ᠮᠠᠨ ᠤ ᠣᠷᠣᠨ ᠤ ᠬᠤᠶᠠᠷ ᠠᠵᠤ ᠠᠬᠤᠶᠢᠯᠠᠯ ᠪᠦᠭᠦ ᠤᠯᠤᠰ ᠤᠨ ᠨᠡᠶᠢᠲᠡᠯᠢᠭ ᠵᠢᠱᠢᠶ᠎ᠡ ᠪᠠᠷ ᠲᠣᠳᠣᠷᠠᠪᠠ
ᠨᠡᠶᠢᠲᠡᠯᠡᠭᠰᠡᠨ ᠴᠠᠭ᠄
2023/10/16
     ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠠᠮᠢ ᠠᠬᠤᠢ ᠣᠷᠴᠢᠨ ᠲᠣᠭᠤᠷᠢᠨ ᠤ ᠲᠣᠮᠣ ᠳ᠋ᠠᠶᠢᠲ᠋ᠠ ᠶᠢᠨ ᠬᠢᠵᠠᠭᠠᠷᠲᠤ ᠺᠤᠮᠫᠠᠨᠢ ᠪᠣᠯᠣᠨ ᠤᠯᠤᠰ ᠤᠨ ᠡᠨᠧᠷᠭᠢ ᠶᠢᠨ ᠪᠦᠯᠦᠭᠯᠡᠯ ᠤᠨ ᠪᠤᠷᠣᠰᠢᠯᠢ ᠡᠨᠧᠷᠭᠢ ᠶᠢᠨ ᠬᠢᠵᠠᠭᠠᠷᠲᠤ ᠺᠤᠮᠫᠠᠨᠢ ᠨᠢ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠠᠯᠳᠠ ᠶᠢᠨ ᠶᠠᠮᠤᠨ ᠠᠴᠠ ᠨᠡᠶᠢᠲᠡᠯᠡᠭᠰᠡᠨ 2023 ᠣᠨ ᠤ ᠪᠠᠷᠠᠭ᠎ᠠ ᠶᠢᠨ ᠰᠦᠯᠵᠢᠶ᠎ᠡ ᠠᠴᠠ ᠠᠵᠢᠯ ᠲᠥᠷᠥᠯ ᠤᠨ ᠬᠥᠭᠵᠢᠯᠲᠡ ᠳᠤ ᠬᠦᠴᠦᠨ ᠨᠡᠮᠡᠷᠢᠯᠡᠭᠰᠡᠨ ᠨᠡᠶᠢᠲᠡᠯᠢᠭ ᠵᠢᠱᠢᠶ᠎ᠡ  ᠪᠠᠷ ᠲᠣᠳᠣᠷᠠᠪᠠ᠃      ᠣᠶᠤᠨᠴᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠦᠷᠢᠶᠡᠨ ᠳᠤ᠂ ᠥᠪᠥᠷ ᠮᠣᠩᠭᠤᠯ ᠤᠨ ᠠᠮᠢ ᠠᠬᠤᠢ ᠣᠷᠴᠢᠨ ᠲᠣᠭᠤᠷᠢᠨ ᠤ ᠲᠣᠮᠣ ᠳ᠋ᠠᠶᠢᠲ᠋ᠠ ᠶᠢᠨ ᠬᠢᠵᠠᠭᠠᠷᠲᠤ ᠺᠤᠮᠫᠠᠨᠢ︽ᠪᠠᠷᠠᠭ᠎ᠠ ᠶᠢᠨ ᠰᠦᠯᠵᠢᠶ᠎ᠡ ᠳᠤ ᠰᠠᠭᠤᠷᠢᠯᠠᠭᠰᠠᠨ︿ᠰᠠᠨᠰᠠᠷ ᠣᠭᠲᠠᠷᠭᠤᠢ ᠭᠠᠵᠠᠷ ᠤᠨ ᠨᠢᠭᠡ ᠴᠣᠭᠴᠠᠵᠢᠭᠰᠠᠨ﹀ ᠠᠭᠠᠷ ᠮᠠᠨᠳᠠᠯ ᠤᠨ ᠪᠣᠬᠢᠷᠳᠤᠯ ᠤᠨ ᠨᠠᠷᠢᠯᠢᠭ ᠬᠢᠨᠠᠯᠲᠠ ᠬᠠᠮᠢᠶᠠᠷᠤᠯᠲᠠ ᠶᠢᠨ ᠰᠢᠰᠲ᠋ᠧᠮ︾ ᠢᠶᠠᠷ ᠲᠣᠳᠣᠷᠠᠪᠠ᠃ ᠲᠤᠰ ᠰᠢᠰᠲ᠋ᠧᠮ ᠨᠢ ︽ᠪᠠᠷᠠᠭ᠎ᠠ ᠶᠢᠨ ᠰᠦᠯᠵᠢᠶ᠎ᠡ ᠪᠠᠷ ᠬᠢᠨᠠᠨ ᠬᠡᠮᠵᠢᠬᠦ  -  ᠳ᠋ᠠᠶᠢᠲ᠋ᠠ ᠶᠢ ᠠᠭᠤᠳᠠᠯᠬᠤ - ᠪᠣᠬᠢᠷᠳᠤᠯ ᠤᠨ ᠡᠬᠢ ᠶᠢ ᠮᠥᠷᠳᠡᠬᠦ - ᠪᠣᠬᠢᠷᠳᠤᠯ  ᠢ ᠰᠡᠷᠭᠡᠶᠢᠯᠡᠨ ᠡᠵᠡᠮᠳᠡᠬᠦ - ᠬᠠᠮᠢᠶᠠᠷᠤᠯᠲᠠ ᠡᠵᠡᠮᠳᠡᠯ ᠢ ᠦᠨᠡᠯᠡᠨ ᠵᠢᠱᠢᠬᠦ︾ ᠪᠠᠷ ᠮᠡᠷᠭᠡᠵᠢᠯ ᠤᠨ ᠭᠤᠣᠯ ᠱᠤᠭᠤᠮ ᠪᠤᠯᠭᠠᠵᠤ᠂ ᠳᠠᠭᠠᠭᠤᠯᠢ ᠤᠳᠤᠨ ᠤ ᠠᠯᠤᠰ ᠰᠡᠷᠡᠯ᠂ ᠯᠠᠶᠢᠰᠧᠷ ᠷᠠᠳᠠᠷ᠂ ᠥᠨᠳᠥᠷ ᠣᠭᠲᠠᠷᠭᠤᠢ ᠶᠢᠨ ᠸᠢᠳᠢᠤ᠋᠂ ᠠᠭᠠᠷ  ᠲᠠᠬᠢ ᠪᠢᠴᠢᠯ ᠦᠷᠳᠡᠭᠡ᠂ ᠰᠢᠯᠵᠢᠭᠡ ᠬᠢᠨᠠᠨ ᠬᠡᠮᠵᠢᠯᠲᠡ ᠶᠢ ᠤᠶᠠᠯᠳᠤᠭᠤᠯᠤᠭᠰᠠᠨ ᠬᠢᠨᠠᠨ ᠬᠡᠮᠵᠢᠬᠦ ᠬᠡᠪ ᠵᠠᠭᠪᠤᠷ ᠢᠶᠠᠷ ᠣᠷᠣᠨ ᠪᠦᠰᠡ ᠶᠢᠨ ᠠᠭᠠᠷ ᠮᠠᠨᠳᠠᠯ ᠳᠠᠬᠢ ᠪᠣᠬᠢᠷ ᠪᠣᠳᠠᠰ ᠲᠤ ︽ᠴᠡᠭ - ᠱᠤᠭᠤᠮ - ᠬᠡᠰᠡᠭ - ᠪᠦᠰᠡ︾ ᠶᠢ ᠤᠶᠠᠯᠳᠤᠭᠤᠯᠤᠭᠰᠠᠨ ᠥᠨᠳᠥᠷ ᠳᠠᠪᠲᠠᠮᠵᠢᠲᠤ ᠬᠥᠳᠡᠯᠦᠩᠭᠦᠢ ᠬᠢᠨᠠᠨ ᠬᠡᠮᠵᠢᠯᠲᠡ ᠬᠢᠵᠦ᠂ ᠨᠠᠷᠢᠯᠢᠭ ᠣᠨᠣᠴᠠᠲᠠᠢ ᠪᠠᠷ ᠪᠣᠬᠢᠷᠳᠤᠯ ᠤᠨ ᠡᠬᠢ ᠶᠢ ᠨᠢ ᠮᠥᠷᠳᠡᠬᠦ ᠵᠠᠭᠪᠤᠷ ᠪᠠ ᠵᠣᠬᠢᠶᠠᠮᠠᠯ ᠤᠶᠤᠨ ᠴᠢᠳᠠᠪᠤᠷᠢ ᠶᠢᠨ ᠮᠡᠷᠭᠡᠵᠢᠯ ᠢ ᠠᠰᠢᠭᠯᠠᠨ ︽ᠰᠠᠨᠰᠠᠷ ᠣᠭᠲᠠᠷᠭᠤᠢ ᠭᠠᠵᠠᠷ ᠤᠨ ᠨᠢᠭᠡ ᠴᠣᠭᠴᠠᠵᠢᠭᠰᠠᠨ︾ ᠠᠭᠠᠷ ᠮᠠᠨᠳᠠᠯ ᠤᠨ ᠪᠣᠬᠢᠷᠳᠤᠯ ᠤᠨ ᠨᠠᠷᠢᠯᠢᠭ ᠬᠢᠨᠠᠯᠲᠠ ᠬᠠᠮᠢᠶᠠᠷᠤᠯᠲᠠ ᠪᠠ ᠮᠥᠷᠳᠡᠯᠲᠡ ᠶᠢᠨ ᠲᠠᠪᠴᠠᠩ ᠢ ᠪᠠᠶᠢᠭᠤᠯᠵᠤ᠂ PM2.5 ᠪᠠ O ᠢ ᠬᠠᠮᠲᠤ ᠪᠠᠷ ᠵᠠᠰᠠᠬᠤ ᠳᠤ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠵᠤ ᠪᠠᠶᠢᠨ᠎ᠠ᠃ ᠲᠤᠰ ᠰᠢᠰᠲ᠋ᠧᠮ ᠢ ᠨᠢᠭᠡᠨᠲᠡ ᠬᠠᠳᠤᠨ ᠭᠤᠣᠯ ᠤᠨ ᠰᠠᠪᠠ ᠭᠠᠵᠠᠷ ᠤᠨ ᠠᠵᠤ ᠦᠢᠯᠡᠳᠪᠦᠷᠢ ᠶᠢᠨ ᠬᠤᠳᠠ ᠳᠤ ᠠᠰᠢᠭᠯᠠᠯᠲᠠ ᠳᠤ ᠣᠷᠣᠭᠤᠯᠵᠤ᠂ ᠲᠤᠬᠠᠢ ᠶᠢᠨ ᠭᠠᠵᠠᠷ  ᠤᠨ ᠠᠭᠠᠷ ᠮᠠᠨᠳᠠᠯ ᠤᠨ ᠪᠣᠬᠢᠷᠳᠤᠯ ᠢ ᠴᠠᠭ ᠲᠤᠬᠠᠢ ᠳᠤᠨᠢ ᠬᠢᠨᠠᠨ ᠡᠵᠡᠮᠳᠡᠵᠦ ᠳᠠᠷᠤᠢ ᠲᠦᠷᠭᠡᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠠᠬᠢᠭᠤᠯᠪᠠ᠃      ᠣᠶᠤᠨᠴᠢ ᠡᠨᠧᠷᠭᠢ ᠶᠢᠨ ᠬᠦᠷᠢᠶᠡᠨ ᠳᠤ᠂ ᠤᠯᠤᠰ ᠤᠨ ᠡᠨᠧᠷᠭᠢ ᠶᠢᠨ ᠪᠦᠯᠦᠭᠯᠡᠯ ᠤᠨ ᠪᠤᠷᠣᠰᠢᠯᠢ ᠡᠨᠧᠷᠭᠢ  ᠶᠢᠨ ᠬᠢᠵᠠᠭᠠᠷᠲᠤ ᠺᠤᠮᠫᠠᠨᠢ ︽ᠲᠤᠶᠢᠯ ᠤᠨ ᠬᠦᠢᠲᠡᠨ ᠪᠥᠭᠡᠳ ᠪᠤᠳᠤᠯᠢᠶᠠᠨᠲᠠᠢ ᠠᠭᠤᠷ ᠠᠮᠢᠰᠬᠤᠯ ᠤᠨ ᠣᠷᠴᠢᠨ ᠨᠥᠬᠦᠴᠡᠯ ᠪᠦᠬᠦᠢ ᠵᠠᠳᠠᠭᠠᠢ ᠠᠭᠤᠷᠬᠠᠢ ᠳᠤ ᠬᠠᠨᠳᠤᠭᠤᠯᠤᠭᠰᠠᠨ 5G+ ᠣᠶᠤᠨᠴᠢ ᠠᠭᠤᠷᠬᠠᠢ︾   ᠪᠠᠷ ᠲᠣᠳᠣᠷᠠᠵᠠᠢ ᠃ ᠡᠨᠡ ᠨᠢ ᠲᠤᠶᠢᠯ ᠤᠨ ᠬᠦᠢᠲᠡᠨ ᠪᠥᠭᠡᠳ ᠪᠤᠳᠤᠯᠢᠶᠠᠨᠲᠠᠢ ᠠᠭᠤᠷ ᠠᠮᠢᠰᠬᠤᠯ ᠤᠨ ᠣᠷᠴᠢᠨ ᠨᠥᠬᠦᠴᠡᠯ ᠳᠤ 5G  ᠶᠢᠨ ᠴᠢᠮᠡᠭᠡ ᠬᠤᠯᠪᠣᠭᠠᠨ ᠤ ᠳᠣᠬᠢᠶ᠎ᠠ ᠳᠤ ᠰᠠᠭᠤᠷᠢᠯᠠᠨ᠂ ᠵᠠᠳᠠᠭᠠᠢ ᠠᠭᠤᠷᠬᠠᠢ ᠶᠢᠨ ᠠᠦ᠋ᠲ᠋ᠣ᠋ ᠪᠠᠷ ᠪᠠᠭᠤᠯᠭᠠᠬᠤ ᠠᠴᠢᠶᠠᠨ ᠤ ᠮᠠᠰᠢᠨ ᠢ ᠵᠢᠯᠣᠭᠤᠴᠢ ᠦᠭᠡᠢ ᠠᠴᠢᠶᠠᠨ ᠤ ᠮᠠᠰᠢᠨ ᠪᠣᠯᠭᠠᠨ ᠥᠭᠡᠷᠡᠴᠢᠯᠡᠵᠦ᠂ ᠴᠠᠭᠢᠯᠭᠠᠨ ᠤᠳᠬᠤᠭᠤᠷ ᠂ ᠰᠢᠷᠣᠢ ᠲᠦᠯᠬᠢᠬᠦ ᠲᠡᠷᠭᠡ ᠵᠡᠷᠭᠡ ᠮᠠᠰᠢᠨ ᠮᠧᠬᠠᠨᠢᠭ᠂ ᠤᠰᠤ ᠰᠦᠷᠴᠢᠬᠦ ᠲᠡᠷᠭᠡ᠂ ᠵᠠᠮ ᠲᠡᠭᠰᠢᠯᠡᠬᠦ ᠲᠡᠷᠭᠡ᠂ ᠵᠢᠯᠤᠭᠤᠳᠬᠤ ᠲᠡᠷᠭᠡ ᠵᠡᠷᠭᠡ ᠲᠤᠰᠠᠯᠠᠮᠵᠢ ᠶᠢᠨ ᠲᠡᠷᠭᠡ ᠨᠦᠭᠦᠳ ᠲᠠᠢ ᠨᠢᠭᠡ ᠢᠵᠢ ᠪᠣᠯᠭᠠᠨ ᠵᠣᠬᠢᠶᠠᠨ ᠪᠠᠶᠢᠭᠤᠯᠵᠤ᠂ ᠵᠠᠳᠠᠭᠠᠢ ᠠᠭᠤᠷᠬᠠᠢ ᠶᠢᠨ ᠠᠭᠤᠷᠬᠠᠢ ᠮᠠᠯᠲᠠᠬᠤ᠂ ᠲᠡᠭᠡᠭᠡᠪᠦᠷᠢᠯᠡᠬᠦ᠂ ᠪᠠᠭᠤᠯᠭᠠᠬᠤ ᠦᠢᠯᠡᠳᠪᠦᠷᠢᠯᠡᠯ ᠢ ᠶᠠᠪᠤᠭᠳᠠᠭᠤᠯᠤᠨ᠎ᠠ᠃ ᠡᠭᠦᠨ ᠢ ᠨᠢᠭᠡᠨᠲᠡ ᠲᠤᠷᠰᠢᠯᠲᠠ ᠪᠠᠷ ᠪᠠᠲᠤᠯᠠᠵᠤ᠂ ᠤᠯᠠᠨ ᠲᠦᠷᠦᠯ ᠤᠨ ᠮᠡᠷᠭᠡᠵᠢᠯ ᠤᠨ ᠭᠦᠢᠴᠡᠳᠬᠡᠯ ᠲᠤᠭ᠎ᠠ ᠨᠢ ᠳᠡᠯᠡᠬᠡᠢ ᠶᠢᠨ ᠠᠳᠠᠯᠢ ᠠᠵᠢᠯ ᠲᠦᠷᠦᠯ ᠤᠨ ᠳᠣᠲᠣᠷ᠎ᠠ ᠣᠷᠣᠶᠢᠯᠠᠨ᠂ ᠠᠮᠤᠷ ᠲᠦᠪᠰᠢᠨ ᠪᠥᠭᠡᠳ ᠨᠠᠶᠢᠳᠠᠪᠤᠷᠢᠲᠠᠢ ᠪᠠᠷ ᠢᠶᠠᠨ ᠬᠡᠷᠡᠭᠯᠡᠭᠡᠨ ᠤ ᠬᠡᠷᠡᠭᠴᠡᠭᠡ ᠶᠢ ᠬᠠᠩᠭᠠᠵᠤ᠂ ᠠᠭᠤᠷᠬᠠᠢ ᠶᠢᠨ ᠠᠵᠢᠯᠴᠢᠳ ᠤᠨ ᠠᠵᠢᠯᠯᠠᠬᠤ ᠣᠷᠴᠢᠨ ᠢ ᠰᠠᠶᠢᠵᠢᠷᠠᠭᠤᠯᠤᠨ᠂ ᠮᠠᠰᠢ ᠰᠠᠶᠢᠨ ᠨᠡᠶᠢᠭᠡᠮ ᠤᠨ ᠦᠷ᠎ᠡ ᠠᠰᠢᠭ ᠪᠠ ᠠᠵᠤ ᠠᠬᠤᠢ ᠶᠢᠨ ᠦᠷ᠎ᠡ ᠠᠰᠢᠭ ᠲᠠᠢ ᠶᠤᠮ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号