ᠠᠩᠬᠠᠳᠤᠭᠠᠷ ᠬᠤᠭᠤᠴᠠᠭᠠᠨ ᠤ ︽ᠲᠠᠷᠢᠶᠠᠯᠠᠩ ᠤᠨ ᠪᠦᠲᠦᠭᠡᠭᠳᠡᠬᠦᠨ ᠤ ᠳᠡᠯᠭᠡᠷᠡᠭᠦᠯᠦᠨ ᠲᠠᠨᠢᠯᠴᠠᠭᠤᠯᠤᠭᠴᠢ︾ ᠢ ᠰᠢᠯᠭᠠᠷᠠᠭᠤᠯᠪᠠ
ᠨᠡᠶᠢᠲᠡᠯᠡᠭᠰᠡᠨ ᠴᠠᠭ᠄
2023/10/16
     10 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠠᠵᠢᠯ ᠤᠨ ᠠᠯᠪᠠᠨ ᠭᠡᠷ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠵᠡᠷᠭᠡ ᠨᠢᠭᠡᠴᠢ ᠲᠠᠢ ᠬᠠᠮᠲᠤᠷᠠᠨ ᠡᠷᠭᠢᠯᠡᠭᠰᠡᠨ ᠠᠩᠬᠠᠳᠤᠭᠠᠷ ᠬᠤᠭᠤᠴᠠᠭᠠᠨ ᠤ  ︽ᠥᠪᠥᠷ ᠮᠣᠩᠭᠤᠯ ᠤᠨ ᠲᠠᠷᠢᠶᠠᠯᠠᠩ ᠤᠨ ᠪᠦᠲᠦᠭᠡᠭᠳᠡᠬᠦᠨ ᠤ ᠳᠡᠯᠭᠡᠷᠡᠭᠦᠯᠦᠨ ᠲᠠᠨᠢᠯᠴᠠᠭᠤᠯᠤᠭᠴᠢ︾ ᠶᠢ ᠰᠢᠯᠭᠠᠷᠠᠭᠤᠯᠬᠤ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠭᠦᠭᠡᠬᠤᠲᠠ ᠳᠤ ᠲᠡᠭᠦᠰ ᠠᠮᠵᠢᠯᠲᠠ ᠲᠠᠢ ᠥᠨᠳᠥᠷᠯᠡᠵᠡᠢ᠃      ᠣᠶᠢᠯᠠᠭᠠᠭᠰᠠᠨ ᠢᠶᠠᠷ᠂ ᠠᠩᠬᠠᠳᠤᠭᠠᠷ ᠬᠤᠭᠤᠴᠠᠭᠠᠨ ᠤ︽ᠥᠪᠥᠷ ᠮᠣᠩᠭᠤᠯ ᠤᠨ ᠲᠠᠷᠢᠶᠠᠯᠠᠩ ᠤᠨ ᠪᠦᠲᠦᠭᠡᠭᠳᠡᠬᠦᠨ ᠤ ᠳᠡᠯᠭᠡᠷᠡᠭᠦᠯᠦᠨ ᠲᠠᠨᠢᠯᠴᠠᠭᠤᠯᠤᠭᠴᠢ︾ ᠶᠢ ᠰᠢᠯᠭᠠᠷᠠᠭᠤᠯᠬᠤ ᠤᠷᠤᠯᠳᠤᠭᠠᠨ 7 ᠰᠠᠷ᠎ᠠ ᠶᠢᠨ 24 ᠤ ᠡᠳᠦᠷ ᠡᠬᠢᠯᠡᠭᠰᠡᠨ ᠠᠴᠠ ᠨᠠᠭᠠᠰᠢ᠂ ᠪᠦᠭᠦ ᠣᠷᠣᠨ ᠤ ᠨᠡᠶᠢᠲᠡ 219 ᠬᠥᠮᠥᠨ ᠨᠡᠷ᠎ᠡ ᠮᠡᠳᠡᠭᠦᠯᠦᠨ ᠤᠷᠤᠯᠳᠤᠭᠠᠨ ᠳᠤ ᠣᠷᠣᠯᠴᠠᠵᠤ᠂ ᠲᠠᠰ ᠲᠠᠰ ᠢᠶᠠᠷ ᠰᠢᠯᠢᠨ ᠰᠣᠩᠭᠤᠬᠤ ᠪᠠᠷ ᠳᠡᠮᠵᠢᠨ᠂ ᠮᠠᠯᠵᠢᠬᠤ ᠲᠠᠷᠢᠶᠠᠯᠠᠬᠤ ᠣᠷᠣᠨ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠠᠴᠠ ᠢᠷᠡᠭᠰᠡᠨ 60 ᠬᠥᠮᠥᠨ ᠪᠠ ᠰᠦᠯᠵᠢᠶᠡᠨ ᠤ ᠤᠳᠤ ᠶᠢ ᠰᠢᠯᠭᠠᠷᠠᠭᠤᠯᠤᠨ ᠰᠢᠢᠳᠪᠦᠷᠢᠲᠦ ᠤᠷᠤᠯᠳᠤᠭᠠᠨ ᠳᠤ ᠣᠷᠣᠯᠴᠠᠭᠤᠯᠪᠠ᠃ ᠰᠢᠷᠦᠭᠦᠨ ᠥᠷᠢᠰᠦᠯᠳᠦᠭᠡᠨ ᠢᠶᠠᠷ ᠳᠠᠮᠵᠢᠨ᠂ ᠡᠴᠦᠰ ᠲᠡᠭᠡᠨ 20 ᠬᠥᠮᠥᠨ ᠴᠣᠯᠭᠤᠷᠠᠨ ᠭᠠᠷᠴᠤ ᠠᠩᠬᠠᠳᠤᠭᠠᠷ ᠬᠤᠭᠤᠴᠠᠭᠠᠨ ᠤ  ︽ᠥᠪᠥᠷ ᠮᠣᠩᠭᠤᠯ ᠤᠨ ᠲᠠᠷᠢᠶᠠᠯᠠᠩ ᠤᠨ ᠪᠦᠲᠦᠭᠡᠭᠳᠡᠬᠦᠨ ᠤ ᠳᠡᠯᠭᠡᠷᠡᠭᠦᠯᠦᠨ ᠲᠠᠨᠢᠯᠴᠠᠭᠤᠯᠤᠭᠴᠢ︾  ᠪᠣᠯᠪᠠ᠃      ᠲᠣᠰ ᠤᠳᠠᠭᠠᠨ ᠤ ᠰᠢᠯᠭᠠᠷᠠᠭᠤᠯᠬᠤ ᠤᠷᠤᠯᠳᠤᠭᠠᠨ ᠤ ᠵᠣᠷᠢᠯᠭ᠎ᠠ ᠨᠢ ᠪᠦᠭᠦ ᠣᠷᠣᠨ ᠠᠴᠠ ᠨᠢᠭᠡ ᠪᠦᠯᠦᠭ ᠥᠪᠥᠷ ᠮᠣᠩᠭᠤᠯ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠳᠡᠯᠭᠡᠷᠡᠭᠦᠯᠬᠦ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠡᠯᠰᠡᠵᠦ᠂ ᠰᠢᠯᠢᠨ ᠰᠣᠩᠭᠤᠵᠤ᠂ ᠬᠥᠮᠥᠵᠢᠭᠦᠯᠵᠦ᠂︽ᠠᠯᠪᠠᠨ ᠤ ᠲᠠᠷᠢᠶᠠᠯᠠᠩ ᠤᠨ ᠪᠦᠲᠦᠭᠡᠭᠳᠡᠬᠦᠨ ᠤ ᠳᠡᠯᠭᠡᠷᠡᠭᠦᠯᠦᠨ ᠲᠠᠨᠢᠯᠴᠠᠭᠤᠯᠤᠭᠴᠢ + ᠨᠡᠶᠢᠭᠡᠮ ᠤᠨ ᠲᠠᠷᠢᠶᠠᠯᠠᠩ ᠤᠨ ᠪᠦᠲᠦᠭᠡᠭᠳᠡᠬᠦᠨ ᠤ ᠳᠡᠯᠭᠡᠷᠡᠭᠦᠯᠦᠨ ᠲᠠᠨᠢᠯᠴᠠᠭᠤᠯᠤᠭᠴᠢ︾ ᠶᠢ ᠪᠤᠢ ᠪᠤᠯᠭᠠᠵᠤ᠂ ᠪᠦᠭᠦ ᠣᠷᠣᠨ ᠤ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠪᠦᠲᠦᠮᠵᠢᠲᠡᠶ ᠤᠬᠠᠭᠤᠯᠤᠨ ᠲᠠᠨᠢᠯᠴᠠᠭᠤᠯᠵᠤ᠂ ᠥᠪᠥᠷ ᠮᠣᠩᠭᠤᠯ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠠᠯᠳᠠᠷᠰᠢᠯ ᠪᠠ ᠲᠥᠷᠥᠯ ᠲᠡᠮᠳᠡᠭ ᠤᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠭᠦ ᠶᠢᠨ ᠲᠥᠯᠥᠭᠡ ᠶᠤᠮ᠃      ᠰᠢᠨ᠎ᠡ ᠪᠠᠷ ᠨᠡᠶᠢᠲᠡᠯᠡᠭᠰᠡᠨ ︽ᠥᠪᠥᠷ ᠮᠣᠩᠭᠤᠯ ᠤᠨ ᠲᠠᠷᠢᠶᠠᠯᠠᠩ ᠤᠨ ᠪᠦᠲᠦᠭᠡᠭᠳᠡᠬᠦᠨ ᠤ ᠳᠡᠯᠭᠡᠷᠡᠭᠦᠯᠦᠨ ᠲᠠᠨᠢᠯᠴᠠᠭᠤᠯᠤᠭᠴᠢ ᠶᠢ ᠰᠣᠩᠭᠤᠨ ᠲᠣᠮᠢᠯᠠᠬᠤ ᠬᠠᠮᠢᠶᠠᠷᠤᠯᠲᠠ ᠶᠢᠨ ᠠᠷᠭ᠎ᠠ︾ᠶᠣᠰᠣᠭᠠᠷ᠂ ᠥᠪᠥᠷ ᠮᠣᠩᠭᠤᠯ ᠤᠨ ᠲᠠᠷᠢᠶᠠᠯᠠᠩ ᠤᠨ ᠪᠦᠲᠦᠭᠡᠭᠳᠡᠬᠦᠨ ᠤ ᠳᠡᠯᠭᠡᠷᠡᠭᠦᠯᠦᠨ ᠲᠠᠨᠢᠯᠴᠠᠭᠤᠯᠤᠭᠴᠢ ᠶᠢ ᠰᠣᠩᠭᠤᠨ ᠲᠣᠮᠢᠯᠠᠬᠤ ᠠᠵᠢᠯ ᠢ ᠪᠣᠳᠠᠲᠠᠢ ᠪᠠᠶᠢᠳᠠᠯ ᠢᠶᠠᠨ ᠦᠨᠳᠦᠰᠦᠯᠡᠨ ᠴᠠᠭ ᠲᠤᠨᠢ ᠲᠣᠬᠢᠷᠠᠭᠤᠯᠤᠨ ᠥᠷᠨᠢᠭᠦᠯᠵᠦ᠂ 3 ᠵᠢᠯ ᠤᠨ ᠬᠤᠭᠤᠴᠠᠭ᠎ᠠ ᠲᠠᠢ ᠤᠷᠢᠵᠤ᠂ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠦᠨ᠎ᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号