠨᠡᠶᠢᠳᠡᠮ ᠢ ᠳᠠᠶᠢᠴᠢᠯᠠᠨ᠂ | ᠵᠥᠪ ᠲᠠᠯ᠎ᠠ ᠶᠢᠨ ᠵᠢᠱᠢᠶ᠎ᠡ ᠦᠵᠡᠭᠦᠯᠦᠨ ᠬᠥᠲᠥᠯᠥᠨ ᠵᠢᠯᠤᠭᠤᠳᠬᠤ ᠦᠢᠯᠡᠳᠦᠯ ᠢ ᠪᠠᠳᠠᠷᠠᠭᠤᠯᠵᠤ᠂ ᠵᠢᠯ ᠪᠦᠷᠢ ᠨᠢᠭᠡ | ᠤᠳᠠᠭ᠎ᠠ ︽ᠬᠠᠮᠤᠭ ᠤᠨ ᠭᠤᠶᠣ ᠭᠡᠷ ᠪᠦᠯᠢ ᠶᠢᠨ ᠡᠮᠴᠢ︾ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ | ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡ ᠶᠢ ᠪᠥᠬᠦ ᠨᠡᠶᠢᠭᠡᠮ ᠢᠶᠠᠷ ᠢᠶᠠᠨ ᠢᠲᠡᠭᠡᠬᠦ᠂ ᠳᠡᠮᠵᠢᠬᠦ᠂ | ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ︶ | | | | | |