ᠮᠠᠨ ᠤ ᠬᠤᠲᠠ ᠶᠢᠨ ᠪᠥᠬᠦ ᠵᠢᠯ ᠤᠨ ᠠᠭᠠᠷ ᠤᠨ ᠶᠠᠰᠤ ᠴᠢᠨᠠᠷ ᠤᠨ ᠭᠠᠭᠴᠠ ᠰᠠᠷ᠎ᠠ ᠶᠢᠨ ᠰᠢᠯᠢᠳᠡᠭ ᠨᠣᠷᠮ᠎ᠠ 9 ᠳ᠋ᠦ᠋ᠭᠡᠷ ᠰᠠᠷ᠎ᠠ ᠳᠤ ᠠᠩᠬ᠎ᠠ ᠤᠳᠠᠭ᠎ᠠ 100% ᠬᠦᠷᠪᠡ
ᠨᠡᠶᠢᠲᠡᠯᠡᠭᠰᠡᠨ ᠴᠠᠭ᠄
2023/10/17
     ︵ᠰᠤᠷᠪᠤᠯᠵᠢᠯᠠᠭᠴᠢ ᠯᠢᠦ ᠱᠠ ᠱᠠ︶ ᠣᠶᠢᠷ᠎ᠠ ᠳᠤ᠂ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠨᠡ ᠵᠢᠯ ᠤᠨ ᠲᠤᠷᠰᠢ᠂ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠣᠯᠠᠨ ᠵᠦᠢᠯ ᠤᠨ ᠠᠷᠭ᠎ᠠ ᠬᠡᠮᠵᠢᠶ᠎ᠡ ᠬᠡᠷᠡᠭᠯᠡᠵᠦ᠂ ᠮᠠᠨ ᠤ ᠬᠤᠲᠠ ᠶᠢᠨ ᠠᠭᠠᠷ ᠤᠨ ᠶᠠᠰᠤ ᠴᠢᠨᠠᠷ ᠤᠨ ᠦᠷᠭᠦᠯᠵᠢᠯᠡᠨ ᠰᠠᠶᠢᠵᠢᠷᠠᠬᠤ ᠶᠢ ᠪᠦᠲᠦᠮᠵᠢᠲᠡᠶ ᠠᠬᠢᠭᠤᠯᠤᠭᠰᠠᠨ ᠪᠠᠶᠢᠨ᠎ᠠ᠃      ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠠᠭᠠᠷ ᠤᠨ ᠶᠠᠰᠤ ᠴᠢᠨᠠᠷ ᠢ ᠡᠳᠦᠷ ᠪᠦᠷᠢ ᠮᠡᠳᠡᠭᠡᠯᠡᠬᠦ ᠳᠦᠷᠢᠮ ᠢ ᠬᠡᠷᠡᠭᠵᠢᠭᠦᠯᠬᠦ ᠪᠠᠷ ᠳᠠᠮᠵᠢᠭᠤᠯᠤᠨ᠂ ᠡᠯ᠎ᠡ ᠬᠤᠰᠢᠭᠤ ᠰᠢᠶᠠᠨ ᠲᠣᠭᠤᠷᠢᠭ ᠤᠨ ᠠᠭᠠᠷ ᠤᠨ ᠶᠠᠰᠤ ᠴᠢᠨᠠᠷ ᠤᠨ ᠪᠠᠶᠢᠳᠠᠯ ᠢ ᠡᠳᠦᠷ ᠪᠦᠷᠢ ᠮᠡᠳᠡᠭᠡᠯᠡᠵᠦ᠂ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠪᠠ︔ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠢ ᠪᠠᠲᠤᠯᠠᠬᠤ ᠰᠢᠪᠲᠤᠯᠤᠯᠲᠠ ᠶᠢᠨ ᠠᠵᠢᠯᠯᠠᠭ᠎ᠠ ᠥᠷᠨᠢᠭᠦᠯᠵᠦ᠂ ᠲᠣᠪᠴᠢᠶ᠎ᠠ ᠶᠢᠨ ᠤᠳᠤᠷᠢᠳᠤᠯᠭ᠎ᠠ ᠳᠠᠭᠠᠭᠤᠯᠤᠭᠰᠠᠨ ᠪᠠᠶᠢᠴᠠᠭᠠᠬᠤ ᠳᠤᠭᠤᠶᠢᠯᠠᠩ ᠢ ᠪᠠᠶᠢᠭᠤᠯᠵᠤ᠂ ᠢᠯᠡ ᠪᠠᠷ ᠪᠠᠶᠢᠴᠠᠭᠠᠬᠤ ᠪᠠ ᠳᠠᠯᠳᠠᠭᠤᠷ ᠰᠤᠷᠪᠤᠯᠵᠢᠯᠠᠬᠤ ᠶᠢ   ᠤᠶᠠᠯᠳᠤᠭᠤᠯᠤᠨ᠂ ᠭᠡᠷ ᠤᠨ ᠭᠠᠳᠠᠨᠠᠬᠢ ᠰᠢᠷᠠᠯᠭ᠎ᠠ ᠱᠣᠷᠣᠯᠠᠭ ᠤᠨ ᠠᠰᠠᠭᠤᠳᠠᠯ᠂ ᠴᠠᠶᠢᠶ᠋ᠢᠦ ᠲᠣᠰᠣ ᠲᠦᠯᠡᠳᠡᠭ ᠪᠠᠷᠠᠭᠠᠨ ᠤ ᠲᠡᠷᠭᠡ ᠲᠣᠭᠲᠠᠭᠠᠭᠰᠠᠨ ᠴᠠᠭ ᠪᠠ ᠲᠣᠭᠲᠠᠭᠠᠭᠰᠠᠨ ᠵᠠᠮ ᠱᠤᠭᠤᠮ ᠠᠴᠠ ᠭᠠᠳᠠᠭᠤᠷ ᠬᠤᠲᠠ ᠳᠤ ᠣᠷᠣᠬᠤ ᠠᠰᠠᠭᠤᠳᠠᠯ᠂ ᠪᠠᠷᠢᠯᠭ᠎ᠠ ᠶᠢᠨ ᠭᠠᠵᠠᠷ ᠤᠨ ︽ᠵᠢᠷᠭᠤᠭᠠᠨ ᠵᠠᠭᠤᠨ ᠤ ᠵᠠᠭᠤ︾ ᠶᠢᠨ ᠨᠠᠶᠢᠳᠠᠪᠤᠷᠢᠵᠢᠭᠤᠯᠤᠯᠲᠠ ᠶᠢ ᠪᠣᠳᠠᠲᠠᠶᠢᠵᠢᠭᠤᠯᠤᠭᠰᠠᠨ ᠦᠭᠡᠢ ᠠᠰᠠᠭᠤᠳᠠᠯ᠂ ᠵᠠᠮ ᠳᠡᠭᠡᠷ᠎ᠡ ᠲᠣᠰᠣ ᠳᠡᠪᠢᠰᠬᠦ᠂ ᠲᠣᠰᠣ ᠨᠥᠬᠦᠬᠦ ᠪᠠ ᠪᠠᠷᠢᠯᠭ᠎ᠠ ᠶᠢᠨ ᠭᠠᠵᠠᠷ ᠤᠨ ᠭᠠᠳᠠᠨ᠎ᠠ ᠪᠣᠰᠤᠭ᠎ᠠ ᠲᠠᠯ᠎ᠠ ᠶᠢ ᠲᠣᠭᠲᠠᠭᠠᠭᠰᠠᠨ ᠴᠠᠭ ᠠᠴᠠ ᠭᠠᠳᠠᠨ᠎ᠠ ᠰᠦᠷᠴᠢᠨ ᠰᠢᠷᠳᠡᠬᠦ ᠵᠡᠷᠭᠡ ᠳᠥᠷᠪᠡᠨ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠢᠯᠡᠷᠡᠭᠦᠯᠦᠭᠰᠡᠨ ᠠᠰᠠᠭᠤᠳᠠᠯ ᠢ ᠮᠡᠳᠡᠭᠡᠯᠡᠬᠦ ᠳᠦᠷᠢᠮ ᠢ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠵᠤ ᠴᠡᠭᠴᠡᠯᠡᠨ ᠰᠠᠶᠢᠵᠢᠷᠠᠭᠤᠯᠪᠠ︔ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢᠨ ᠵᠢᠭᠰᠠᠭᠠᠨ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠵᠦ᠂ ᠲᠤᠶᠢᠯᠪᠤᠷᠢᠲᠠᠢ ᠥᠭᠡᠷᠡᠴᠢᠯᠡᠭᠰᠡᠨ ᠦᠭᠡᠢ᠂ ᠪᠣᠳᠠᠲᠠᠶᠢᠵᠢᠭᠤᠯᠤᠭᠰᠠᠨ ᠦᠭᠡᠢ᠂ ᠡᠪᠦᠯ ᠤᠨ ᠤᠯᠠᠷᠢᠯ ᠳᠤ ᠮᠥᠨ ᠬᠦ ᠲᠦᠭᠦᠬᠡᠢ ᠨᠡᠭᠦᠷᠡᠰᠦ ᠶᠢ ᠰᠢᠲᠠᠭᠠᠵᠤ ᠮᠡᠳᠡᠬᠦ ᠭᠠᠵᠠᠷ ᠣᠷᠣᠨ ᠢ ᠰᠡᠭᠦᠳᠡᠷᠯᠡᠨ ᠲᠠᠩᠰᠠ ᠡᠪᠬᠡᠮᠡᠯ ᠳᠤ ᠦᠯᠡᠳᠡᠭᠡᠵᠦ᠂ ᠭᠠᠷᠠᠭ ᠪᠦᠷᠢ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠳᠤ ᠮᠡᠳᠡᠭᠳᠡᠪᠡ᠃      ᠴᠥᠬᠦᠷᠡᠰᠢ ᠦᠭᠡᠢ ᠴᠢᠷᠮᠠᠶᠢᠯᠭ᠎ᠠ ᠪᠠᠷ ᠳᠡᠮᠵᠢᠨ᠂ ᠮᠠᠨ ᠤ ᠬᠤᠲᠠ ᠶᠢᠨ 9 ᠳ᠋ᠦ᠋ᠭᠡᠷ ᠰᠠᠷ᠎ᠠ ᠶᠢᠨ ᠠᠭᠠᠷ ᠤᠨ ᠶᠠᠰᠤ ᠴᠢᠨᠠᠷ ᠴᠥᠮ ᠰᠢᠯᠢᠳᠡᠭ ᠰᠠᠶᠢᠨ᠂ ᠬᠦᠨᠳᠦ ᠲᠠᠰ ᠠᠴᠠ ᠳᠡᠭᠡᠭᠰᠢ ᠪᠣᠬᠢᠷᠲᠤᠯ ᠲᠠᠢ ᠴᠠᠭ ᠠᠭᠤᠷ ᠭᠠᠷᠤᠭᠰᠠᠨ ᠦᠭᠡᠢ᠂ PM2.5᠂ ᠣᠽᠣᠨ ᠤ ᠳᠤᠮᠳᠠᠴᠢ ᠥᠳᠬᠡᠴᠡ ᠠᠳᠠᠯᠢ ᠬᠤᠭᠤᠴᠠᠭᠠᠨ ᠤ ᠬᠢ ᠠᠴᠠ ᠲᠣᠰ ᠲᠣᠰ 4.0᠂ 3.2 ᠵᠠᠭᠤᠨ ᠤ ᠨᠢᠭᠡᠴᠢ ᠪᠠᠭᠤᠷᠠᠪᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号