ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ 17 ᠤ ᠡᠳᠦᠷ᠂ | ᠪᠠᠩᠬᠢ ᠳᠠᠭᠠᠳᠬᠠᠯ ᠤᠨ ᠪᠠᠶᠢᠭᠤᠯᠤᠮᠵᠢ ᠶᠢᠨ ︽ᠨᠢᠭᠡ ᠪᠦᠰᠡ ᠨᠢᠭᠡ ᠵᠠᠮ︾ ᠤᠨ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠭᠦ ᠶᠢ ᠵᠢᠭᠠᠨ ᠵᠢᠯᠤᠭᠤᠳᠴᠤ᠂ ︽ᠨᠢᠭᠡ ᠪᠦᠰᠡ | ᠨᠢᠭᠡ ᠵᠠᠮ︾ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤ ᠪᠠᠷ ᠪᠦᠲᠦᠭᠡᠨ ᠪᠠᠶᠢᠭᠤᠯᠬᠤ ᠶᠢ ᠠᠬᠢᠭᠤᠯᠤᠨ᠎ᠠ ᠭᠡᠵᠦ | ᠢᠯᠡᠳᠬᠡᠪᠡ᠃ | ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ᠂ ︽ᠨᠢᠭᠡ ᠪᠦᠰᠡ ᠨᠢᠭᠡ ᠵᠠᠮ︾ | ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠶᠢ ᠳᠤᠷᠠᠳᠤᠭᠰᠠᠨ ᠠᠴᠠ ᠨᠠᠭᠠᠰᠢ᠂ ᠮᠠᠨ ᠤ ᠤᠯᠤᠰ ᠤᠨ | ᠪᠠᠩᠬᠢ ᠶᠢᠨ ᠦᠢᠯᠡᠰ ᠳᠠᠭᠠᠳᠬᠠᠯ ᠤᠨ ᠦᠢᠯᠡᠰ ᠭᠠᠳᠠᠭᠠᠳᠤ ᠳᠠᠬᠢ ᠪᠠᠶᠢᠷᠢᠰᠢᠭᠤᠯᠤᠯᠲᠠ ᠪᠠᠨ ᠦᠷᠭᠦᠯᠵᠢᠯᠡᠨ | ᠰᠢᠯᠢᠳᠡᠭᠵᠢᠭᠦᠯᠵᠦ᠂ ᠮᠥᠩᠭᠦᠨ ᠭᠦᠢᠯᠭᠡᠭᠡᠨ ᠤ ᠦᠢᠯᠡᠳᠬᠦᠨ ᠢᠶᠠᠨ ᠲᠠᠰᠤᠷᠠᠯᠲᠠ ᠦᠭᠡᠢ ᠪᠠᠶᠠᠯᠢᠭᠵᠢᠭᠤᠯᠵᠤ᠂ ᠤᠯᠠᠨ | ᠲᠠᠯ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ | ᠪᠠᠶᠢᠭᠤᠯᠬᠤ ᠳᠤ ᠪᠡᠯᠡ ᠨᠡᠶᠢᠯᠡᠭᠦᠯᠬᠦ ᠳᠡᠮᠵᠢᠯᠭᠡ ᠪᠠ ᠳᠠᠭᠠᠳᠬᠠᠯ ᠤᠨ ᠪᠠᠲᠤᠯᠠᠭ᠎ᠠ ᠬᠠᠩᠭᠠᠬᠤ ᠪᠠᠷ ᠬᠦᠴᠦᠯᠡᠨ | ᠴᠢᠷᠮᠠᠶᠢᠨ᠎ᠠ ᠭᠡᠵᠦ ᠢᠯᠡᠳᠬᠡᠪᠡ᠃ | ᠲᠠᠨᠢᠯᠴᠠᠭᠤᠯᠤᠭᠰᠠᠨ ᠢᠶᠠᠷ᠂ ᠪᠠᠩᠬᠢ ᠳᠠᠭᠠᠳᠬᠠᠯ ᠤᠨ ᠪᠠᠶᠢᠭᠤᠯᠤᠮᠵᠢ ᠬᠢᠯᠢ ᠶᠢᠨ ᠭᠠᠳᠠᠨᠠᠬᠢ ᠪᠠᠶᠢᠭᠤᠯᠤᠮᠵᠢ ᠶᠢᠨ | ᠪᠠᠶᠢᠷᠢᠰᠢᠭᠤᠯᠤᠯᠲᠠ ᠪᠠᠨ ᠦᠷᠭᠦᠯᠵᠢᠯᠡᠨ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ︽ᠨᠢᠭᠡ ᠪᠦᠰᠡ ᠨᠢᠭᠡ ᠵᠠᠮ︾ ᠤᠨ | ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠣᠣᠷ ᠢ ᠪᠤᠶ ᠪᠣᠯᠭᠠᠪᠠ᠃ 2023 ᠣᠨ ᠤ 6 ᠰᠠᠷ᠎ᠠ ᠶᠢᠨ ᠰᠡᠭᠦᠯᠴᠢ | ᠪᠤᠯᠲᠠᠯ᠎ᠠ᠂ 13 ᠳᠤᠮᠳᠠᠳᠤ ᠶᠢᠨ ᠪᠡᠯᠡᠳᠦ ᠪᠠᠩᠬᠢ ᠬᠠᠮᠲᠤ ᠪᠠᠷ ᠪᠦᠲᠦᠭᠡᠨ ᠪᠠᠶᠢᠭᠤᠯᠬᠤ 50 ᠤᠯᠤᠰ ᠲᠤ 145 | ᠨᠢᠭᠡᠳᠦᠭᠡᠷ ᠳᠡᠰ ᠤᠨ ᠪᠠᠶᠢᠭᠤᠯᠤᠮᠵᠢ ᠪᠠᠶᠢᠭᠤᠯᠵᠤ᠂ 6 ᠳᠤᠮᠳᠠᠳᠤ ᠶᠢᠨ ᠪᠡᠯᠡᠳᠦ ᠳᠠᠭᠠᠳᠬᠠᠯ ᠤᠨ ᠪᠠᠶᠢᠭᠤᠯᠤᠮᠵᠢ | ᠬᠠᠮᠲᠤ ᠪᠠᠷ ᠪᠦᠲᠦᠭᠡᠨ ᠪᠠᠶᠢᠭᠤᠯᠬᠤ 8 ᠤᠯᠤᠰ ᠲᠤ 15 ᠬᠢᠯᠢ ᠶᠢᠨ ᠭᠠᠳᠠᠨᠠᠬᠢ ᠰᠠᠯᠪᠤᠷᠢ ᠪᠠᠶᠢᠭᠤᠯᠤᠮᠵᠢ | ᠪᠠᠶᠢᠭᠤᠯᠵᠠᠢ᠃ | ᠳᠤᠮᠳᠠᠳᠤ ᠶᠢᠨ ᠪᠡᠯᠡᠳᠦ ᠪᠠᠩᠬᠢ ︽ᠨᠢᠭᠡ ᠪᠦᠰᠡ ᠨᠢᠭᠡ ᠵᠠᠮ︾ ᠤᠨ ᠲᠦᠷᠦᠯ ᠵᠦᠢᠯ ᠳᠤ ᠪᠡᠯᠡ ᠨᠡᠶᠢᠯᠡᠭᠦᠯᠬᠦ | ᠳᠡᠮᠵᠢᠯᠭᠡ ᠶᠢ ᠢᠳᠡᠪᠬᠢᠲᠡᠢ ᠬᠠᠩᠭᠠᠪᠠ᠃ 2022 ᠣᠨ ᠤ ᠡᠴᠦᠰ ᠪᠤᠯᠲᠠᠯ᠎ᠠ᠂ ᠲᠥᠷᠥ ᠶᠢᠨ ᠪᠣᠳᠣᠯᠭ᠎ᠠ ᠶᠢᠨ | ᠴᠢᠨᠠᠷᠲᠠᠢ ᠪᠠᠩᠬᠢ ᠶᠢᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠤᠯᠤᠰ ᠤᠨ ᠵᠢᠭᠡᠯᠡᠯᠭᠡ | ᠨᠡᠶᠢᠲᠡ 3.1 ᠲᠦᠮᠡᠨ ᠳ᠋ᠦᠩᠰᠢᠭᠤᠷ ᠲᠥᠭᠦᠷᠢᠭ ᠲᠤ ᠭᠦᠷᠴᠡᠶ; ᠲᠣᠮᠣ ᠭᠡᠯᠪᠡᠷᠢ ᠶᠢᠨ ᠬᠤᠳᠠᠯᠳᠤᠭᠠᠨ ᠤ | ᠪᠠᠩᠬᠢ ᠶᠢᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠤᠯᠤᠰ ᠤᠨ ᠵᠢᠭᠡᠯᠡᠯᠭᠡ ᠶᠢᠨ | ᠦᠯᠡᠳᠡᠪᠦᠷᠢ ᠪᠠᠷᠤᠭ 2.3 ᠲᠦᠮᠡᠨ ᠳ᠋ᠦᠩᠰᠢᠭᠤᠷ ᠲᠥᠭᠦᠷᠢᠭ ᠲᠤ ᠬᠦᠷᠴᠡᠢ᠃ | ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ᠂ ᠪᠠᠩᠬᠢ ᠶᠢᠨ ᠳᠠᠭᠠᠳᠬᠠᠯ ᠤᠨ | ᠪᠠᠶᠢᠭᠤᠯᠤᠮᠵᠢ ᠶᠢᠨ ᠭᠠᠳᠠᠭᠠᠳᠤ ᠳᠠᠬᠢ ᠪᠠᠶᠢᠷᠢᠰᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠬᠦ ᠶᠢ ᠵᠢᠯᠤᠭᠤᠳᠴᠤ᠂ | ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠤᠯᠤᠰ ᠤᠨ ᠮᠥᠩᠭᠦᠨ ᠭᠦᠢᠯᠭᠡᠭᠡᠨ ᠤ | ᠦᠢᠯᠡᠴᠢᠯᠡᠭᠡ ᠶᠢᠨ ᠪᠦᠷᠬᠦᠴᠡ ᠶᠢ ᠲᠠᠰᠤᠷᠠᠯᠳᠡ ᠦᠭᠡᠢ ᠥᠷᠭᠡᠳᠭᠡᠨ᠎ᠡ᠂ ᠮᠥᠩᠭᠦᠨ ᠭᠦᠢᠯᠭᠡᠭᠡᠨ ᠤ ᠰᠢᠨ᠎ᠡ ᠶᠢ | ᠡᠭᠦᠳᠬᠦ ᠶᠢ ᠲᠠᠰᠤᠷᠠᠯᠲᠠ ᠦᠭᠡᠢ ᠴᠢᠩᠭᠠᠳᠬᠠᠵᠤ᠂ ᠪᠡᠯᠡ ᠮᠥᠩᠭᠦᠨ ᠤ ᠭᠦᠢᠯᠭᠡᠭᠡ ᠶᠢᠨ ᠦᠷᠭᠦᠯᠵᠢᠯᠡᠨ | ᠭᠦᠨᠵᠡᠭᠡᠶᠢᠷᠡᠬᠦ ᠶᠢ ᠠᠬᠢᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠨᠡᠩ | ᠠᠮᠢᠳᠤᠯᠢᠭ ᠪᠥᠭᠡᠳ ᠤᠯᠠᠨ ᠶᠠᠩᠵᠤ ᠶᠢᠨ ᠪᠦᠭᠦ ᠲᠠᠯ᠎ᠠ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠨ᠎ᠠ᠂ | ᠮᠥᠩᠭᠦᠨ ᠭᠦᠢᠯᠭᠡᠭᠡᠨ ᠤ ᠡᠷᠡᠭᠦᠯ ᠮᠡᠨᠳᠦ᠂ ᠪᠣᠬᠢᠷᠳᠤᠯ ᠦᠭᠡᠢ᠂ ᠲᠤᠭ᠎ᠠ ᠪᠠᠷᠢᠮᠲᠠ᠂ ᠰᠢᠨ᠎ᠡ ᠶᠢ ᠡᠭᠦᠳᠬᠦ ᠵᠡᠷᠭᠡ ︽ᠨᠢᠭᠡ | ᠪᠦᠰᠡ ᠨᠢᠭᠡ ᠵᠠᠮ︾ ᠤᠨ ᠬᠠᠮᠲᠤᠷᠠᠯᠴᠠᠭᠠᠨ ᠤ ᠰᠢᠨ᠎ᠡ ᠬᠦᠷᠢᠶᠡᠨ ᠳᠠᠬᠢ ᠳᠡᠮᠵᠢᠯᠭᠡ ᠶᠢᠨ ᠡᠷᠴᠢᠮ ᠢ | ᠴᠢᠩᠭᠠᠷᠠᠭᠤᠯᠤᠨ᠎ᠠ᠂ ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠲᠣᠭᠲᠠᠭᠠᠯ ᠳᠤ | ᠨᠡᠶᠢᠴᠡᠭᠰᠡᠨ ᠡᠵᠡᠩᠨᠡᠯᠲᠡ ᠶᠢ ︽ᠨᠢᠭᠡ ᠪᠦᠰᠡ ᠨᠢᠭᠡ ᠵᠠᠮ︾ ᠤᠨ ᠴᠢᠨᠠᠷ ᠰᠠᠶᠢᠲᠠᠢ ᠬᠥᠭᠵᠢᠯᠲᠡ ᠶᠢᠨ ᠪᠦᠭᠦ | ᠶᠠᠪᠤᠴᠠ ᠳᠤ ᠲᠤᠭᠤᠰᠢᠯᠠᠭᠤᠯᠤᠨ᠎ᠠ ᠭᠡᠵᠦ ᠢᠯᠡᠳᠬᠡᠪᠡ᠃ |