ᠬᠥᠬᠡᠬᠤᠲᠠ ᠶᠢᠨ ᠬᠥᠮᠥᠨ ᠢ ᠲᠠᠲᠠᠵᠤ ᠬᠥᠮᠥᠨ ᠢ ᠦᠯᠡᠳᠡᠭᠡᠬᠦ 18 ᠵᠤᠷᠪᠤᠰ ᠠᠷᠭ᠎ᠠ ᠬᠡᠮᠵᠢᠶ᠎ᠡ ᠶᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2023/10/11
ᠬᠥᠬᠡᠬᠤᠲᠠ ᠵᠠᠰᠠᠭ ᠲᠠᠷᠬᠠᠭᠠᠭᠰᠠᠨ ﹇2023﹈ 24 ᠳ᠋ᠦ᠋ᠭᠡᠷ ᠲᠣᠭᠠᠲᠤᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠷᠢᠨᠭᠡᠷ ᠰᠢᠨ᠎ᠡ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄      ︽ᠬᠥᠬᠡᠬᠤᠲᠠ ᠶᠢᠨ ᠬᠥᠮᠥᠨ ᠢ ᠲᠠᠲᠠᠵᠤ ᠬᠥᠮᠥᠨ ᠢ ᠦᠯᠡᠳᠡᠭᠡᠬᠦ 18 ᠵᠤᠷᠪᠤᠰ ᠠᠷᠭ᠎ᠠ ᠬᠡᠮᠵᠢᠶ᠎ᠡ︾ ᠶᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ᠃                           ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ                         2023 ᠣᠨ ᠤ 8 ᠳ᠋ᠤᠭᠠᠷ ᠰᠠᠷ᠎ᠠ ᠶᠢᠨ 24 ᠤ ᠡᠳᠦᠷ           ᠬᠥᠬᠡᠬᠤᠲᠠ ᠶᠢᠨ ᠬᠥᠮᠥᠨ ᠢ ᠲᠠᠲᠠᠵᠤ ᠬᠥᠮᠥᠨ ᠢ ᠦᠯᠡᠳᠡᠭᠡᠬᠦ 18 ᠵᠤᠷᠪᠤᠰ ᠠᠷᠭ᠎ᠠ ᠬᠡᠮᠵᠢᠶ᠎ᠡ            ᠬᠥᠮᠥᠨ ᠠᠮᠠ ᠶᠢᠨ ᠣᠷᠣᠵᠤ ᠢᠷᠡᠬᠦ ᠶᠢ ᠠᠬᠢᠭᠤᠯᠵᠤ᠂ ᠬᠥᠮᠥᠨ ᠠᠮᠠ ᠶᠢᠨ ᠴᠢᠳᠠᠪᠤᠷᠢ ᠶᠢᠨ ᠲᠠᠰ ᠢ ᠳᠡᠭᠡᠭᠰᠢᠯᠡᠭᠦᠯᠦᠨ᠂ ᠬᠥᠮᠥᠨ ᠠᠮᠠ ᠶᠢᠨ ᠣᠷᠳᠣ ᠬᠤᠭᠤᠴᠠᠭᠠᠨ ᠤ ᠲᠡᠩᠴᠡᠭᠦᠷᠢᠲᠡᠢ ᠬᠥᠭᠵᠢᠯᠲᠡ ᠶᠢ ᠠᠬᠢᠭᠤᠯᠵᠤ᠂ 2025 ᠣᠨ ᠤ ᠡᠴᠦᠰ ᠪᠣᠯᠬᠤ ᠳᠤ᠂ ᠪᠥᠬᠦ ᠬᠤᠲᠠ ᠶᠢᠨ ᠪᠠᠶᠢᠩᠭᠤ ᠰᠠᠭᠤᠭ᠎ᠠ ᠬᠥᠮᠥᠨ ᠠᠮᠠ 375 ᠲᠦᠮᠡ ᠶᠢ ᠳᠠᠪᠠᠵᠤ᠂ ᠬᠤᠲᠠ ᠶᠢᠨ ᠲᠣᠭᠤᠷᠢᠭ ᠤᠨ ᠪᠠᠶᠢᠩᠭᠤ ᠰᠠᠭᠤᠭ᠎ᠠ ᠬᠥᠮᠥᠨ ᠠᠮᠠ 300 ᠲᠦᠮᠡ ᠶᠢ ᠳᠠᠪᠠᠭ᠋ᠤ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠤᠨ᠂ ︽ᠴᠢᠳᠠᠪᠤᠷᠢᠲᠠᠨ ᠤ ᠰᠢᠨ᠎ᠡ ᠲᠥᠷᠥ ᠶᠢᠨ ᠪᠣᠳᠣᠯᠭ᠎ᠠ 10 ᠵᠤᠷᠪᠤᠰ︾ ᠢ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠳᠣᠣᠷᠠᠬᠢ ᠮᠡᠲᠦ ᠠᠷᠭ᠎ᠠ ᠬᠡᠮᠵᠢᠶ᠎ᠡ ᠶᠢ ᠲᠣᠭᠲᠠᠭᠠᠪᠠ᠃      ᠨᠢᠭᠡ᠂ ᠴᠢᠨᠠᠷᠲᠠᠢ ᠠᠵᠢᠯ ᠣᠯᠬᠤ ᠠᠵᠢᠯ ᠤᠨ ᠪᠠᠶᠢᠷᠢ ᠶᠢ ᠡᠭᠦᠳᠦᠨ᠎ᠡ      ︵ᠨᠢᠭᠡ︶ ᠦᠢᠯᠡᠳᠬᠦ ᠦᠢᠯᠡᠰ ᠢ ᠬᠥᠭᠵᠢᠭᠦᠯᠵᠦ ᠠᠵᠢᠯ ᠤᠨ ᠪᠠᠶᠢᠷᠢ ᠶᠢ ᠥᠷᠭᠡᠳᠬᠡᠨ᠎ᠡ᠃ ᠲᠡᠷᠢᠭᠦᠨ ᠤ ᠦᠢᠯᠡᠳᠬᠦ ᠦᠢᠯᠡᠰ ᠤᠨ ᠪᠥᠭᠡᠮᠨᠡᠷᠡᠯ ᠢ ᠶᠡᠬᠡᠪᠡᠷ ᠬᠥᠭᠵᠢᠭᠦᠯᠵᠦ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠠᠰ ᠳᠡᠪᠰᠢᠭᠦᠯᠬᠦ ᠪᠠ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠭᠤᠷᠪᠠᠨ ᠵᠢᠯ ᠤᠨ ᠳᠣᠲᠣᠷ᠎ᠠ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ 200 ᠶᠢ ᠲᠡᠳᠡᠨ ᠠᠪᠴᠢᠷᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ 180 ᠶᠢ ᠰᠢᠨ᠎ᠡ ᠪᠠᠷ ᠨᠡᠮᠡᠭᠳᠡᠭᠦᠯᠦᠨ᠂ 50 ᠬᠥᠲᠥᠴᠢ ᠠᠵᠤ ᠠᠬᠤᠶᠢᠯᠠᠯ ᠢ ᠪᠣᠶᠢᠵᠢᠭᠤᠯᠤᠨ ᠪᠠᠶᠢᠭᠤᠯᠤᠨ᠎ᠠ᠃ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠤᠨ ᠬᠡᠯᠬᠢᠶᠡᠨ ᠤ ᠭᠤᠣᠯᠯᠠᠬᠤ ᠠᠵᠤ ᠠᠬᠤᠶᠢᠯᠠᠯ ᠤᠨ ᠴᠢᠳᠠᠪᠤᠷᠢ ᠪᠠᠨ ᠳᠡᠭᠡᠭᠰᠢᠯᠡᠭᠦᠯᠦᠨ ᠠᠵᠢᠯ ᠤᠨ ᠪᠠᠶᠢᠷᠢ ᠪᠠᠨ ᠥᠷᠭᠡᠳᠬᠡᠬᠦ ᠶᠢ ᠵᠣᠷᠢᠭᠵᠢᠭᠤᠯᠵᠤ᠂ 4.5 ᠲᠦᠮᠡ ᠠᠴᠠ ᠳᠡᠭᠡᠭᠰᠢ ᠬᠥᠮᠥᠨ ᠳᠤ ᠰᠢᠨ᠎ᠡ ᠪᠠᠷ ᠠᠵᠢᠯ ᠣᠯᠭᠤᠬᠤ ᠶᠢ ᠳᠠᠶᠢᠴᠢᠯᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠣᠪᠴᠢᠶ᠎ᠠ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶      ︵ᠬᠤᠶᠠᠷ︶ ︽ᠲᠤᠰᠬᠠᠢ ᠨᠠᠷᠢᠯᠢᠭ ᠣᠨᠴᠠ ᠰᠢᠨ᠎ᠡ︾ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠥᠷᠭᠡᠳᠬᠡᠨ᠎ᠡ᠃ ᠰᠢᠨ᠎ᠡ ᠪᠠᠷ ᠬᠢᠨᠠᠨ ᠲᠣᠭᠲᠠᠭᠠᠭᠰᠠᠨ ᠤᠯᠤᠰ ᠤᠨ ᠲᠠᠰ ᠤᠨ ᠲᠤᠰᠬᠠᠢ ᠨᠠᠷᠢᠯᠢᠭ ᠣᠨᠴᠠ ᠰᠢᠨ᠎ᠡ ︽ᠵᠢᠵᠢᠭ ᠠᠪᠤᠷᠭᠤ ᠬᠥᠮᠥᠨ︾ ᠠᠵᠤ ᠠᠬᠤᠶᠢᠯᠠᠯ᠂ ᠥᠪᠡᠷᠲᠡᠭᠡᠨ ᠵᠠᠰᠠᠬᠤ ᠣᠷᠣᠨ ᠤ ᠲᠠᠰ ᠤᠨ ︽ᠲᠤᠰᠬᠠᠢ ᠨᠠᠷᠢᠯᠢᠭ ᠣᠨᠴᠠ ᠰᠢᠨ᠎ᠡ︾ ᠳᠤᠮᠳᠠ ᠵᠢᠵᠢᠭ ᠠᠵᠤ ᠠᠬᠤᠶᠢᠯᠠᠯ᠂ ︽ᠰᠢᠨ᠎ᠡ ᠶᠢ ᠡᠭᠦᠳᠬᠦ ᠬᠡᠯᠪᠡᠷᠢ︾ ᠶᠢᠨ ᠳᠤᠮᠳᠠ ᠵᠢᠵᠢᠭ ᠠᠵᠤ ᠠᠬᠤᠶᠢᠯᠠᠯ ᠳᠤ ᠲᠣᠰ ᠲᠣᠰ 100 ᠲᠦᠮᠡᠨ ᠲᠥᠭᠦᠷᠢᠭ᠂ 50 ᠲᠦᠮᠡᠨ ᠲᠥᠭᠦᠷᠢᠭ᠂ 20 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠣᠯᠭᠤᠨ᠎ᠠ᠃ ᠭᠤᠷᠪᠠᠨ ᠵᠢᠯ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠲᠡᠰ ᠤᠨ ᠠᠵᠤ ᠠᠬᠤᠶᠢᠯᠠᠯ ᠤᠨ ᠮᠡᠷᠭᠡᠵᠢᠯ ᠤᠨ ᠲᠥᠪ ᠢ 50 ᠠᠴᠠ ᠳᠡᠭᠡᠭᠰᠢ ᠬᠦᠷᠭᠡᠵᠦ᠂ ︽ᠲᠤᠰᠬᠠᠢ ᠨᠠᠷᠢᠯᠢᠭ ᠣᠨᠴᠠ ᠰᠢᠨ᠎ᠡ︾ ᠠᠵᠤ ᠠᠬᠤᠶᠢᠯᠠᠯ ᠪᠣᠯᠣᠨ ︽ᠰᠢᠨ᠎ᠡ ᠶᠢ ᠡᠭᠦᠳᠬᠦ ᠬᠡᠯᠪᠡᠷᠢ︾ ᠶᠢᠨ ᠳᠤᠮᠳᠠ ᠵᠢᠵᠢᠭ ᠠᠵᠤ ᠠᠬᠤᠶᠢᠯᠠᠯ ᠢ 120 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ 1ᠲᠦᠮᠡ ᠠᠴᠠ ᠳᠡᠭᠡᠭᠰᠢ ᠬᠥᠮᠥᠨ ᠳᠤ ᠰᠢᠨ᠎ᠡ ᠪᠠᠷ ᠠᠵᠢᠯ ᠣᠯᠭᠤᠬᠤ ᠶᠢ ᠲᠠᠶᠢᠴᠢᠯᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶      ︵ᠭᠤᠷᠪᠠ︶ ᠦᠢᠯᠡᠴᠢᠯᠡᠭᠡᠨ ᠤ ᠦᠢᠯᠡᠰ ᠢ ᠬᠥᠭᠵᠢᠭᠦᠯᠬᠦ ᠪᠠ ᠰᠢᠨ᠎ᠡ ᠡᠵᠡᠩᠨᠡᠯᠲᠡ ᠶᠢᠨ ᠬᠡᠯᠪᠡᠷᠢ ᠶᠢ ᠬᠥᠭᠵᠢᠭᠦᠯᠵᠦ ᠠᠵᠢᠯ ᠤᠨ ᠪᠠᠶᠢᠷᠢ ᠶᠢ ᠥᠷᠭᠡᠳᠬᠡᠨ᠎ᠡ᠃ ᠵᠢᠯ ᠪᠦᠷᠢ ᠦᠢᠯᠡᠴᠢᠯᠡᠭᠡᠨ ᠤ ᠦᠢᠯᠡᠰ ᠤᠨ ᠴᠢᠬᠤᠯᠠ ᠶᠡᠭᠡ ᠲᠥᠷᠥᠯ ᠵᠦᠢᠯ ᠢ 100 ᠠᠴᠠ ᠳᠡᠭᠡᠭᠰᠢ ᠪᠠᠶᠢᠭᠤᠯᠵᠤ᠂ ᠲᠠᠪᠴᠠᠩ ᠤᠨ ᠠᠵᠤ ᠠᠬᠤᠢ ᠶᠢᠨ ᠬᠥᠭᠵᠢᠯᠲᠡ ᠶᠢ ᠳᠡᠮᠵᠢᠵᠦ᠂ ᠰᠦᠯᠵᠢᠶᠡᠨ ᠤ ᠰᠢᠭᠤᠳ ᠨᠡᠪᠲᠡᠷᠡᠭᠦᠯᠭᠡ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠲᠦᠷᠭᠡᠨ ᠬᠦᠷᠭᠡᠯᠲᠡ ᠪᠠᠷᠠᠭᠠᠨ ᠤ ᠭᠦᠢᠯᠭᠡᠭᠡ᠂ ᠰᠦᠯᠵᠢᠶ᠎ᠡ ᠪᠠᠷ ᠪᠣᠯᠵᠣᠬᠤ ᠲᠡᠷᠭᠡ᠂ ᠵᠠᠬᠢᠶᠠᠯᠠᠭ᠎ᠠ ᠶᠢᠨ ᠬᠤᠭᠤᠯᠠ ᠬᠦᠷᠭᠡᠬᠦ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠠᠵᠢᠯ ᠣᠯᠭᠤᠯᠲᠠ ᠶᠢᠨ ᠣᠷᠣᠨ ᠵᠠᠢ ᠶᠢ ᠥᠷᠭᠡᠳᠬᠡᠨ᠎ᠡ᠃ ᠭᠤᠷᠪᠠᠨ ᠵᠢᠯ ᠤᠨ ᠳᠣᠲᠣᠷ᠎ᠠ 10 ᠲᠦᠮᠡ ᠠᠴᠠ ᠳᠡᠭᠡᠭᠰᠢ ᠬᠥᠮᠥᠨ ᠳᠤ ᠰᠢᠨ᠎ᠡ ᠪᠠᠷ ᠠᠵᠢᠯ ᠣᠯᠭᠤᠬᠤ ᠶᠢ ᠲᠠᠶᠢᠴᠢᠯᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      ︵ᠳᠥᠷᠪᠡ︶ ᠨᠢᠭᠡ ᠤᠳᠠᠭ᠎ᠠ ᠶᠢᠨ ᠴᠢᠨᠠᠷᠲᠠᠢ ᠠᠵᠢᠯ ᠤᠨ ᠪᠠᠶᠢᠷᠢ ᠶᠢ ᠥᠷᠭᠡᠳᠬᠡᠬᠦ ᠨᠥᠬᠦᠪᠦᠷᠢ ᠣᠯᠭᠤᠨ᠎ᠠ᠃ ᠰᠢᠨ᠎ᠡ ᠲᠡᠭᠦᠰᠦᠭᠰᠡᠨ ᠪᠠ ᠰᠤᠷᠭᠠᠭᠤᠯᠢ ᠠᠴᠠ ᠪᠠᠨ ᠰᠠᠯᠤᠭᠠᠳ ᠬᠤᠶᠠᠷ ᠵᠢᠯ ᠤᠨ ᠳᠣᠲᠣᠷ᠎ᠠ ᠠᠵᠢᠯ ᠣᠯᠣᠭᠠᠳᠤᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠠᠵᠢᠯ ᠠᠯᠳᠠᠭᠰᠠᠨ ᠢᠶᠠᠷ ᠪᠦᠷᠢᠳᠬᠡᠭᠦᠯᠦᠭᠰᠡᠨ 16 ︱ 24 ᠨᠠᠰᠤᠨ ᠤ ᠵᠠᠯᠠᠭᠤᠴᠤᠳ ᠲᠠᠢ ᠬᠥᠳᠡᠯᠮᠦᠷᠢ ᠶᠢᠨ ᠭᠡᠷ᠎ᠡ ᠲᠣᠭᠲᠠᠭᠰᠠᠨ ᠪᠥᠭᠡᠳ ᠲᠡᠭᠦᠨ ᠳᠤ ᠨᠡᠶᠢᠭᠡᠮ ᠤᠨ ᠳᠠᠭᠠᠳᠬᠠᠯ ᠤᠨ ᠰᠦᠢᠳᠬᠡᠯ ᠢ 1 ᠰᠠᠷ᠎ᠠ ᠠᠴᠠ ᠳᠡᠭᠡᠭᠰᠢ ᠲᠤᠰᠢᠶᠠᠭᠰᠠᠨ ᠠᠵᠤ ᠠᠬᠤᠶᠢᠯᠠᠯ ᠳᠤ ᠬᠥᠮᠥᠨ ᠪᠦᠷᠢ ᠶᠢᠨ 1500 ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠠᠵᠢᠯ ᠤᠨ ᠪᠠᠶᠢᠷᠢ ᠥᠷᠭᠡᠳᠬᠡᠭᠰᠡᠨ ᠨᠥᠬᠦᠪᠦᠷᠢ ᠣᠯᠭᠤᠨ᠎ᠠ ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶      ︵ᠲᠠᠪᠤ︶ ᠠᠵᠢᠯ ᠣᠯᠭᠤᠬᠤ ᠦᠢᠯᠡᠴᠢᠯᠡᠭᠡ ᠶᠢ ᠴᠢᠩᠭᠠᠷᠠᠭᠤᠯᠤᠨ᠎ᠠ᠃ ︽ᠠᠵᠢᠯ ᠣᠯᠵᠤ ᠦᠢᠯᠡᠰ  ᠴᠤᠭᠴᠠᠯᠠᠬᠤ ᠳᠤ ᠲᠤᠬᠢᠷᠠᠮᠵᠢᠲᠠᠢ ᠲᠥᠪ ᠬᠤᠲᠠ︾ ᠤᠶᠤᠨᠲᠤ ᠠᠵᠢᠯ ᠣᠯᠭᠤᠯᠲᠠ ᠶᠢᠨ ᠦᠢᠯᠡᠴᠢᠯᠡᠭᠡᠨ ᠤ ᠡᠭᠦᠯᠡᠨ ᠲᠠᠪᠴᠠᠩ ᠢ ᠪᠦᠲᠦᠭᠡᠨ ᠪᠠᠶᠢᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠤᠭᠰᠠᠨ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡ ᠬᠠᠩᠭᠠᠨ᠎ᠠ᠃ ︽ᠵᠠᠯᠠᠭᠤᠴᠤᠳ ᠢ ᠬᠤᠳᠠ ᠳᠤ ᠪᠤᠴᠠᠭᠠᠬᠤ︾ ᠠᠵᠢᠯᠯᠠᠭ᠎ᠠ ᠶᠢ ᠬᠡᠷᠡᠭᠵᠢᠭᠦᠯᠵᠦ᠂ ᠵᠠᠯᠠᠭᠤᠴᠤᠳ ᠤᠨ ᠠᠵᠢᠯ ᠣᠯᠵᠤ ᠦᠢᠯᠡᠰ ᠪᠣᠰᠬᠠᠬᠤ ᠳᠠᠳᠤᠯᠭ᠎ᠠ ᠶᠢᠨ ᠰᠠᠭᠤᠷᠢᠨ ᠢ 80 ᠶᠢ ᠰᠢᠨ᠎ᠡ ᠪᠠᠷ ᠪᠠᠶᠢᠭᠤᠯᠵᠤ᠂ ᠵᠢᠯ ᠪᠦᠷᠢ 1000 ᠠᠴᠠ ᠳᠡᠭᠡᠭᠰᠢ ᠰᠢᠯᠢᠳᠡᠭ ᠳᠠᠳᠤᠯᠭ᠎ᠠ ᠶᠢᠨ ᠠᠵᠢᠯ ᠤᠨ ᠪᠠᠶᠢᠷᠢ ᠶᠢ ᠡᠯᠰᠡᠵᠦ᠂ 3000 ᠠᠴᠠ ᠳᠡᠭᠡᠭᠰᠢ ᠶᠡᠭᠡ‌‍ᠲ᠋ᠡᠭᠡᠳᠦ ᠰᠤᠷᠭᠠᠭᠤᠯᠢ ᠠᠴᠠ ᠲᠡᠭᠦᠰᠦᠭᠰᠡᠨ ᠤᠶᠤᠳᠠᠳ ᠢ ᠲᠠᠲᠠᠵᠤ ᠬᠦᠬᠡᠬᠤᠲᠠ ᠳᠤ ᠢᠷᠡᠭᠦᠯᠵᠦ ᠳᠠᠳᠤᠯᠭ᠎ᠠ ᠳᠤ ᠣᠷᠣᠯᠴᠠᠭᠤᠯᠤᠨ᠎ᠠ᠃ ᠵᠢᠯ ᠪᠦᠷᠢ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠠᠵᠢᠯᠲᠠᠨ ᠡᠯᠰᠡᠬᠦ ᠴᠤᠭᠯᠠᠭᠠᠨ ᠢ 100 ᠲᠠᠯᠠᠪᠠᠢ ᠠᠴᠠ ᠳᠡᠭᠡᠭᠰᠢ ᠥᠷᠨᠢᠭᠦᠯᠵᠦ᠂ 10 ᠲᠦᠮᠡ ᠠᠴᠠ ᠳᠣᠣᠷ᠎ᠠ ᠦᠭᠡᠢ ᠠᠵᠢᠯ ᠤᠨ ᠪᠠᠶᠢᠷᠢ ᠬᠠᠩᠭᠠᠵᠤ᠂ 3 ᠲᠦᠮᠡ ᠠᠴᠠ ᠳᠡᠭᠡᠭᠰᠢ ᠬᠥᠮᠥᠨ ᠳᠤ ᠠᠵᠢᠯ ᠣᠯᠭᠤᠬᠤ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠡᠪᠯᠡᠯ ᠤᠨ ᠬᠤᠷᠢᠶ᠎ᠠ︶      ︵ᠵᠢᠷᠭᠤᠭ᠎ᠠ︶ ᠦᠢᠯᠡᠰ ᠴᠣᠭᠴᠠᠯᠠᠬᠤ ᠶᠢ ᠲᠡᠳᠬᠦᠵᠦ ᠳᠡᠮᠵᠢᠬᠦ ᠶᠢ ᠴᠢᠩᠭᠠᠳᠬᠠᠨ᠎ᠠ᠃ ᠦᠢᠯᠡᠰ ᠴᠣᠭᠴᠠᠯᠠᠬᠤ ᠬᠦᠷᠢᠶᠡᠯᠡᠩ ᠤᠨ ᠨᠡᠪᠴᠢᠭᠦᠯᠬᠦ ᠰᠠᠭᠤᠷᠢᠨ ᠭᠠᠵᠠᠷ ᠢ 10᠂ ᠵᠠᠯᠠᠭᠤᠴᠤᠳ ᠤᠨ ᠦᠢᠯᠡᠰ ᠴᠣᠭᠴᠠᠯᠠᠬᠤ ᠨᠡᠪᠴᠢᠭᠦᠯᠬᠦ ᠪᠠᠭᠠᠵᠢ ᠶᠢ 50 ᠶᠢ ᠰᠢᠨ᠎ᠡ ᠪᠠᠷ ᠪᠠᠶᠢᠭᠤᠯᠤᠨ᠎ᠠ᠃ ᠵᠠᠯᠠᠭᠤ ᠣᠶᠤᠲᠠᠳ ᠲᠣᠰ ᠬᠤᠲᠠ ᠳᠤ ᠵᠢᠵᠢᠭ ᠪᠢᠴᠢᠯ ᠠᠵᠤ ᠠᠬᠤᠶᠢᠯᠠᠯ ︵ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠠᠭᠲᠠᠨ᠎ᠠ︶ ᠡᠷᠭᠢᠯᠡᠪᠡᠯ᠂ ᠬᠠᠮᠤᠭ ᠤᠨ ᠥᠨᠳᠥᠷ ᠲᠡᠭᠡᠨ 5000 ᠲᠥᠭᠦᠷᠢᠭ ᠤᠨ ᠲᠠᠯᠠᠪᠤᠷ ᠤᠨ ᠲᠦᠷᠢᠶᠡᠰᠦᠨ ᠤ ᠨᠥᠬᠦᠪᠦᠷᠢ ᠭᠤᠶᠤᠴᠢᠯᠠᠵᠤ ᠪᠣᠯᠣᠨ᠎ᠠ᠂ ᠡᠷᠭᠢᠯᠡᠭᠰᠡᠨ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢᠨ ᠬᠡᠲᠦ ᠶᠢᠨ ᠲᠥᠯᠥᠪ ᠰᠠᠶᠢᠨ᠂ ᠳᠠᠶᠢᠴᠢᠯᠠᠵᠤ ᠠᠵᠢᠯ ᠣᠯᠭᠤᠬᠤ ᠬᠥᠮᠥᠨ ᠤ ᠲᠤᠭ᠎ᠠ ᠪᠠᠷ ᠨᠡᠯᠢᠶᠡᠳ ᠣᠯᠠᠨ ᠪᠠᠶᠢᠪᠠᠯ᠂ ᠬᠢᠨᠠᠨ ᠲᠣᠭᠲᠠᠭᠠᠭᠰᠠᠨ ᠤ ᠳᠠᠷᠠᠭ᠎ᠠ ᠬᠠᠮᠤᠭ ᠤᠨ ᠥᠨᠳᠥᠷ ᠲᠡᠭᠡᠨ 600 ᠲᠦᠮᠡᠨ ᠲᠥᠭᠦᠷᠢᠭ ᠤᠨ ᠦᠢᠯᠡᠰ ᠴᠣᠭᠴᠠᠯᠠᠬᠤ ᠪᠠᠲᠤᠯᠠᠭᠠᠲᠤ ᠵᠢᠭᠡᠯᠡᠯᠭᠡ ᠭᠤᠶᠤᠴᠢᠯᠠᠵᠤ ᠪᠣᠯᠣᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠡᠪᠯᠡᠯ ᠤᠨ ᠬᠤᠷᠢᠶ᠎ᠠ︶      ᠬᠤᠶᠠᠷ᠂ ᠠᠮᠤᠭᠤᠯᠠᠩ ᠣᠷᠣᠨ ᠰᠠᠭᠤᠴᠠ ᠶᠢᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠤᠨ᠎ᠠ     ︵ᠳᠣᠯᠤᠭ᠎ᠠ︶ ᠣᠷᠣᠨ ᠰᠠᠭᠤᠴᠠ ᠶᠢᠨ ᠡᠬᠢ ᠪᠠᠶᠠᠯᠢᠭ ᠤᠨ ᠬᠠᠩᠭᠠᠯᠭ᠎ᠠ ᠶᠢ ᠨᠡᠮᠡᠭᠳᠡᠭᠦᠯᠦᠨ᠎ᠡ᠃ ᠭᠤᠷᠪᠠᠨ ᠵᠢᠯ ᠤᠨ ᠳᠣᠲᠣᠷ᠎ᠠ ᠲᠥᠪᠯᠡᠷᠡᠭᠦᠯᠦᠨ ᠰᠢᠨ᠎ᠡ ᠪᠠᠷ ᠪᠠᠶᠢᠭᠤᠯᠬᠤ᠂ ᠠᠵᠤ ᠠᠬᠤᠶᠢᠯᠠᠯ ᠠᠴᠠ ᠲᠣᠬᠢᠷᠠᠭᠤᠯᠤᠨ ᠪᠠᠶᠢᠭᠤᠯᠬᠤ ᠪᠠ ᠵᠠᠬ᠎ᠠ ᠳᠡᠯᠭᠡᠭᠦᠷ ᠠᠴᠠ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ 4000 ᠨᠡᠶᠢᠲᠡ ᠶᠢᠨ ᠲᠦᠷᠢᠶᠡᠰᠦᠨ ᠭᠡᠷ᠂ 1.3 ᠲᠦᠮᠡᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠴᠤᠭᠯᠠᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︶      ︵ᠨᠠᠢᠮᠠ︶ ᠨᠡᠶᠢᠲᠡ ᠶᠢᠨ ᠲᠦᠷᠢᠶᠡᠰᠦᠨ ᠭᠡᠷ ᠭᠤᠶᠤᠴᠢᠯᠠᠬᠤ ᠨᠥᠬᠦᠴᠡᠯ ᠳᠤ ᠨᠡᠶᠢᠴᠡᠵᠦ᠂ ᠪᠣᠳᠠᠲᠠᠢ ᠲᠦᠷᠢᠶᠡᠰᠦᠯᠡᠵᠦ ᠣᠯᠣᠭᠰᠠᠨ ᠦᠭᠡᠢ ᠬᠥᠮᠥᠰ ᠵᠢᠯ ᠪᠦᠷᠢ 2880 ᠲᠥᠭᠦᠷᠢᠭ ᠤᠨ ᠣᠷᠳᠣ ᠬᠤᠭᠤᠴᠠᠭᠠᠨ ᠤ ᠲᠦᠷᠢᠶᠡᠰᠦᠨ ᠨᠥᠬᠦᠪᠦᠷᠢ ᠭᠤᠶᠤᠴᠢᠯᠠᠨ ᠠᠪᠴᠤ ᠪᠣᠯᠣᠨ᠎ᠠ᠃ ᠮᠠᠨ ᠤ ᠬᠤᠲᠠ ᠳᠤ ᠭᠡᠷ ᠪᠠᠶᠢᠰᠢᠩ ᠦᠭᠡᠢ ᠵᠠᠯᠠᠭᠤᠴᠤᠳ ᠂ ᠰᠢᠨ᠎ᠡ ᠬᠤᠲᠠ ᠶᠢᠨ ᠠᠷᠠᠳ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠲᠦᠷᠢᠶᠡᠰᠦᠯᠡᠬᠦ ᠪᠠᠷ ᠭᠤᠶᠤᠴᠢᠯᠠᠬᠤ ᠳᠤ᠂ ᠲᠦᠷᠢᠶᠡᠰᠦᠨ ᠮᠥᠩᠭᠦ ᠨᠢ ᠵᠠᠬ᠎ᠠ ᠳᠡᠯᠭᠡᠭᠦᠷ ᠤᠨ ᠦᠨ᠎ᠡ ᠶᠢᠨ 70% ᠠᠴᠠ ᠬᠡᠲᠦᠷᠡᠬᠦ ᠦᠭᠡᠢ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︶      ︵ᠶᠢᠰᠦ︶ ᠮᠠᠨ ᠤ ᠬᠤᠲᠠ ᠳᠤ ᠠᠩᠬ᠎ᠠ ᠤᠳᠠᠭ᠎ᠠ ᠰᠢᠨ᠎ᠡ ᠪᠠᠶᠢᠭᠤᠯᠤᠭᠰᠠᠨ ᠲᠠᠸᠠᠷ ᠤᠨ ᠣᠷᠣᠨ ᠰᠠᠭᠤᠴᠠ ᠶᠢ ᠬᠤᠳᠠᠯᠳᠤᠨ ᠠᠪᠤᠪᠠᠯ᠂ ᠭᠡᠷ᠎ᠡ ᠶᠢᠨ ᠭᠠᠶᠢᠯᠢ ᠶᠢᠨ ᠪᠥᠬᠦ ᠲᠣᠭᠠᠨ ᠤ ᠨᠥᠬᠦᠪᠦᠷᠢ ᠶᠢ ᠭᠥᠷᠳᠡᠵᠦ ᠪᠣᠯᠣᠨ᠎ᠠ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠵᠢᠭᠡᠯᠡᠵᠦ ᠪᠣᠯᠬᠤ ᠲᠤᠭ᠎ᠠ ᠶᠢ ᠬᠤᠪᠢ ᠬᠥᠮᠥᠨ ᠤ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠠᠩᠰᠠᠨ ᠡᠷᠦᠬᠡ ᠶᠢᠨ ᠦᠯᠡᠳᠡᠪᠦᠷᠢ ᠲᠤᠭ᠎ᠠ ᠶᠢᠨ 20 ᠳᠠᠬᠢᠨ ᠪᠠᠶᠢᠭᠰᠠᠨ ᠢ 25 ᠳᠠᠬᠢᠨ ᠪᠣᠯᠭᠠᠨ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ︶      ︵ᠠᠷᠪᠠ︶ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠭᠡᠷ ᠪᠠᠶᠢᠰᠢᠩ ᠲᠦᠷᠢᠶᠡᠰᠦᠯᠡᠬᠦ ᠪᠠ ᠬᠤᠳᠠᠯᠳᠤᠨ ᠠᠪᠬᠤ ᠨᠥᠬᠦᠪᠦᠷᠢ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠨᠥᠬᠦᠴᠡᠯ ᠳᠤ ᠨᠡᠶᠢᠴᠡᠬᠦ ᠲᠤᠰᠬᠠᠢ ᠮᠡᠷᠭᠡᠵᠢᠯ ︵ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ︶ ᠤᠨ ᠰᠤᠷᠭᠠᠭᠤᠯᠢ ᠲᠡᠭᠦᠰᠦᠭᠰᠡᠳ ᠢ ᠨᠥᠬᠦᠪᠦᠷᠢ ᠣᠯᠭᠤᠬᠤ ᠡᠲᠡᠭᠡᠳ ᠲᠤ ᠣᠷᠣᠭᠤᠯᠤᠨ᠎ᠠ᠃ ᠭᠡᠷ ᠪᠠᠶᠢᠰᠢᠩ ᠲᠦᠷᠢᠶᠡᠰᠦᠯᠡᠬᠦ ᠳᠤ ᠰᠠᠷ᠎ᠠ ᠪᠦᠷᠢ 300 ᠲᠥᠭᠦᠷᠢᠭ ᠤᠨ ᠨᠥᠬᠦᠪᠦᠷᠢ ᠣᠯᠭᠤᠵᠤ᠂ ᠬᠠᠮᠤᠭ ᠣᠷᠳᠣ ᠳᠠᠭᠠᠨ 2 ᠵᠢᠯ ᠨᠥᠬᠦᠪᠦᠷᠢ ᠣᠯᠭᠤᠵᠤ᠂ ᠭᠡᠷ ᠪᠠᠶᠢᠰᠢᠩ ᠬᠤᠳᠠᠯᠳᠤᠨ ᠠᠪᠬᠤ ᠳᠤ ᠨᠢᠭᠡ ᠤᠳᠠᠭ᠎ᠠ ᠶᠢᠨ ᠴᠢᠨᠠᠷᠲᠠᠢ 2 ᠲᠦᠮᠡᠨ ᠲᠥᠭᠦᠷᠢᠭ ᠤᠨ ᠨᠥᠬᠦᠪᠦᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︶      ︵ᠠᠷᠪᠠᠨ ᠨᠢᠭᠡ︶ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠪᠠᠶᠢᠷᠢ᠂ ᠴᠢᠳᠠᠪᠤᠷᠢᠲᠠᠨ ᠤ ᠨᠡᠶᠢᠲᠡ ᠶᠢᠨ ᠪᠠᠶᠢᠷᠢ ᠵᠡᠷᠭᠡ ᠢᠵᠢ ᠪᠦᠷᠢᠳᠦᠭᠦᠯᠬᠦ ᠪᠡᠯᠡᠳᠬᠡᠮᠵᠢ ᠪᠠᠶᠢᠭᠤᠯᠬᠤ ᠶᠢ ᠵᠣᠷᠢᠭᠵᠢᠭᠤᠯᠵᠤ᠂ ᠥᠮᠴᠢᠯᠡᠬᠦ ᠡᠷᠬᠡ ᠨᠢ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠳᠤ ᠬᠠᠷᠢᠶᠠᠯᠠᠭᠳᠠᠬᠤ ᠲᠥᠷᠥᠯ ᠵᠦᠢᠯ ᠳᠤ ᠪᠡᠯᠡ ᠣᠷᠣᠭᠤᠯᠤᠯᠲᠠ ᠶᠢᠨ ᠲᠣᠭᠠᠨ ᠤ 15% ᠪᠠᠷ ᠨᠥᠬᠦᠪᠦᠷᠢ ᠥᠭᠴᠦ᠂ ᠬᠠᠮᠤᠭ ᠥᠨᠳᠥᠷ ᠲᠡᠭᠡᠨ 2000 ᠲᠦᠮᠡᠨ ᠲᠥᠭᠦᠷᠢᠭ ᠤᠨ ᠨᠥᠬᠦᠪᠦᠷᠢ ᠥᠭᠭᠦᠨ᠎ᠡ᠃ ︵ᠬᠠᠷᠢᠭᠤᠴᠠᠬᠤ ᠨᠢᠭᠡᠴᠢ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶      ᠭᠤᠷᠪᠠ᠂ ᠰᠤᠷᠭᠠᠨ ᠬᠥᠮᠦᠵᠢᠯ ᠡᠮᠴᠢᠯᠡᠭᠡᠨ ᠤ ᠡᠬᠢ ᠪᠠᠶᠠᠯᠢᠭ ᠤᠨ ᠬᠠᠩᠭᠠᠯᠭ᠎ᠠ ᠶᠢ ᠨᠡᠮᠡᠭᠳᠡᠭᠦᠯᠦᠨ᠎ᠡ      ︵ᠠᠷᠪᠠᠨ ᠬᠤᠶᠠᠷ︶ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠨᠥᠬᠦᠴᠡᠯ ᠳᠤᠷᠠᠳᠬᠤ ᠦᠭᠡᠢ︾  ᠪᠠᠷ ᠰᠤᠷᠤᠭᠴᠢ ᠡᠯᠰᠡᠬᠦ ᠶᠢ ᠬᠡᠷᠡᠭᠵᠢᠭᠦᠯᠵᠦ᠂ ᠭᠤᠷᠪᠠᠨ ᠵᠢᠯ ᠤᠨ ᠳᠣᠲᠣᠷ᠎ᠠ 56 ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ᠂ ᠦᠷᠭᠦᠯᠵᠢᠯᠡᠨ ᠪᠠᠶᠢᠭᠤᠯᠬᠤ ᠪᠠ‌ᠥᠭᠡᠷᠡᠴᠢᠯᠡᠵᠦ ᠥᠷᠭᠡᠳᠬᠡᠨ ᠪᠠᠶᠢᠭᠤᠯᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ ᠶᠢ 90% ᠬᠦᠷᠭᠡᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠣᠷᠣᠨ ᠲᠤᠭ᠎ᠠ ᠶᠢ 5.3 ᠲᠦᠮᠡ ᠰᠢᠨ᠎ᠡ ᠪᠠᠷ ᠨᠡᠮᠡᠭᠳᠡᠭᠦᠯᠵᠦ᠂ ᠠᠯᠪᠠᠨ ᠠᠴᠠ ᠡᠷᠭᠢᠯᠡᠭᠰᠡᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ ᠶᠢᠨ ᠣᠷᠣᠨ ᠲᠤᠭ᠎ᠠ ᠶᠢ 2.88 ᠲᠦᠮᠡ ᠬᠠᠩᠭᠠᠵᠤ᠂ ᠬᠥᠬᠡᠬᠤᠲᠠ ᠳᠤ ᠢᠷᠡᠭᠰᠡᠨ ᠬᠥᠮᠥᠰ ᠤᠨ ᠦᠷ᠎ᠡ ᠬᠡᠦᠬᠡᠳ ᠤᠨ ︽ᠣᠷᠣᠬᠤ ᠰᠤᠷᠭᠠᠭᠤᠯᠢ ᠲᠠᠢ᠂ ᠰᠠᠶᠢᠨ ᠰᠤᠷᠭᠠᠭᠤᠯᠢ ᠳᠤ ᠣᠷᠣᠬᠤ ︾ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ︶      ︵ᠠᠷᠪᠠᠨ ᠭᠤᠷᠪᠠ︶ ᠪᠦᠯᠦᠭᠯᠡᠯ ᠮᠠᠶ᠋ᠢᠭ ᠤᠨ ᠰᠤᠷᠭᠠᠭᠤᠯᠢ ᠡᠷᠭᠢᠯᠡᠬᠦ ᠶᠢ ᠠᠬᠢᠭᠤᠯᠤᠨ᠂ ᠴᠢᠨᠠᠷ ᠰᠠᠶᠢᠲᠠᠢ ᠵᠢᠭᠠᠨ ᠰᠤᠷᠭᠠᠯᠲᠠ ᠶᠢᠨ ᠡᠬᠢ ᠪᠠᠶᠠᠯᠢᠭ ᠤᠨ ᠲᠡᠩᠴᠡᠭᠦᠷᠢᠲᠡᠢ ᠪᠠᠶᠢᠷᠢᠰᠢᠭᠤᠯᠤᠯᠲᠠ ᠶᠢ ᠠᠬᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠦᠯᠦᠭᠯᠡᠯ ᠮᠠᠶ᠋ᠢᠭ ᠤᠨ ᠰᠤᠷᠭᠠᠭᠤᠯᠢ ᠡᠷᠭᠢᠯᠡᠬᠦ ᠡᠴᠠ‌ᠠᠰᠢᠭ ᠬᠦᠷᠲᠡᠬᠦ ᠰᠣᠷᠣᠭᠴᠢ ᠶᠢᠨ ᠲᠤᠭ᠎ᠠ ᠶᠢ 70% ᠬᠦᠷᠭᠡᠨ᠎ᠡ᠃ ᠭᠤᠷᠪᠠᠨ ᠵᠢᠯ ᠤᠨ ᠳᠣᠲᠣᠷ᠎ᠠ ᠪᠠᠭᠰᠢ ᠠᠵᠢᠯᠲᠠᠨ ᠢ 3000 ᠣᠷᠴᠢᠮ ᠡᠯᠰᠡᠵᠦ᠂ ᠠᠰᠫᠢᠷᠠᠨᠲ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ 500 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ︶      ︵ᠠᠷᠪᠠᠨ ᠳᠥᠷᠪᠡ︶ ᠡᠮᠴᠢᠯᠡᠭᠡᠨ ᠤ ᠡᠬᠢ ᠪᠠᠶᠠᠯᠢᠭ ᠤᠨ ᠶᠠᠰᠤ ᠴᠢᠨᠠᠷ ᠢ ᠳᠡᠭᠡᠭᠰᠢᠯᠡᠭᠦᠯᠦᠨ ᠬᠡᠪᠴᠢᠶ᠎ᠡ ᠶᠢ  ᠥᠷᠭᠡᠳᠭᠡᠬᠦ ᠶᠢ ᠠᠬᠢᠭᠤᠯᠤᠨ᠎ᠠ᠃ ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠪᠡᠭᠡᠵᠢᠩ ᠤᠨ ᠨᠥᠬᠦᠷᠯᠡᠯ ᠡᠮᠨᠡᠯᠭᠡ ᠶᠢᠨ ᠬᠤᠷᠢᠶ᠎ᠠ ᠶᠢᠨ ᠥᠪᠥᠷ ᠮᠣᠩᠭᠤᠯ ᠤᠨ ᠡᠮᠨᠡᠯᠭᠡ ᠶᠢᠨ ᠬᠤᠷᠢᠶ᠎ᠠ᠂ ᠪᠡᠭᠡᠵᠢᠩ ᠶᠡᠭᠡ ᠰᠤᠷᠭᠠᠭᠤᠯᠢ ᠶᠢᠨ ᠬᠠᠪᠤᠳᠠᠷ ᠤᠨ ᠡᠮᠨᠡᠯᠭᠡ ᠶᠢᠨ ᠬᠤᠷᠢᠶ᠎ᠠ ᠶᠢᠨ ᠥᠪᠥᠷ ᠮᠣᠩᠭᠤᠯ ᠤᠨ ᠡᠮᠨᠡᠯᠭᠡ ᠶᠢᠨ ᠬᠤᠷᠢᠶ᠎ᠠ ᠶᠢᠨ 2 ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠪᠠ 5 ᠤᠯᠤᠰ ᠤᠨ ᠠᠨᠠᠭᠠᠬᠤ ᠤᠬᠠᠭᠠᠨ ᠤ ᠬᠤᠪᠢᠶᠠᠷᠢ ᠲᠥᠪ ᠢ ᠪᠠᠶᠢᠭᠤᠯᠵᠤ᠂ ᠡᠮᠴᠢᠯᠡᠭᠡᠨ ᠤ ᠭᠤᠣᠯᠳᠠᠯᠭ᠎ᠠ ᠲᠠᠢ ᠲᠤᠰᠬᠠᠢ ᠰᠠᠯᠠᠭ᠎ᠠ ᠶᠢ 57 ᠶᠢ ᠪᠠᠶᠢᠭᠤᠯᠵᠤ᠂ ᠣᠯᠠᠨ ᠲᠦᠮᠡᠨ ᠢ ᠭᠡᠷ ᠤᠨ ᠡᠭᠦᠳᠡᠨ ᠳ᠋ᠦ‌‍ᠪᠠᠨ ᠥᠨᠳᠥᠷ ᠬᠢᠷᠢ ᠲᠦᠪᠰᠢᠨ ᠲᠠᠢ ᠠᠳᠠᠯᠢ ᠶᠠᠰᠤ ᠴᠢᠨᠠᠷ  ᠲᠠᠢ ᠡᠮᠴᠢᠯᠡᠭᠡᠨ ᠤ ᠦᠢᠯᠡᠴᠢᠯᠡᠭᠡ ᠬᠦᠷᠲᠡᠬᠦ ᠪᠣᠯᠭᠠᠨ᠎ᠠ᠃ ᠠᠵᠢᠯᠲᠠᠨ ᠠᠵᠢᠯᠴᠢᠨ ᠤ ᠡᠮᠴᠢᠯᠡᠭᠡᠨ ᠤ ᠪᠠᠲᠤᠯᠠᠭ᠎ᠠ ᠶᠢᠨ ᠡᠮᠨᠡᠯᠭᠡ ᠳᠤ ᠰᠠᠭᠤᠬᠤ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠲᠠᠩᠰᠠ ᠲᠠᠶᠢᠯᠬᠤ ᠬᠠᠷᠢᠴᠠᠯ ᠢ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ ᠥᠨᠳᠥᠷ ᠪᠣᠯᠭᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ︶      ︵ᠠᠷᠪᠠᠨ ᠲᠠᠪᠤ︶ ᠬᠤᠶᠠᠷ ᠬᠡᠦᠬᠡᠳ᠂ ᠭᠤᠷᠪᠠᠨ ᠬᠡᠦᠬᠡᠳ ᠠᠪᠤᠭᠰᠠᠨ ᠬᠥᠬᠡᠬᠤᠲᠠ ᠶᠢᠨ ᠡᠷᠦᠬᠡ ᠠᠮᠠ ᠲᠠᠢ ᠭᠡᠷ ᠪᠦᠯᠢ ᠳᠤ ᠨᠢᠭᠡ ᠤᠳᠠᠭ᠎ᠠ ᠶᠢᠨ ᠴᠢᠨᠠᠷᠲᠠᠢ ᠪᠠᠷ 5000 ᠲᠥᠭᠦᠷᠢᠭ ᠤᠨ ᠬᠡᠦᠬᠡᠳ ᠪᠣᠶᠢᠵᠢᠭᠤᠯᠬᠤ ᠨᠥᠬᠦᠪᠦᠷᠢ ᠣᠯᠭᠤᠨ᠎ᠠ᠃ ᠬᠡᠦᠬᠡᠳ ᠰᠠᠭᠠᠲᠠᠭᠤᠯᠬᠤ ᠭᠠᠵᠠᠷ ᠣᠷᠣᠭᠰᠠᠨ 3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠤᠨ ᠲᠤᠭ᠎ᠠ ᠪᠠᠷ ᠰᠠᠭᠠᠲᠠᠭᠤᠯᠵᠤ ᠬᠥᠮᠥᠵᠢᠭᠦᠯᠬᠦ ᠪᠠᠶᠢᠭᠤᠯᠤᠮᠵᠢ ᠳᠤ ᠬᠥᠮᠥᠨ ᠪᠦᠷᠢ ᠶᠢᠨ ᠵᠢᠯ ᠳᠤ 600 ᠲᠥᠭᠦᠷᠢᠭ ᠤᠨ ᠠᠰᠠᠷᠠᠵᠤ ᠬᠠᠷᠠᠭᠠᠯᠵᠠᠬᠤ ᠨᠥᠬᠦᠪᠦᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶       ᠳᠥᠷᠪᠡ᠂ ᠠᠷᠠᠳ ᠤᠨ ᠰᠡᠳᠬᠢᠯ ᠢ ᠳᠤᠯᠠᠭᠠᠴᠠᠭᠤᠯᠵᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠭᠠᠷᠭᠠᠨ᠎ᠠ      ︵ᠠᠷᠪᠠᠨ ᠵᠢᠷᠭᠤᠭ᠎ᠠ︶ ᠠᠷᠠᠳ ᠲᠤ ᠲᠥᠬᠦᠮ ᠦᠵᠡᠭᠦᠯᠬᠦ ᠴᠣᠩᠬᠤᠨ ᠤ ᠦᠢᠯᠡᠴᠢᠯᠡᠭᠡ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠴᠥᠮ ︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ ᠴᠣᠩᠬᠤ ᠭᠠᠷᠭᠠᠵᠤ᠂ ᠨᠡᠶᠢᠭᠡᠮ ᠤᠨ ᠳᠠᠭᠠᠳᠬᠠᠯ ᠤᠨ ᠺᠠᠷᠲ ᠭᠤᠶᠤᠴᠢᠯᠠᠨ ᠠᠪᠬᠤ᠂ ᠣᠨᠳᠣᠣ ᠭᠠᠵᠠᠷ ᠲᠤ ᠡᠮᠴᠢᠯᠡᠭᠦᠯᠬᠦ ᠶᠢ ᠪᠦᠷᠢᠳᠬᠡᠨ ᠳᠠᠩᠰᠠᠯᠠᠬᠤ ᠪᠠ ᠳ᠋ᠦᠩᠨᠡᠨ ᠪᠤᠳᠤᠬᠤ᠂ ᠨᠡᠶᠢᠭᠡᠮ ᠤᠨ ᠳᠠᠭᠠᠳᠬᠠᠯ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠰᠢᠯᠵᠢᠭᠦᠯᠬᠦ ᠦᠷᠭᠦᠯᠵᠢᠯᠡᠭᠦᠯᠬᠦ᠂ ᠡᠷᠦᠬᠡ ᠠᠮᠠ ᠰᠢᠯᠵᠢᠭᠦᠯᠬᠦ᠂ ᠠᠵᠢᠯ ᠣᠯᠵᠤ ᠦᠢᠯᠡᠰ ᠴᠣᠭᠴᠠᠯᠠᠬᠤ᠂ ᠣᠷᠤᠭ ᠤᠨ ᠳᠠᠩᠰᠠᠯᠠᠯᠲᠠ᠂ ᠦᠷᠡᠵᠢᠯ ᠤᠨ ᠳᠠᠩᠰᠠᠯᠠᠯᠲᠠ ᠵᠡᠷᠭᠡ ᠦᠢᠯᠡᠴᠢᠯᠡᠭᠡᠨ ᠤ ᠵᠦᠢᠯᠡᠰ ᠢ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ︶      ︵ᠠᠷᠪᠠᠨ ᠳᠣᠯᠤᠭ᠎ᠠ︶ ᠣᠯᠠᠨ ᠶᠠᠩᠵᠤ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠎ᠠ᠃ ᠨᠡᠶᠢᠭᠡᠮ ᠲᠣᠭᠤᠷᠢᠭ ᠨᠢᠭᠡᠪᠦᠷᠢ ᠳᠤ ᠨᠡᠭᠦᠳᠡᠯ ᠬᠥᠮᠥᠨ ᠠᠮᠠ ᠶᠢᠨ ᠦᠢᠯᠡᠴᠢᠯᠡᠭᠡᠨ ᠤ ᠥᠷᠲᠡᠭᠡ ᠪᠠᠶᠢᠭᠤᠯᠤᠨ᠂ ︽ᠤᠯᠠᠭᠠᠨ ᠠᠨᠠᠷ ᠥᠷᠲᠡᠭᠡ︾ ᠶᠢ ᠡᠭᠦᠳᠴᠦ᠂ ᠭᠠᠳᠠᠨ᠎ᠠ ᠠᠴᠠ ᠢᠷᠡᠭᠰᠡᠨ ᠨᠡᠭᠦᠳᠡᠯ ᠬᠥᠮᠥᠨ ᠠᠮᠠ ᠳᠤ ᠭᠡᠷ ᠪᠠᠶᠢᠰᠢᠩ ᠲᠦᠷᠢᠶᠡᠰᠦᠯᠡᠬᠦ᠂ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ᠂ ᠠᠵᠢᠯ ᠣᠯᠵᠤ ᠦᠢᠯᠡᠰ ᠴᠣᠭᠴᠠᠯᠠᠬᠤ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ᠂ ᠬᠤᠲᠠ ᠳᠤ ᠠᠭᠤᠰᠤᠯᠴᠠᠬᠤ ᠵᠡᠷᠭᠡ ᠦᠢᠯᠡᠴᠢᠯᠡᠭᠡ ᠬᠠᠩᠭᠠᠨ᠎ᠠ᠃ ᠬᠤᠰᠢᠭᠤ ᠰᠢᠶᠠᠨ ᠲᠣᠭᠤᠷᠢᠭ ᠲᠤ ︽ᠰᠤᠯᠠ ᠠᠵᠢᠯ ᠤᠨ ᠵᠠᠬ᠎ᠠ ᠳᠡᠯᠭᠡᠭᠦᠷ︾ ᠢ ᠨᠡᠶᠢᠳᠡᠮ ᠪᠦᠷᠬᠦᠭᠦᠯᠦᠨ ᠪᠦᠲᠦᠭᠡᠨ ᠪᠠᠶᠢᠭᠤᠯᠵᠤ᠂ ᠰᠢᠶᠠᠩ ᠪᠠᠯᠭᠠᠰᠤ ᠵᠡᠭᠡᠯᠢ ᠭᠤᠳᠤᠮᠵᠢ ᠳᠤ ︽ᠵᠠᠯᠠᠭᠤᠴᠤᠳ ᠤᠨ ᠭᠡᠷ ᠪᠦᠯᠢ︾ ᠶᠢ ᠨᠡᠶᠢᠳᠡᠮ ᠪᠦᠷᠬᠦᠭᠦᠯᠦᠨ ᠪᠦᠲᠦᠭᠡᠨ ᠪᠠᠶᠢᠭᠤᠯᠵᠤ᠂ ᠭᠠᠳᠠᠨ᠎ᠠ ᠠᠴᠠ ᠢᠷᠡᠵᠦ ᠠᠵᠢᠯ ᠬᠥᠳᠡᠯᠮᠦᠷᠢ ᠬᠢᠵᠦ ᠪᠠᠶᠢᠭ᠎ᠠ ᠬᠥᠮᠥᠰ ᠪᠠ ᠵᠠᠯᠠᠭᠤ ᠣᠶᠤᠲᠠᠳ ᠤᠨ ︽ᠨᠢᠭᠡ ᠥᠷᠲᠡᠭᠡ ᠮᠠᠶ᠋ᠢᠭ︾ ᠤᠨ ᠦᠢᠯᠡᠴᠢᠯᠡᠭᠡᠨ ᠤ ᠵᠢᠭᠰᠠᠭᠠᠯ ᠤᠨ ᠭᠠᠵᠠᠷ ᠢ ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠦᠨᠳᠦᠰᠦᠳᠡᠨ ᠤ ᠬᠡᠷᠡᠭ ᠡᠷᠬᠢᠯᠡᠬᠦ ᠵᠥᠪᠯᠡᠯ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠬᠤᠲᠠ ᠶᠢᠨ ᠡᠪᠯᠡᠯ ᠤᠨ ᠬᠤᠷᠢᠶ᠎ᠠ︶      ︵ᠠᠷᠪᠠᠨ ᠨᠠᠢᠮᠠ︶ ᠬᠤᠲᠠ ᠪᠠᠯᠭᠠᠰᠤᠨ ᠳᠤ ᠡᠷᠦᠬᠡ ᠠᠮᠠ ᠣᠷᠣᠭᠤᠯᠬᠤ ᠶᠢ ᠪᠥᠬᠦ ᠲᠠᠯ᠎ᠠ ᠪᠠᠷ ᠴᠢᠯᠦᠭᠡᠲᠡᠢ ᠪᠣᠯᠭᠠᠵᠤ᠂ ᠡᠷᠦᠬᠡ ᠠᠮᠠ ᠣᠷᠣᠭᠤᠯᠬᠤ ᠬᠥᠮᠥᠨ ᠤ ᠬᠦᠰᠡᠯ ᠰᠠᠨᠠᠭ᠎ᠠ ᠶᠢ ᠦᠨᠳᠦᠰᠦᠯᠡᠨ ᠣᠷᠣᠭᠤᠯᠵᠤ ᠪᠣᠯᠬᠤ ᠶᠢ ᠪᠦᠬᠦᠨ ᠢ ᠣᠷᠣᠭᠤᠯᠵᠤ ᠥᠭᠭᠦᠨ᠎ᠡ᠃ ᠣᠷᠣᠰᠢᠨ ᠰᠠᠭᠤᠬᠤ ᠦᠨᠡᠮᠯᠡᠯ ᠢ ᠭᠦᠢᠴᠡᠳᠬᠡᠬᠦ ᠲᠠᠰ ᠳᠠᠷᠠᠭᠠᠯᠠᠯ ᠢ ᠳᠥᠭᠦᠮᠴᠢᠯᠡᠵᠦ᠂ ᠨᠢᠭᠡ ᠬᠤᠲᠠ ᠶᠢᠨ ᠦᠢᠯᠡᠴᠢᠯᠡᠭᠡᠨ ᠤ ᠵᠦᠢᠯᠡᠰ ᠤᠨ ᠭᠦᠢᠴᠡᠳᠬᠡᠪᠡᠰᠦ ᠵᠣᠬᠢᠬᠤ ᠶᠢ ᠨᠢ ᠪᠦᠬᠦᠨ ᠢ ᠭᠦᠢᠴᠡᠳᠬᠡᠬᠦ ᠶᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ︶
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号