ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠬᠦᠴᠢᠷᠳᠡᠯᠲᠡᠢ ᠬᠡᠦᠬᠡᠳ ᠢ ᠬᠠᠯᠠᠮᠵᠢᠯᠠᠨ ᠬᠠᠶᠢᠷᠠᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/10/23
     ︵ᠰᠤᠷᠪᠤᠯᠵᠢᠯᠠᠭᠴᠢ ᠯᠢᠦᠢ ᠬᠤᠶ ᠱᠧᠩ︶ ᠣᠶᠢᠷ᠎ᠠ ᠳᠤ᠂ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠠᠴᠠ ᠥᠪᠥᠷ ᠮᠣᠩᠭᠤᠯ ᠤᠨ ᠵᠢᠶᠠ ᠡᠸ᠋ᠨ ᠰᠤᠷᠭᠠᠨ ᠬᠦᠮᠦᠵᠢᠯ ᠤᠨ ᠲᠥᠪ ᠲᠤ ᠬᠦᠴᠢᠷᠳᠡᠯᠲᠡᠢ ᠬᠡᠦᠬᠡᠳ ᠢ ᠬᠠᠯᠠᠮᠵᠢᠯᠠᠨ ᠬᠠᠶᠢᠷᠠᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠳᠤ ᠲᠤᠰᠬᠠᠢ ᠮᠡᠷᠭᠡᠵᠢᠯ ᠤᠨ ᠰᠡᠳᠬᠢᠴᠡ ᠶᠢᠨ ᠪᠠᠭᠰᠢ ᠶᠢ ᠤᠷᠢᠵᠤ ᠵᠣᠵᠢᠭ ᠡᠪᠡᠳᠴᠢᠨ ᠲᠠᠢ ᠬᠡᠦᠬᠡᠳ ᠤᠨ ᠰᠡᠳᠬᠢᠴᠡ ᠶᠢᠨ ᠣᠨᠴᠠᠯᠢᠭ ᠲᠤ ᠴᠢᠭᠯᠡᠭᠦᠯᠦᠨ᠂ ᠬᠠᠷᠢᠯᠴᠠᠨ ᠦᠢᠯᠡᠳᠦᠯᠴᠡᠬᠦ ᠴᠢᠨᠠᠷ ᠢᠶᠠᠷ ᠴᠢᠩᠭ᠎ᠠ᠂ ᠳᠥᠭᠦᠮ ᠣᠶᠢᠯᠠᠭᠠᠮᠵᠢᠲᠠᠢ ᠰᠡᠳᠬᠢᠴᠡ ᠶᠢᠨ ᠲᠣᠭᠯᠠᠭᠠᠮ ᠢ ᠲᠥᠯᠥᠪᠯᠡᠨ᠂ ᠵᠣᠵᠢᠭ ᠡᠪᠡᠳᠴᠢᠨ ᠲᠠᠢ ᠬᠡᠦᠬᠡᠳ ᠢ ᠬᠠᠪᠰᠤᠷᠤᠨ ᠨᠡᠶᠢᠭᠡᠮ ᠤᠨ ᠬᠠᠷᠢᠯᠴᠠᠭᠠᠨ ᠤ ᠤᠷ᠎ᠠ ᠴᠢᠳᠠᠪᠤᠷᠢ ᠶᠢ ᠨᠢ ᠬᠥᠭᠵᠢᠭᠦᠯᠵᠦ᠂ ᠢᠲᠡᠭᠡᠯ ᠵᠣᠷᠢᠭ ᠢ ᠨᠢ ᠳᠡᠭᠡᠭᠰᠢᠯᠡᠭᠦᠯᠦᠨ᠂ ᠬᠠᠮᠲᠤᠷᠠᠨ ᠠᠵᠢᠯᠯᠠᠬᠤ ᠴᠢᠳᠠᠪᠤᠷᠢ ᠶᠢ ᠨᠢ ᠬᠥᠮᠥᠵᠢᠭᠦᠯᠬᠦ ᠶᠢᠨ ᠬᠠᠮᠲᠤ ᠵᠣᠵᠢᠭ ᠡᠪᠡᠳᠴᠢᠨ ᠲᠠᠢ ᠬᠡᠦᠬᠡᠳ ᠤᠨ ᠭᠡᠷ ᠪᠦᠯᠢ ᠶᠢᠨ ᠰᠡᠳᠬᠢᠴᠡ ᠶᠢᠨ ᠪᠠᠶᠢᠭᠤᠯᠤᠯᠲᠠ ᠶᠢᠨ ᠠᠵᠢᠯ ᠳᠤ ᠴᠢᠭᠯᠡᠭᠦᠯᠦᠨ ᠲᠤᠰᠬᠠᠢ ᠮᠡᠷᠭᠡᠵᠢᠯ ᠤᠨ ᠵᠢᠯᠣᠭᠤᠳᠤᠯᠭ᠎ᠠ ᠬᠢᠵᠡᠢ᠃      ᠲᠠᠷᠠᠭᠠᠴᠢ ᠶᠢᠨ ᠠᠯᠬᠤᠮ ᠳᠤ᠂ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠪᠠᠰᠠ ᠨᠠᠰᠤᠨ ᠳᠤ ᠥᠯᠥ ᠭᠦᠷᠦᠭᠰᠡᠳ ᠢ ᠬᠠᠯᠠᠮᠵᠢᠯᠠᠨ ᠬᠠᠶᠢᠷᠠᠯᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠪᠠᠳᠠᠷᠠᠭᠤᠯᠤᠨ᠂ ᠬᠠᠯᠠᠮᠵᠢᠯᠠᠨ ᠬᠠᠪᠰᠤᠷᠬᠤ ᠴᠢᠬᠤᠯᠠᠲᠠᠢ ᠭᠡᠷ ᠲᠡᠭᠡᠨ ᠬᠤᠴᠣᠷᠤᠭᠰᠠᠨ ᠬᠡᠦᠬᠡᠳ᠂ ᠬᠦᠴᠢᠷᠳᠡᠯᠲᠡᠢ ᠬᠡᠦᠬᠡᠳ ᠵᠡᠷᠭᠡ ᠬᠥᠮᠥᠰ ᠲᠤ ᠦᠨᠡᠨ ᠬᠦ ᠰᠠᠶᠢᠨ ᠶᠠᠪᠤᠳᠠᠯ᠂ ᠪᠣᠳᠠᠲᠠᠢ ᠶᠠᠪᠤᠳᠠᠯ ᠬᠢᠵᠦ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢ ᠦᠨᠡᠨ ᠬᠦ ᠥᠷᠭᠡᠨ ᠣᠯᠠᠨ ᠠᠵᠢᠯᠲᠠᠨ ᠠᠵᠢᠯᠴᠢᠨ ᠵᠢᠴᠢ ᠲᠡᠳᠡᠨ ᠤ ᠦᠷ᠎ᠡ ᠬᠡᠦᠬᠡᠳ ᠤᠨ ︽ᠲᠥᠷᠬᠦᠮ ᠤᠨ ᠬᠥᠮᠥᠨ︾ ᠪᠣᠯᠭᠠᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号