ᠭᠦᠭᠡᠬᠤᠲᠠ ᠶᠢᠨ 7 ᠲᠤᠰᠬᠠᠢ ᠱᠤᠭᠤᠮ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠡᠮᠦᠷ ᠵᠠᠮ ᠤᠨ ᠲᠤᠰᠬᠠᠢ ᠱᠤᠭᠤᠮ ᠤᠨ ᠬᠡᠷᠡᠭᠵᠢᠭᠦᠯᠬᠦ ᠲᠥᠰᠥᠯ ᠳᠤ ᠣᠷᠣᠪᠠ
ᠨᠡᠶᠢᠲᠡᠯᠡᠭᠰᠡᠨ ᠴᠠᠭ᠄
2023/10/13
     ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠣᠶᠢᠷ᠎ᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠡᠮᠦᠷ ᠵᠠᠮ  ᠤᠨ ᠲᠤᠰᠬᠠᠢ ᠱᠤᠭᠤᠮ ᠤᠨ ᠬᠡᠷᠡᠭᠵᠢᠭᠦᠯᠬᠦ ᠲᠥᠰᠥᠯ ᠤᠨ ᠳᠤᠮᠳᠠ ᠬᠤᠭᠤᠴᠠᠭᠠᠨ ᠤ ᠦᠨᠡᠯᠡᠨ ᠵᠢᠱᠢᠭᠰᠡᠨ ᠮᠡᠳᠡᠭᠦᠯᠦᠯᠲᠡ︾ ᠶᠢ ᠪᠠᠭᠤᠯᠭᠠᠵᠤ᠂ ᠭᠦᠭᠡᠬᠤᠲᠠ ᠶᠢᠨ 7 ᠵᠤᠷᠪᠤᠰ ᠲᠡᠮᠦᠷ ᠵᠠᠮ ᠤᠨ ᠲᠤᠰᠬᠠᠢ ᠱᠤᠭᠤᠮ ᠢ ︽ᠲᠡᠮᠦᠷ ᠵᠠᠮ ᠤᠨ ᠲᠤᠰᠬᠠᠢ ᠱᠤᠭᠤᠮ ᠤᠨ ᠬᠡᠷᠡᠭᠵᠢᠭᠦᠯᠬᠦ ᠲᠥᠰᠥᠯ︾ ᠳᠤ ᠨᠥᠬᠦᠪᠦᠷᠢᠯᠡᠨ ᠣᠷᠣᠭᠤᠯᠤᠭᠰᠠᠨ ᠪᠠᠶᠢᠨ᠎ᠠ᠃      ᠣᠶᠢᠯᠠᠭᠠᠭᠰᠠᠨ ᠢᠶᠠᠷ᠂ ᠲᠤᠰ ᠤᠳᠠᠭ᠎ᠠ ᠨᠥᠬᠦᠪᠦᠷᠢᠯᠡᠨ ᠣᠷᠣᠭᠤᠯᠤᠭᠰᠠᠨ ᠭᠦᠭᠡᠬᠤᠳᠠ ᠶᠢᠨ 7 ᠵᠤᠷᠪᠤᠰ ᠲᠡᠮᠦᠷ ᠵᠠᠮ ᠤᠨ ᠲᠤᠰᠬᠠᠢ ᠱᠤᠭᠤᠮ ᠤᠨ ᠳᠣᠲᠣᠷ᠎ᠠ ᠠᠴᠠ ᠴᠢᠩ ᠱᠦᠢ ᠾᠧ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠡᠮᠦᠷ ᠵᠠᠮ ᠤᠨ ᠲᠤᠰᠬᠠᠢ ᠱᠤᠭᠤᠮ᠂ ᠲᠣᠭᠲᠠᠬᠤ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠲᠡᠮᠦᠷ ᠵᠠᠮ ᠤᠨ ᠲᠤᠰᠬᠠᠢ ᠱᠤᠭᠤᠮ᠂ ᠲᠣᠭᠲᠠᠬᠤ ᠵᠢᠶᠠ ᠾᠧ ᠨᠡᠭᠦᠷᠡᠰᠦᠨ ᠤ ᠶᠡᠷᠦᠩᠬᠡᠶᠢᠯᠡᠭᠰᠡᠨ ᠡᠳ᠋ ᠪᠠᠷᠠᠭᠠᠨ ᠤ  ᠭᠦᠢᠯᠭᠡᠭᠡ ᠶᠢᠨ ᠬᠦᠷᠢᠶᠡᠯᠡᠩ ᠲᠣᠭᠤᠷᠢᠭ ᠤᠨ ᠲᠡᠮᠦᠷ ᠵᠠᠮ ᠤᠨ ᠲᠤᠰᠬᠠᠢ ᠱᠤᠭᠤᠮ ᠵᠢᠴᠢ  ᠪᠠᠷᠠᠭᠤᠨ ᠵᠠᠯᠠᠨ ᠠᠶᠢᠯ ᠤᠨ ᠵᠢᠨᠱᠠᠨ ᠴᠠᠭᠢᠯᠭᠠᠨ ᠦᠢᠯᠡᠳᠪᠦᠷᠢ ᠶᠢᠨ ᠲᠡᠮᠦᠷ ᠵᠠᠮ ᠤᠨ ᠲᠤᠰᠬᠠᠢ ᠱᠤᠭᠤᠮ ᠤᠨ ᠴᠢᠳᠠᠮᠵᠢ ᠶᠢ ᠥᠷᠭᠡᠳᠬᠡᠨ ᠥᠭᠡᠷᠡᠴᠢᠯᠡᠬᠦ ᠵᠡᠷᠭᠡ 4 ᠲᠥᠷᠥᠯ ᠵᠦᠢᠯ ᠢ  ︽ᠲᠡᠮᠦᠷ  ᠵᠠᠮ ᠤᠨ ᠲᠤᠰᠬᠠᠢ ᠱᠤᠭᠤᠮ ᠤᠨ ᠬᠡᠷᠡᠭᠵᠢᠭᠦᠯᠬᠦ ᠲᠥᠰᠥᠯ︾   ᠤᠨ ᠲᠥᠯᠦᠪᠵᠢᠭᠦᠯᠭᠡ ᠶᠢᠨ ᠰᠤᠳᠤᠯᠭᠠᠨ ᠤ ᠲᠥᠷᠥᠯ ᠵᠦᠢᠯ ᠳᠤ ᠵᠢᠭᠰᠠᠭᠠᠨ ᠣᠷᠣᠭᠤᠯᠵᠤ᠂ ᠱᠧᠩ ᠯᠧ ᠪᠣᠬᠢᠷᠳᠤᠯ ᠦᠭᠡᠢ ᠢᠳᠡᠭᠡᠨ ᠪᠤᠯᠪᠠᠰᠤᠷᠠᠭᠤᠯᠬᠤ ᠠᠵᠤ ᠦᠢᠯᠡᠰ ᠤᠨ ᠬᠦᠷᠢᠶᠡᠯᠡᠩ ᠤᠨ ᠲᠡᠮᠦᠷ ᠵᠠᠮ ᠤᠨ ᠲᠤᠰᠬᠠᠢ ᠱᠤᠭᠤᠮ᠂ ᠬᠤᠷᠢᠨᠭᠡᠷ ᠰᠢᠨ᠎ᠡ ᠲᠣᠭᠤᠷᠢᠭ ᠤᠨ ᠲᠡᠮᠦᠷ ᠵᠠᠮ ᠤᠨ ᠲᠤᠰᠬᠠᠢ ᠱᠤᠭᠤᠮ᠂ ᠭᠦᠭᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠲᠡᠮᠦᠷ ᠵᠠᠮ ᠤᠨ  ᠲᠤᠰᠬᠠᠢ ᠱᠤᠭᠤᠮ ᠵᠡᠷᠭᠡ 3 ᠲᠥᠷᠥᠯ ᠵᠦᠢᠯ ᠢ ︽ᠲᠡᠮᠦᠷ ᠵᠠᠮ ᠤᠨ ᠲᠤᠰᠬᠠᠢ ᠱᠤᠭᠤᠮ ᠤᠨ ᠬᠡᠷᠡᠭᠵᠢᠭᠦᠯᠬᠦ ᠲᠥᠰᠥᠯ︾ ᠤᠨ ᠲᠥᠯᠥᠪᠵᠢᠭᠦᠯᠦᠨ ᠨᠥᠭᠡᠴᠡᠯᠡᠬᠦ  ᠲᠥᠷᠥᠯ  ᠵᠦᠢᠯ ᠳᠤ ᠣᠷᠣᠭᠤᠯᠪᠠ᠃ ᠡᠳᠡᠭᠡᠷ ᠲᠥᠷᠥᠯ ᠵᠦᠢᠯ ᠢ ᠲᠥᠯᠦᠪᠵᠢᠭᠦᠯᠭᠡ ᠳᠤ ᠣᠷᠣᠭᠤᠯᠤᠭᠰᠠᠨ ᠤ ᠳᠠᠷᠠᠭ᠎ᠠ ᠲᠣᠭᠲᠠᠭᠠᠯ ᠶᠣᠰᠣᠭᠠᠷ ᠡᠮᠦᠨᠡᠬᠢ ᠬᠤᠭᠤᠴᠠᠭ᠎ᠠ ᠵᠢᠴᠢ ᠨᠤᠲᠠᠯᠠᠬᠤ ᠠᠵᠢᠯ ᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠲᠥᠷᠥᠯ ᠵᠦᠢᠯ ᠤᠨ ᠠᠬᠢᠴᠠ ᠶᠢ ᠴᠢᠩᠭ᠎ᠠ ᠠᠩᠬᠠᠷᠴᠤ᠂ ᠡᠮᠦᠨᠡᠬᠢ  ᠬᠤᠭᠤᠴᠠᠭᠠᠨ ᠤ  ᠠᠵᠢᠯ ᠢ  ᠪᠡᠶᠡᠯᠡᠭᠦᠯᠬᠦ ᠶᠢᠨ ᠬᠠᠮᠲᠤ ᠠᠯᠢ ᠲᠦᠷᠭᠡᠨ ᠢᠶᠠᠷ ᠬᠡᠷᠡᠭᠵᠢᠭᠦᠯᠬᠦ ᠱᠠᠲᠤᠨ ᠳᠤ ᠣᠷᠣᠬᠤ ᠶᠢ ᠠᠬᠢᠭᠤᠯᠵᠤ᠂ ᠨᠡᠭᠦᠷᠡᠰᠦ ᠵᠢᠴᠢ ᠪᠤᠰᠤᠳ ᠡᠳ᠋ ᠪᠠᠷᠠᠭᠠᠨ ᠤ ᠲᠡᠭᠡᠭᠡᠪᠦᠷᠢ ᠶᠢᠨ ᠴᠢᠳᠠᠪᠤᠷᠢ ᠶᠢ  ᠴᠢᠨᠠᠭᠰᠢᠳᠠ ᠳᠡᠭᠡᠭᠰᠢᠯᠡᠭᠦᠯᠭᠦ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号