ᠮᠠᠨ ᠤ ᠣᠷᠣᠨ ᠠᠩᠬ᠎ᠠ ᠤᠳᠠᠭ᠎ᠠ ᠬᠠᠤᠯᠢᠴᠢ ᠠᠴᠠ ᠥᠯᠥ ᠬᠥᠳᠡᠯᠬᠦ ᠬᠥᠷᠥᠩᠭᠡ ᠶᠢᠨ ᠮᠡᠳᠡᠭᠡ ᠵᠠᠩᠭᠢ ᠶᠢ ᠰᠦᠯᠵᠢᠶᠡᠨ ᠳᠡᠭᠡᠷ᠎ᠡ ᠪᠠᠶᠢᠴᠠᠭᠠᠨ ᠯᠠᠪᠯᠠᠬᠤ ᠶᠢ ᠪᠡᠶᠡᠯᠡᠭᠦᠯᠦᠯ᠎ᠡ
ᠨᠡᠶᠢᠲᠡᠯᠡᠭᠰᠡᠨ ᠴᠠᠭ᠄
2023/10/11
     ᠬᠠᠤᠯᠢᠵᠢᠭᠰᠠᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠴᠢᠨᠠᠭᠰᠢᠳᠠ ᠰᠢᠯᠢᠳᠡᠭᠵᠢᠭᠦᠯᠦᠨ᠂ ᠬᠠᠤᠯᠢᠴᠢ ᠶᠢᠨ ᠠᠵᠢᠯ ᠡᠷᠭᠢᠯᠡᠭᠦ ᠳᠤ ᠦᠷᠭᠦᠯᠵᠢᠯᠡᠨ ᠳᠥᠭᠦᠮ ᠦᠵᠡᠭᠦᠯᠵᠦ᠂ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠲᠦᠪᠰᠢᠨ ᠢ ᠪᠦᠭᠦ ᠲᠠᠯ᠎ᠠ ᠪᠠᠷ ᠳᠡᠭᠡᠭᠰᠢᠯᠡᠭᠦᠯᠭᠦ ᠶᠢᠨ ᠲᠥᠯᠥᠭᠡ᠂ ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠣᠷᠳᠣᠰ ᠬᠤᠲᠠ ᠪᠠᠷ ᠲᠤᠷᠰᠢᠯᠲᠠ ᠶᠢᠨ ᠴᠡᠭ ᠪᠤᠯᠭᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢᠴᠢ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠰᠢᠰᠲ᠋ᠧᠮ ᠪᠠ ᠣᠷᠳᠣᠰ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠠᠪᠴᠠᠩ ᠳᠤ ᠲᠦᠰᠢᠭᠯᠡᠨ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠮᠡᠳᠡᠭᠡ ᠵᠠᠩᠭᠢ ᠶᠢ ᠰᠦᠯᠵᠢᠶᠡᠨ ᠳᠡᠭᠡᠷ᠎ᠡ ᠪᠠᠶᠢᠴᠠᠭᠠᠨ ᠯᠠᠪᠯᠠᠬᠤ ᠦᠢᠯᠡᠴᠢᠯᠡᠭᠡ ᠶᠢ ᠨᠠᠪᠲᠠᠷᠡᠭᠦᠯᠵᠦ᠂ ᠣᠲᠣ ᠲᠤᠷᠰᠢᠨ ᠠᠵᠢᠯᠯᠠᠭᠤᠯᠬᠤ ᠱᠠᠲᠤ ᠶᠢ ᠥᠩᠭᠡᠷᠡᠭᠡᠨ᠂ ᠪᠦᠭᠦ ᠲᠠᠯ᠎ᠠ ᠪᠠᠷ ᠠᠰᠢᠭᠯᠠᠯᠲᠠ ᠳᠤ ᠣᠷᠣᠭᠤᠯᠵᠤ᠂ ᠬᠠᠤᠯᠢᠴᠢ ᠭᠡᠷ ᠠᠴᠠ ᠪᠠᠨ ᠭᠠᠷᠬᠤ ᠦᠭᠡᠢ ᠪᠠᠷ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠵᠤ ᠴᠢᠳᠠᠬᠤ ᠪᠣᠯᠵᠠᠢ᠃      ᠬᠠᠤᠯᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢᠴᠢ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠰᠢᠰᠲ᠋ᠧᠮ ᠢᠶᠠᠷ ᠲᠠᠮᠵᠢᠨ᠂ ︽ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ︾ ᠭᠤᠶᠤᠴᠢᠯᠠᠯ ᠤᠨ ᠮᠠᠲ᠋ᠧᠷᠢᠶᠠᠯ ᠢ ᠳᠠᠮᠵᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠭᠤᠶᠤᠴᠢᠯᠠᠯ ᠤᠨ ᠮᠡᠳᠡᠭᠡ ᠵᠠᠩᠭᠢ ᠶᠢ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠡᠩ ᠤᠨ ᠪᠠᠶᠢᠳᠠᠯ ᠳᠤ ᠨᠢᠭᠡ ᠠᠵᠢᠯ ᠤᠨ ᠡᠳᠦᠷ ᠤᠨ ᠳᠣᠲᠣᠷ᠎ᠠ ᠡᠯᠧᠺᠲᠷᠣᠨ ᠭᠠᠷ ᠤᠨ ᠥᠰᠥᠭ ᠪᠠ ᠲᠠᠮᠠᠭ᠎ᠠ ᠲᠠᠢ ᠪᠠᠶᠢᠴᠠᠭᠠᠨ ᠯᠠᠪᠯᠠᠭᠰᠠᠨ ᠮᠡᠳᠡᠭᠦᠯᠦᠯᠲᠡ ᠭᠠᠷᠭᠠᠵᠤ ᠪᠣᠯᠣᠨ᠎ᠠ᠂ ᠮᠥᠨ ᠴᠸ ᠡᠨᠡᠬᠦ ᠮᠡᠳᠡᠭᠦᠯᠦᠯᠲᠡ ᠪᠠᠨ ᠲᠤᠰ ᠰᠢᠰᠲ᠋ᠧᠮ ᠠᠴᠠ ᠪᠠᠭᠤᠯᠭᠠᠨ ᠠᠪᠴᠤ ᠬᠡᠷᠡᠭᠯᠡᠵᠦ ᠪᠣᠯᠣᠨ᠎ᠠ᠃ ᠪᠠᠶᠢᠴᠠᠭᠠᠨ ᠯᠠᠪᠯᠠᠬᠤ ᠪᠦᠭᠦ ᠶᠠᠪᠤᠴᠠ ᠳᠤ ᠴᠣᠩᠬᠤᠪᠴᠢ ᠳᠤ ᠬᠦᠷᠴᠦ ᠴᠠᠭᠠᠰᠤᠨ ᠮᠠᠲ᠋ᠧᠷᠢᠶᠠᠯ ᠲᠤᠰᠢᠶᠠᠬᠤ ᠴᠢᠬᠤᠯᠠ ᠦᠭᠡᠢ ᠪᠣᠯᠬᠤᠷ ᠬᠦᠯᠢᠶᠡᠬᠦ ᠴᠠᠭ ᠢ ᠪᠦᠲᠦᠮᠵᠢᠲᠡᠶ ᠪᠠᠷ ᠪᠠᠭᠠᠰᠬᠠᠵᠤ᠂ ᠬᠠᠤᠯᠢᠴᠢ ᠶᠢᠨ ᠬᠡᠷᠡᠭ ᠪᠠᠶᠢᠴᠠᠭᠠᠬᠤ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠦᠨ᠂ ᠲᠤᠬᠠᠢ ᠶᠢᠨ ᠬᠥᠮᠥᠨ ᠤ ᠡᠳ᠋ ᠬᠥᠷᠥᠩᠭᠡ ᠶᠢᠨ ᠡᠷᠬᠡ ᠶᠢ ᠨᠠᠩ ᠲᠦᠷᠭᠡᠨ ᠪᠥᠭᠡᠳ ᠪᠦᠲᠦᠮᠵᠢᠲᠡᠶ ᠪᠠᠷ ᠬᠠᠮᠠᠭᠠᠯᠠᠪᠠ᠃      ᠣᠶᠢᠷ᠎ᠠ ᠶᠢᠨ ᠵᠢᠯ ᠤᠳ ᠲᠤ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ︽ᠬᠠᠤᠯᠢᠵᠢᠯ ᠪᠣᠯ ᠬᠤᠳᠠᠯᠳᠤᠭ᠎ᠠ ᠡᠷᠭᠢᠯᠡᠭᠦ ᠬᠠᠮᠤᠭ ᠤᠨ ᠰᠠᠶᠢᠨ ᠣᠷᠴᠢᠨ ᠨᠥᠬᠦᠴᠡᠯ ᠮᠥᠨ︾ ᠭᠡᠬᠦ ᠣᠶᠢᠯᠠᠭᠠᠭᠳᠠᠬᠤᠨ ᠢ ᠪᠠᠲᠤ ᠪᠤᠶ ᠪᠤᠯᠭᠠᠵᠤ᠂ ᠰᠢᠨᠵᠢᠯᠡᠬᠦ ᠤᠬᠠᠭᠠᠨ ᠲᠸᠭᠨᠢᠢᠡ ᠮᠡᠷᠭᠡᠵᠢᠯ ᠢᠶᠠᠷ ᠲᠤᠯᠭᠠᠭᠤᠷᠢᠯᠠᠵᠤ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠢᠳᠡᠪᠬᠢᠲᠡᠢ ᠥᠷᠭᠡᠳᠬᠡᠵᠦ᠂ ᠬᠠᠤᠯᠢᠴᠢ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ᠃ ᠲᠠᠷᠠᠭᠠᠴᠢ ᠶᠢᠨ ᠠᠯᠬᠤᠮ ᠳᠤ᠂ ᠪᠦᠭᠦ ᠣᠷᠣᠨ ᠤ ᠡᠯ᠎ᠡ ᠠᠶᠢᠮᠠᠭ ᠬᠤᠲᠠ ᠶᠢᠨ ᠬᠢᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠮᠡᠳᠡᠭᠡ ᠵᠠᠩᠭᠢ ᠶᠢ ᠰᠦᠯᠵᠢᠶᠡᠨ ᠳᠡᠭᠡᠷ᠎ᠡ ᠪᠠᠶᠢᠴᠠᠭᠠᠨ ᠯᠠᠪᠯᠠᠬᠤ ᠦᠢᠯᠡᠴᠢᠯᠡᠭᠡ ᠶᠢ ᠵᠠᠯᠭᠠᠭ᠎ᠠ ᠪᠠᠷ ᠨᠠᠪᠲᠠᠷᠡᠭᠦᠯᠵᠦ᠂ ᠪᠦᠭᠦ ᠣᠷᠣᠨ ᠤ ᠬᠠᠤᠯᠢᠴᠢ ᠠᠴᠠ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠮᠡᠳᠡᠭᠡ ᠵᠠᠩᠭᠢ ᠶᠢ ᠰᠦᠯᠵᠢᠶᠡᠨ ᠳᠡᠭᠡᠷ᠎ᠡ ᠪᠠᠶᠢᠴᠠᠭᠠᠨ ᠯᠠᠪᠯᠠᠬᠤ  ᠶᠢ ᠪᠡᠶᠡᠯᠡᠭᠦᠯᠬᠦ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号