ᠠᠩᠬᠠᠳᠤᠭᠠᠷ ᠬᠤᠭᠤᠴᠠᠭᠠᠨ ᠤ ᠭᠦᠭᠡᠬᠤᠲᠠ ᠶᠢᠨ ᠣᠯᠠᠨ ᠤᠯᠤᠰ ᠤᠨ ᠱᠤᠭᠤᠮᠠᠯ ᠤᠷᠠᠯᠢᠭ ᠤᠨ ᠦᠵᠡᠰᠭᠦᠯᠡᠩ ᠡᠬᠢᠯᠡᠪᠡ
ᠨᠡᠶᠢᠲᠡᠯᠡᠭᠰᠡᠨ ᠴᠠᠭ᠄
2023/10/17
     ᠠᠩᠬᠠᠳᠤᠭᠠᠷ ᠬᠤᠭᠤᠴᠠᠭᠠᠨ ᠤ ᠭᠦᠭᠡᠬᠤᠲᠠ ᠶᠢᠨ ᠣᠯᠠᠨ ᠤᠯᠤᠰ ᠤᠨ ᠱᠤᠭᠤᠮᠠᠯ ᠤᠷᠠᠯᠢᠭ ᠤᠨ ᠦᠵᠡᠰᠭᠦᠯᠡᠩ ᠤᠨ ᠡᠭᠢᠯᠡᠯᠲᠡ ᠶᠢᠨ ᠶᠣᠰᠣᠯᠠᠯ ᠵᠢᠴᠢ ᠭᠦᠭᠡᠬᠤᠲᠠ ᠶᠢᠨ ᠱᠤᠭᠤᠮᠠᠯ ᠤᠷᠠᠯᠢᠭ ᠤᠨ ᠣᠷᠳᠣᠨ ᠤ ᠨᠡᠭᠡᠭᠡᠯᠲᠡ ᠶᠢᠨ ᠶᠣᠰᠣᠯᠠᠯ ᠲᠠᠯ᠎ᠠ ᠨᠤᠲᠤᠭ ᠤᠨ ᠲᠣᠷᠭᠠᠨ ᠵᠠᠮ ᠤᠨ ᠰᠣᠶᠣᠯ ᠤᠨ ᠴᠡᠴᠡᠷᠯᠢᠭ ᠲᠤ ᠶᠠᠪᠤᠭᠳᠠᠪᠠ᠃ ᠦᠵᠡᠰᠭᠦᠯᠡᠩ ᠨᠢ ᠭᠤᠷᠪᠠᠨ ᠪᠦᠯᠦᠭ ᠢᠶᠠᠷ ᠪᠦᠷᠢᠯᠳᠦᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ 58 ᠰᠣᠩᠭᠤᠳᠠᠭ ᠱᠤᠭᠤᠮᠠᠯ ᠪᠣᠯᠣᠨ ᠲᠤᠰᠬᠠᠢ ᠡᠯᠰᠡᠭᠰᠡᠨ 100 ᠪᠦᠲᠦᠭᠡᠯ ᠢ ᠳᠡᠯᠭᠡᠨ ᠦᠵᠡᠭᠦᠯᠪᠡ᠃        ᠣᠶᠢᠯᠠᠭᠠᠭᠰᠠᠨ ᠢᠶᠠᠷ᠂ ᠠᠩᠬᠠᠳᠤᠭᠠᠷ ᠬᠤᠭᠤᠴᠠᠭᠠᠨ ᠤ ᠭᠦᠭᠡᠬᠤᠲᠠ ᠶᠢᠨ ᠣᠯᠠᠨ ᠤᠯᠤᠰ ᠤᠨ ᠱᠤᠭᠤᠮᠠᠯ ᠤᠷᠠᠯᠢᠭ ᠤᠨ ᠦᠵᠡᠰᠭᠦᠯᠡᠩ ᠤᠨ ᠨᠢᠭᠡᠳᠦᠭᠡᠷ ᠪᠦᠯᠦᠭ ᠪᠤᠯᠬᠤ ︽ᠤᠷᠠᠯᠢᠭ ᠤᠨ ᠰᠣᠩᠭᠤᠳᠠᠭ ᠪᠦᠲᠦᠭᠡᠯ  ᠴᠠᠭ ᠦᠶ᠎ᠡ ᠶᠢᠨ ᠨᠠᠶᠢᠷᠠᠯ ᠬᠥᠭᠵᠢᠮ︾ ᠳᠤ ᠤᠯᠤᠰ ᠤᠨ ᠳᠣᠲᠣᠭᠠᠳᠤ ᠭᠠᠳᠠᠭᠠᠳᠤ ᠶᠢᠨ 58 ᠭᠠᠷᠤᠢ ᠰᠣᠩᠭᠤᠳᠠᠭ ᠱᠤᠭᠤᠮᠠᠯ ᠢ ᠳᠡᠯᠭᠡᠨ ᠦᠵᠡᠭᠦᠯᠵᠦ᠂ ᠤᠷᠠᠯᠢᠭᠴᠢ ᠳᠤᠨᠢ ᠤᠷᠠᠯᠢᠭ ᠤᠨ ᠲᠡᠦᠬᠡᠨ ᠳᠡᠭᠡᠷ᠎ᠡ ᠨᠡᠷ᠎ᠡ ᠠᠯᠳᠠᠷᠰᠢᠭᠰᠠᠨ ᠥᠷᠥᠨᠡᠳᠠᠬᠢᠨ ᠤ ᠶᠡᠭᠡ ᠳᠠᠷᠬᠠᠳ ᠪᠠᠭᠲᠠᠨ᠎ᠠ᠂ ᠵᠢᠱᠢᠶᠡᠯᠡᠪᠡᠯ ᠠᠯᠧᠰᠰᠠᠨᠳ᠋ᠷᠤ᠋᠂ ᠮᠢᠷᠦ᠋ᠨ᠂ ᠮᠢᠺᠧᠯᠠᠩᠧᠯᠤ᠋ ᠨᠠᠷ ᠪᠤᠶ᠃      ᠬᠤᠶᠠᠳᠤᠭᠠᠷ ᠪᠦᠯᠦᠭ ᠨᠢ ︽ᠪᠣᠯᠪᠠᠰᠤᠨ ᠤ ᠲᠣᠯᠢᠨ ᠳᠤ ᠭᠡᠷᠡᠯ ᠭᠢᠯᠪᠠᠭ᠎ᠠ ᠰᠠᠴᠤᠷᠠᠨ᠎ᠠ︾᠂ ︽ᠪᠣᠯᠪᠠᠰᠤᠨ ᠢᠶᠠᠨ ᠬᠠᠷᠢᠯᠴᠠᠨ ᠲᠣᠯᠢᠳᠠᠵᠤ᠂ ᠬᠤᠪᠢ ᠵᠠᠶᠠᠭ᠎ᠠ ᠪᠠᠨ ᠬᠠᠮᠲᠤᠳᠬᠠᠶ᠎ᠠ︾ ᠭᠡᠬᠦ ᠪᠠᠷ ᠵᠣᠬᠢᠶᠠᠨ ᠪᠦᠲᠦᠭᠡᠬᠦ ᠭᠤᠣᠯ ᠰᠡᠳᠦᠪ ᠪᠤᠯᠭᠠᠵᠤ᠂ ᠤᠷᠠᠯᠢᠭᠴᠢᠳ ᠤᠨ ᠠᠳᠠᠯᠢ ᠪᠤᠰᠤ ᠪᠣᠯᠪᠠᠰᠤᠨ ᠤ ᠬᠤᠭᠤᠷᠣᠨᠳᠣᠭᠢ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠳᠠᠬᠤ ᠳᠤ ᠠᠩᠬᠠᠷᠤᠯ ᠢᠶᠠᠨ ᠲᠥᠪᠯᠡᠷᠡᠭᠦᠯᠵᠡᠢ᠃ ᠡᠨᠡᠬᠦ ᠪᠦᠯᠦᠭ ᠨᠢ ᠲᠣᠷᠭᠠᠨ ᠵᠠᠮ ᠤᠨ ᠲᠡᠦᠬᠡ᠂ ᠰᠢᠨ᠎ᠡ ᠴᠠᠭ ᠦᠶ᠎ᠡ ᠶᠢᠨ ︽ᠨᠢᠭᠡ ᠪᠦᠰᠡ ᠨᠢᠭᠡ ᠵᠠᠮ︾ ᠤᠨ ᠬᠠᠮᠲᠤᠷᠠᠯᠴᠠᠭᠠᠨ ᠤ ᠵᠣᠷᠢᠭ ᠰᠠᠨᠠᠭ᠎ᠠ ᠵᠡᠷᠭᠡ ᠶᠢ ᠪᠠᠭᠲᠠᠭᠠᠭᠰᠠᠨ ᠠᠯᠢ ᠤᠯᠠᠨ ᠭᠤᠶᠢᠳᠠ ᠰᠠᠶᠢᠬᠠᠨ ᠪᠥᠭᠡᠳ ᠤᠯᠠᠨ ᠡᠰᠢᠲᠦ ᠱᠤᠭᠤᠮᠠᠯ ᠤᠳ ᠢ ᠬᠠᠮᠤᠷᠴᠠᠢ᠃      ᠭᠤᠷᠪᠠᠳᠤᠭᠠᠷ ᠪᠦᠯᠦᠭ ᠨᠢ ︽ᠳᠤᠮᠳᠠᠳᠤ ᠶᠢᠨ ᠰᠣᠶᠣᠯ ᠥᠷᠭᠡᠨ ᠳᠡᠯᠭᠡᠷ ᠡᠶ᠎ᠡ ᠨᠠᠶᠢᠷᠠᠮᠳᠠᠭᠤ︾᠂ ︽ᠳᠤᠮᠳᠠᠳᠤ ᠶᠢᠨ ᠰᠣᠶᠣᠯ᠂ ᠠᠭᠤᠰᠤᠯᠴᠠᠯ ᠤᠨ ᠷᠢᠳᠢ  ᠰᠢᠳᠢ︾ ᠪᠠᠷ ᠵᠣᠬᠢᠶᠠᠨ ᠪᠦᠲᠦᠭᠡᠬᠦ ᠭᠤᠣᠯ ᠰᠡᠳᠦᠪ ᠪᠤᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ ᠲᠡᠦᠬᠡ ᠪᠠ ᠰᠣᠶᠣᠯ ᠢ ᠤᠯᠠᠮᠵᠢᠯᠠᠨ ᠵᠠᠯᠭᠠᠮᠵᠢᠯᠠᠬᠤ᠂ ᠦᠨᠳᠦᠰᠦᠲᠡᠨ ᠤ ᠰᠣᠯᠢᠯᠴᠠᠭ᠎ᠠ ᠪᠠ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ᠂ ᠤᠳᠤ ᠦᠶ᠎ᠡ ᠶᠢᠨ ᠵᠣᠷᠢᠭ ᠰᠠᠨᠠᠭ᠎ᠠ ᠪᠠ ᠬᠥᠭᠵᠢᠯᠲᠡ ᠶᠢᠨ ᠲᠥᠰᠥᠪ ᠢᠶᠠᠷ ᠰᠡᠳᠦᠪᠯᠡᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠭᠤᠶᠢᠳᠠ ᠰᠠᠶᠢᠬᠠᠨ ᠢ ᠢᠯᠡᠷᠡᠭᠦᠯᠦᠭᠰᠡᠨ ᠪᠥᠭᠡᠳ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠤ ᠤᠶᠤᠨ ᠰᠠᠨᠠᠭᠠᠨ ᠤ ᠠᠤᠭ᠎ᠠ ᠬᠦᠴᠦᠨ ᠢ ᠢᠯᠡᠷᠡᠭᠦᠯᠦᠭᠰᠡᠨ ᠪᠠᠶᠢᠨ᠎ᠠ᠃      ᠡᠨᠡᠬᠦ ᠬᠤᠭᠤᠴᠠᠭᠠᠨ ᠳᠤ ᠢᠵᠢᠯ ᠠᠯᠬᠤᠮ ᠢᠶᠠᠷ ᠨᠡᠭᠡᠭᠡᠭᠰᠡᠨ ︽ᠤᠮᠠᠷᠠᠲᠤ ᠬᠢᠯᠢ ᠶᠢ ᠪᠠᠷᠠᠯᠠᠬᠤᠢ︾ ᠥᠪᠥᠷ ᠮᠣᠩᠭᠤᠯ ᠤᠨ ᠱᠤᠭᠤᠮᠠᠯ ᠤᠷᠠᠯᠢᠭ ᠤᠨ ᠦᠵᠡᠭᠦᠯᠭᠡ ᠶᠢᠨ ᠲᠢᠩᠬᠢᠮ ᠨᠢ ᠮᠠᠨ ᠤ ᠣᠷᠣᠨ ᠤ ᠪᠠᠶᠢᠭᠠᠯᠢ ᠶᠢᠨ ᠥᠩᠭᠡ ᠦᠵᠡᠮᠵᠢ᠂ ᠠᠷᠠᠳ ᠤᠨ ᠵᠠᠩ ᠦᠶᠯᠡ ᠵᠢᠴᠢ ᠦᠨᠳᠦᠰᠦᠲᠡᠨ ᠤ ᠡᠶ᠎ᠡ ᠵᠣᠬᠢᠴᠠᠩᠭᠤᠢ ᠠᠮᠢᠳᠤᠷᠠᠯ ᠢᠶᠠᠷ ᠰᠡᠳᠦᠪᠯᠡᠭᠰᠡᠨ 84 ᠱᠤᠭᠤᠮᠠᠯ ᠢᠶᠠᠷ ᠮᠠᠨ ᠤ ᠣᠷᠣᠨ ᠤ ᠪᠠᠶᠢᠭᠠᠯᠢ ᠶᠢᠨ ᠥᠩᠭᠡ ᠦᠵᠡᠮᠵᠢ ᠶᠢᠨ ᠭᠤᠶᠢᠳᠠ ᠰᠠᠶᠢᠬᠠᠨ᠂ ᠭᠠᠵᠠᠷ ᠣᠷᠣᠨ ᠤ ᠦᠨᠳᠦᠰᠦᠲᠡᠨ ᠤ ᠵᠠᠩ ᠦᠶᠯᠡ ᠶᠢᠨ ᠭᠤᠸ᠎ᠠ ᠰᠠᠶᠢᠬᠠᠨ ᠪᠠ ᠦᠨᠳᠦᠰᠦᠲᠡᠨ ᠤ ᠪᠦᠯᠬᠦᠮᠳᠡᠯ ᠤᠨ ᠨᠦᠭᠦᠷᠰᠡᠭ ᠰᠠᠶᠢᠬᠠᠨ ᠢ ᠳᠡᠯᠭᠡᠨ ᠦᠵᠡᠭᠦᠯᠵᠡᠢ᠃      ᠰᠢᠨ᠎ᠡ ᠪᠠᠷ ᠪᠠᠶᠢᠭᠤᠯᠤᠭᠰᠠᠨ ᠭᠦᠭᠡᠬᠤᠲᠠ ᠶᠢᠨ ᠱᠤᠭᠤᠮᠠᠯ ᠤᠷᠠᠯᠢᠭ ᠤᠨ ᠣᠷᠳᠣᠨ ᠤ ᠠᠷᠤ ᠳᠤᠨᠢ ᠥᠪᠡᠷᠲᠡᠭᠡᠨ ᠵᠠᠰᠠᠬᠤ ᠣᠷᠣᠨ ᠤ ᠮᠦᠽᠧᠢ᠂ ᠵᠡᠭᠦᠨ ᠲᠠᠯ᠎ᠠ ᠳᠤᠨᠢ ᠥᠪᠡᠷᠲᠡᠭᠡᠨ ᠵᠠᠰᠠᠬᠤ ᠣᠷᠣᠨ ᠤ ᠤᠷᠠᠨ ᠵᠢᠷᠤᠭ ᠤᠨ ᠣᠷᠳᠣᠨ᠂ ᠡᠮᠦᠨ᠎ᠡ ᠨᠢ ᠲᠠᠯ᠎ᠠ ᠨᠤᠲᠤᠭ ᠤᠨ ᠲᠣᠷᠭᠠᠨ ᠵᠠᠮ ᠤᠨ ᠰᠣᠶᠣᠯ ᠤᠨ ᠴᠡᠴᠡᠷᠯᠢᠭ ᠪᠠᠶᠢᠷᠢᠯᠠᠵᠤ᠂ ᠲᠥᠷᠥᠯ ᠵᠦᠢᠯ ᠤᠨ ᠡᠵᠡᠯᠡᠬᠦ ᠲᠠᠯᠠᠪᠠᠶ ᠨᠢ 7.35 ᠲᠦᠮᠡᠨ ᠲᠡᠭᠰᠢ ᠳᠥᠷᠪᠡᠯᠵᠢᠨ ᠮᠧᠲᠷ᠂ ᠪᠠᠷᠢᠯᠭ᠎ᠠ ᠶᠢᠨ ᠲᠠᠯᠠᠪᠠᠶ  ᠨᠢ 2.5 ᠲᠦᠮᠡᠨ ᠲᠡᠭᠰᠢ ᠳᠥᠷᠪᠡᠯᠵᠢᠨ ᠮᠧᠲᠷ ᠪᠣᠯᠣᠨ᠎ᠠ᠃      ᠠᠳᠠᠯᠢ ᠬᠤᠭᠤᠴᠠᠭᠠᠨ ᠳᠤ ᠨᠡᠭᠡᠭᠡᠭᠳᠡᠭᠰᠡᠨ ᠭᠦᠭᠡᠬᠤᠲᠠ ᠶᠢᠨ ᠣᠯᠠᠨ ᠤᠯᠤᠰ ᠤᠨ ᠱᠤᠭᠤᠮᠠᠯ ᠤᠨ ᠬᠦᠷᠢᠶᠡᠯᠡᠩ ᠤᠨ ᠲᠦᠷᠦᠭᠦᠦ ᠬᠤᠭᠤᠴᠠᠭᠠᠨ ᠤ ᠰᠣᠩᠭᠤᠭᠰᠠᠨ ᠭᠠᠵᠠᠷ ᠨᠢ ᠲᠠᠯ᠎ᠠ ᠨᠤᠲᠤᠭ ᠤᠨ ᠲᠣᠷᠭᠠᠨ ᠵᠠᠮ ᠤᠨ ᠰᠣᠶᠣᠯ ᠤᠨ ᠴᠡᠴᠡᠷᠯᠢᠭ ᠤᠨ B ᠲᠣᠭᠤᠷᠢᠭ ᠲᠤ ᠪᠠᠶᠢᠵᠤ᠂ ᠡᠮᠦᠨᠡᠰᠢ ᠤᠮᠠᠷᠠᠰᠢ ᠪᠠᠷᠤᠭ 1.2 ᠺᠢᠯᠣᠮᠧᠲᠷ ᠣᠷᠳᠣ᠂ 26 ᠾᠧᠺᠲ᠋ᠠᠷ ᠭᠠᠵᠠᠷ ᠡᠵᠡᠯᠡᠵᠦ ᠪᠤᠶ᠃ ᠠᠳᠡ ᠤᠯᠤᠰ ᠤᠨ ᠳᠣᠲᠣᠭᠠᠳᠤ ᠭᠠᠳᠠᠭᠠᠳᠤ ᠶᠢᠨ 46 ᠰᠣᠩᠭᠤᠳᠠᠭ ᠪᠦᠲᠦᠭᠡᠯ ᠢ ᠳᠡᠯᠭᠡᠨ ᠦᠵᠡᠭᠦᠯᠵᠦ᠂ ᠣᠯᠠᠨ ᠤᠯᠤᠰ ᠤᠨ ᠶᠡᠭᠡ ᠳᠠᠷᠬᠠᠳ ᠤᠨ ᠪᠦᠲᠦᠭᠡᠯ ᠢᠶᠠᠷ ᠳᠠᠮᠵᠢᠭᠤᠯᠤᠨ ᠣᠯᠠᠨ ᠡᠰᠢᠲᠦ ᠰᠣᠶᠣᠯ ᠤᠨ ᠠᠭᠤᠯᠤᠭᠳᠠᠬᠤᠨ ᠢ ᠢᠯᠡᠷᠡᠭᠦᠯᠪᠡ᠃      ᠠᠩᠬᠠᠳᠤᠭᠠᠷ ᠬᠤᠭᠤᠴᠠᠭᠠᠨ ᠤ ᠭᠦᠭᠡᠬᠤᠲᠠ ᠶᠢᠨ ᠤᠯᠠᠨ ᠤᠯᠤᠰ ᠤᠨ ᠱᠤᠭᠤᠮᠠᠯ ᠤᠷᠠᠯᠢᠭ ᠤᠨ ᠦᠵᠡᠭᠦᠯᠭᠡ ᠶᠠᠪᠤᠭᠳᠠᠵᠤ᠂ ᠭᠦᠭᠡᠬᠤᠲᠠ ᠶᠢᠨ ᠱᠤᠭᠤᠮᠠᠯ ᠤᠷᠠᠯᠢᠭ ᠤᠨ ᠣᠷᠳᠣᠨ ᠨᠡᠭᠡᠭᠡᠭᠳᠡᠭᠰᠡᠨ ᠵᠢᠴᠢ ᠭᠦᠭᠡᠬᠤᠲᠠ ᠶᠢᠨ ᠤᠯᠠᠨ ᠤᠯᠤᠰ ᠤᠨ ᠱᠤᠭᠤᠮᠠᠯ ᠤᠨ ᠬᠦᠷᠢᠶᠡᠯᠡᠩ ᠪᠠᠶᠢᠭᠤᠯᠤᠭᠳᠠᠭᠰᠠᠨ ᠨᠢ᠂ ᠰᠢᠯᠢᠳᠡᠭ ᠱᠤᠭᠤᠮᠠᠯ ᠤᠨ ᠪᠦᠲᠦᠭᠡᠯ ᠢ ᠣᠷᠣᠨ ᠤ ᠲᠥᠪ ᠭᠦᠭᠡᠬᠤᠲᠠ ᠳᠤ ᠣᠷᠣᠭᠤᠯᠤᠭᠰᠠᠨ ᠢᠶᠠᠷ ᠪᠠᠷᠠᠬᠤ ᠦᠭᠡᠢ᠂ ᠪᠣᠯᠪᠠᠰᠤᠨ ᠤ ᠭᠤᠸ᠎ᠠ ᠰᠠᠶᠢᠬᠠᠨ᠂ ᠰᠣᠶᠣᠯ ᠤᠨ ᠭᠤᠸ᠎ᠠ ᠰᠠᠶᠢᠬᠠᠨ᠂ ᠤᠷᠠᠯᠢᠭ ᠤᠨ ᠭᠤᠸ᠎ᠠ ᠰᠠᠶᠢᠬᠠᠨ ᠢ ᠠᠷᠠᠳ ᠤᠯᠠᠨ ᠤ ᠠᠮᠢᠳᠤᠷᠠᠯ ᠳᠤ ᠰᠢᠩᠭᠡᠭᠡᠵᠦ᠂ ᠠᠷᠠᠳ ᠤᠨ ᠠᠮᠢᠳᠤᠷᠠᠯ ᠪᠣᠯᠣᠨ ᠰᠣᠶᠣᠯ ᠤᠨ ᠠᠭᠤᠯᠤᠭᠳᠠᠬᠤᠨ ᠢ ᠤᠯᠠᠮ ᠴᠢᠨᠠᠭᠰᠢᠳᠠ ᠪᠠᠶᠠᠯᠢᠭᠵᠢᠭᠤᠯᠵᠠᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号