ᠬᠤᠲᠠ ᠶᠢᠨ ᠨᠠᠮ ᠤᠨ ᠬᠤᠷᠢᠶ᠎ᠠ ᠭᠤᠣᠯ ᠰᠡᠳᠦᠪᠲᠦ ᠬᠥᠮᠦᠵᠢᠯ ᠤᠨ ᠬᠤᠶᠠᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠵᠢᠴᠢ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠡᠷᠭᠢᠯᠡᠪᠡ
ᠨᠡᠶᠢᠲᠡᠯᠡᠭᠰᠡᠨ ᠴᠠᠭ᠄
2023/10/23
     ᠪᠣᠣ ᠭᠠᠩ ᠶᠠᠷᠢᠶ᠎ᠠ ᠲᠠᠯᠪᠢᠵᠤ ᠾᠧ ᠬᠠᠢ ᠳ᠋ᠦᠩ  ᠯᠢ ᠵᠢᠶᠦ᠋ᠩ  ᠵᠠᠩ ᠬᠠᠢ ᠹᠧᠩ ᠣᠷᠣᠯᠴᠠᠪᠠ      10 ᠳ᠋ᠤᠭᠠᠷ ᠰᠠᠷ᠎ᠠ ᠶᠢᠨ 20 ᠤ ᠡᠳᠦᠷ ᠠᠴᠠ 22 ᠤᠨ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶ᠎ᠠ ᠭᠤᠣᠯ ᠰᠡᠳᠦᠪᠲᠦ ᠬᠥᠮᠦᠵᠢᠯ ᠤᠨ ᠬᠤᠶᠠᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠵᠢᠴᠢ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢ ᠡᠷᠭᠢᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠳᠠ ᠶᠢᠨ ᠲᠡᠰ ᠤᠨ ᠤᠳᠤᠷᠢᠳᠤᠯᠭ᠎ᠠ ᠪᠣᠯᠣᠨ ᠬᠤᠰᠢᠭᠤ ᠰᠢᠶᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠶᠢ ᠵᠣᠬᠢᠶᠠᠨ ᠪᠠᠶᠢᠭᠤᠯᠤᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ︾ ᠲᠣᠭᠤᠷᠢᠨ ᠳᠤ ᠠᠩᠬᠠᠳᠤᠭᠠᠷ ᠤᠳᠠᠭ᠎ᠠ ᠶᠢᠨ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢᠶᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠰᠣᠯᠢᠯᠴᠠᠬᠤ ᠬᠤᠷᠠᠯ ᠢ ᠡᠷᠬᠢᠯᠡᠵᠦ ᠶᠠᠷᠢᠶ᠎ᠠ ᠲᠠᠯᠪᠢᠵᠠᠢ᠃      ᠨᠣᠮ ᠤᠩᠰᠢᠬᠤ ᠠᠩᠭᠢ ᠨᠢ ᠲᠤᠰᠬᠠᠢ ᠰᠡᠳᠦᠪ ᠢᠶᠠᠷ ᠬᠠᠪᠰᠤᠷᠤᠨ ᠵᠢᠯᠤᠭᠤᠳᠬᠤ᠂ ᠲᠥᠪᠯᠡᠷᠡᠭᠦᠯᠦᠨ ᠨᠣᠮ ᠤᠩᠰᠢᠬᠤ᠂ ᠦᠷ᠎ᠡ ᠪᠦᠲᠦᠭᠡᠯ ᠢᠶᠠᠨ ᠰᠣᠯᠢᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠪᠠ᠃ ᠡᠨᠡ ᠬᠤᠭᠤᠴᠠᠭᠠᠨ ᠳᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠣᠷᠣᠨ ᠤ ᠲᠥᠪ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠲᠤᠬᠠᠢ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠪᠡ᠃ ᠯᠢᠦ ᠵᠢᠢ ᠶᠢᠩ᠂ ᠵᠠᠩ ᠵᠢᠢ ᠹᠧᠢ᠂ ᠯᠢ ᠰᠢᠶᠣᠣ ᠶᠠᠨ᠂ ᠵᠦ ᠵᠢᠶᠠᠨ ᠭᠦᠸᠧ᠂ ᠶᠦᠨ ᠰᠢᠨ ᠮᠢᠩ᠂ ᠯᠢ ᠸᠧᠨ ᠭᠧ᠂ ᠲᠠᠯ᠎ᠠ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢᠶᠠᠨ ᠰᠣᠯᠢᠯᠴᠠᠪᠠ᠃      ᠪᠣᠣ ᠭᠠᠩ ᠤᠯᠠᠨ ᠤ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠨᠤᠲᠠᠯᠠᠪᠠ᠃ ᠲᠡᠷᠡ ᠬᠡᠯᠡᠬᠦ ᠳᠡᠭᠡᠨ᠂ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠦᠨᠳᠦᠰᠦᠨ ᠱᠠᠲᠤ ᠪᠣᠯᠣᠨ ᠤᠯᠠᠨ ᠲᠦᠮᠡᠨ ᠳᠤ ᠰᠢᠭᠤᠳ ᠬᠠᠨᠳᠤᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠲᠤᠬᠠᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ ᠂ ᠠᠰᠠᠭᠤᠳᠠᠯ ᠢ ᠰᠢᠢᠳᠪᠦᠷᠢᠯᠡᠬᠦ ᠪᠠᠷ ᠵᠠᠩᠭᠢᠯᠠᠭ᠎ᠠ ᠶᠢᠨ ᠤᠳᠤᠷᠢᠳᠤᠮᠵᠢ ᠪᠣᠯᠭᠠᠵᠤ᠂ ᠬᠥᠭᠵᠢᠯᠲᠡ ᠶᠢ ᠠᠬᠢᠭᠤᠯᠬᠤ ᠪᠠᠷ ᠬᠠᠷᠠᠯᠲᠠ ᠪᠣᠯᠭᠠᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠳᠤ᠂ ︽ᠰᠡᠭᠦᠯᠴᠢ ᠶᠢᠨ ᠬᠠᠭᠠᠰ ᠠᠵᠢᠯ︾ ᠢ ᠬᠤᠪᠢᠷᠠᠭᠤᠯᠤᠨ ᠬᠡᠷᠡᠭᠯᠡᠬᠦ ᠶᠢ ᠦᠨᠡᠨᠬᠦ ᠰᠠᠶᠢᠲᠤᠷ ᠠᠳᠬᠤᠵᠤ᠂ ︽ᠬᠢᠭᠰᠡᠨ ᠪᠠᠶᠢᠴᠠᠭᠠᠨ ᠰᠤᠳᠤᠯᠤᠯᠲᠠ ᠪᠠᠨ ᠥᠪᠡᠷ ᠢᠶᠠᠨ ᠠᠬᠢᠭᠤᠯᠬᠤ︾ ᠶᠢ ᠪᠠᠷᠢᠮᠲᠠᠯᠠᠵᠤ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠳᠡᠭᠡᠷ᠎ᠡ ᠬᠦᠴᠦ ᠪᠠᠨ ᠲᠠᠯᠪᠢᠵᠤ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠨᠢᠭᠡᠪᠦᠷᠢ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠬᠡᠷᠡᠭᠲᠡᠢ ᠭᠡᠵᠡᠢ᠃      ᠪᠣᠣ ᠭᠠᠩ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠤᠭᠰᠠᠨ ᠰᠤᠷᠤᠯᠴᠠᠭᠰᠠᠨ ᠲᠥᠷᠥᠭᠳᠡᠯ ᠢᠶᠠᠨ ᠬᠤᠪᠢᠶᠠᠯᠴᠠᠪᠠ᠃ ᠲᠡᠷᠡ ᠬᠡᠯᠡᠬᠦ ᠳᠡᠭᠡᠨ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ ᠪᠣᠯ ᠳᠠᠷᠤᠢ ᠠᠵᠢᠯ ᠶᠠᠪᠤᠳᠠᠯ ᠬᠢᠬᠦ ᠳᠤ ᠬᠠᠶᠢᠷ᠎ᠠ ᠰᠡᠳᠬᠢᠯᠭᠡ ᠡᠪᠦᠷᠯᠡᠵᠦ᠂ ︽ᠬᠠᠳᠠ ᠴᠢᠯᠠᠭᠤ ᠮᠡᠲᠦ ᠪᠠᠲᠤ ᠪᠠᠬᠢ︾ ᠤᠯᠤᠰ ᠲᠦᠷᠦ ᠶᠢᠨ ᠬᠠᠶᠢᠷ᠎ᠠ ᠰᠡᠳᠬᠢᠯᠭᠡ ᠲᠠᠢ ᠪᠠᠶᠢᠵᠤ᠂ ᠶᠡᠭᠡ ᠲᠠᠯ᠎ᠠ᠂ ᠶᠡᠭᠡ ᠬᠠᠨᠳᠤᠰᠢ ᠪᠣᠯᠣᠨ ᠶᠡᠭᠡ ᠶᠠᠪᠤᠳᠠᠯ ᠢ ᠪᠣᠳᠣᠯᠬᠢᠯᠠᠬᠤ ᠶᠢ ᠰᠤᠷᠴᠤ᠂ ︽ᠤᠯᠤᠰ ᠤᠨ ᠶᠡᠭᠡ ᠶᠠᠪᠤᠳᠠᠯ︾ ᠢ ᠪᠤᠳᠤᠵᠤ᠂ ᠴᠠᠭ ᠢᠮᠠᠭᠲᠠ ᠨᠠᠮ ᠤᠨ ᠲᠥᠪ ᠬᠤᠷᠢᠶ᠎ᠠ ᠲᠠᠢ ᠰᠡᠳᠬᠢᠯ ᠨᠢᠭᠡᠳᠦᠨ ᠴᠢᠭᠯᠡᠯ ᠢᠶᠠᠨ ᠨᠢᠭᠡᠳᠬᠡᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠠᠶᠢᠭᠤᠯᠬᠤ ᠬᠤᠶᠠᠷ ᠶᠡᠭᠡ ᠶᠠᠪᠤᠳᠠᠯ ᠤᠨ ᠲᠣᠭᠤᠷᠢᠨ ᠳᠤ ᠨᠠᠶᠢᠳᠠᠪᠤᠷᠢᠵᠢᠭᠤᠯᠤᠯᠲᠠ ᠶᠢ ᠡᠷᠡᠰ ᠴᠢᠩᠭ᠎ᠠ ᠰᠠᠶᠢᠲᠤᠷ ᠠᠳᠬᠤᠬᠤ ᠬᠡᠷᠡᠭᠲᠡᠢ︔ ︽ᠨᠠᠳᠠ ᠠᠴᠠ ᠥᠭᠡᠷ᠎ᠡ ᠬᠡᠨ ᠪᠠᠶᠢᠬᠤ ᠪᠤᠢ︾ ᠭᠡᠬᠦ ᠠᠵᠢᠯ ᠦᠢᠯᠡᠰ ᠤᠨ ᠬᠠᠶᠢᠷ᠎ᠠ ᠰᠡᠳᠬᠢᠯᠭᠡ ᠲᠠᠢ ᠪᠠᠶᠢᠵᠤ᠂ ᠬᠤᠳᠠ ᠳᠤ᠂ ᠲᠡᠦᠬᠡ ᠳᠤ᠂ ᠠᠷᠠᠳ ᠲᠦᠮᠡᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠭᠠᠵᠠᠷ ᠣᠷᠣᠨ ᠤ ᠬᠥᠭᠵᠢᠯᠲᠡ ᠶᠢ ᠲᠥᠰᠥᠪᠯᠡᠨ ᠠᠬᠢᠭᠤᠯᠬᠤ ᠬᠡᠷᠡᠭᠲᠡᠢ︔ ︽ᠥᠪᠡᠷ ᠢ ᠪᠠᠨ ᠤᠮᠠᠷᠲᠠᠬᠤ︾ ᠠᠷᠠᠳ ᠤᠨ ᠲᠥᠯᠥᠭᠡ ᠵᠢᠳᠬᠦᠬᠦ ᠬᠠᠶᠢᠷ᠎ᠠ ᠰᠡᠳᠬᠢᠯᠭᠡ ᠲᠠᠢ ᠪᠠᠶᠢᠵᠤ᠂  ᠬᠤᠲᠠ ᠶᠢᠨ ᠡᠮᠦᠨ᠎ᠡ ᠠᠴᠠ ᠪᠣᠳᠤᠯᠬᠢᠯᠠᠵᠤ ᠬᠤᠳᠠ ᠶᠢᠨ ᠢᠷᠡᠭᠡᠳᠦᠢ ᠶᠢᠨ ᠠᠵᠤ ᠦᠢᠯᠡᠰ ᠤᠨ ᠰᠠᠭᠤᠷᠢ᠂ ᠰᠣᠶᠣᠯ ᠤᠨ ᠠᠭᠤᠯᠤᠭᠳᠠᠬᠤᠨ᠂ ᠰᠢᠨᠵᠢᠯᠡᠬᠦ ᠤᠬᠠᠭᠠᠨ ᠤ ᠰᠢᠨ᠎ᠡ ᠶᠢ ᠡᠭᠦᠳᠬᠦ ᠴᠢᠳᠠᠪᠤᠷᠢ᠂ ᠠᠮᠢ ᠠᠬᠤᠢ ᠶᠢᠨ ᠠᠰᠢᠭ᠂ ᠭᠠᠳᠠᠭᠠᠳᠤ ᠨᠡᠭᠡᠭᠡᠯᠲᠡ ᠶᠢᠨ ᠬᠡᠮᠵᠢᠶ᠎ᠡ ᠪᠣᠯᠣᠨ ᠨᠥᠯᠥᠭᠡᠯᠡᠬᠦ ᠬᠦᠴᠦᠨ ᠢ ᠲᠥᠯᠥᠪᠵᠢᠭᠦᠯᠵᠦ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠰᠠᠨᠠᠭᠰᠠᠨ ᠵᠦᠢᠯ᠂ ᠠᠵᠤ ᠠᠮᠢᠳᠤᠷᠠᠯ ᠠᠮᠤᠷ ᠮᠡᠨᠳᠦ ᠶᠢ ᠠᠵᠢᠯ ᠢᠶᠠᠨ ᠠᠬᠢᠭᠤᠯᠬᠤ ᠶᠢᠨ ᠴᠢᠬᠤᠯᠠ ᠠᠴᠠ ᠴᠢᠬᠤᠯᠠ ᠵᠦᠢᠯ ᠪᠣᠯᠭᠠᠵᠤ᠂ ᠰᠡᠳᠬᠢᠯ ᠲᠠᠯᠪᠢᠨ ᠬᠦᠴᠦ ᠲᠠᠯᠪᠢᠨ ᠬᠤᠳᠠ ᠶᠢᠨ ᠰᠠᠭᠤᠷᠢ ᠶᠢ ᠪᠠᠲᠤᠳᠬᠠᠵᠤ᠂ ᠠᠷᠠᠳ ᠲᠦᠮᠡᠨ ᠳᠤ ᠪᠤᠶᠠᠨ ᠦᠢᠯᠡᠳᠬᠦ ᠬᠡᠷᠡᠭᠲᠡᠢ᠃ ᠠᠵᠢᠯ ᠶᠠᠪᠤᠳᠠᠯ ᠬᠢᠬᠦ ᠳᠤ ᠳᠦᠷᠢᠮ ᠲᠣᠭᠲᠠᠭᠠᠯ ᠢ ᠡᠷᠬᠢᠮᠯᠡᠵᠦ᠂ ᠠᠷᠭ᠎ᠠ ᠤᠬᠠᠭᠠᠨ ᠰᠦᠪᠡᠭᠴᠢᠯᠡᠬᠦ ᠶᠢ ᠰᠤᠷᠴᠤ᠂ ᠭᠤᠣᠯ ᠳᠡᠳ᠋ ᠢ ᠲᠣᠳᠣᠷᠬᠠᠢ ᠢᠯᠭᠠᠵᠤ᠂ ᠵᠢᠮ᠎ᠡ ᠶᠣᠰᠣ ᠶᠢ ᠡᠵᠡᠮᠳᠡᠵᠦ᠂ ᠠᠶᠢᠵᠠᠮ ᠢ ᠡᠵᠡᠮᠳᠡᠵᠦ᠂ ᠪᠦᠬᠦ ᠲᠠᠯ᠎ᠠ ᠶᠢ ᠲᠦᠯᠦᠪᠵᠢᠬᠦᠯᠦᠨ᠂ ᠭᠦᠨᠵᠡᠭᠡᠢ  ᠲᠦᠯᠦᠪᠵᠢᠭᠦᠯᠦᠨ᠂ ᠨᠠᠷᠢᠨ  ᠲᠦᠯᠦᠪᠵᠢᠭᠦᠯᠦᠨ᠂ ᠬᠤᠯᠠ ᠶᠢ ᠲᠦᠯᠦᠪᠵᠢᠬᠦᠯᠬᠦ ᠳᠤ ᠭᠦᠢᠴᠡᠳ ᠬᠦᠴᠦ ᠣᠷᠣᠭᠤᠯᠬᠤ ᠬᠡᠷᠡᠭᠲᠡᠢ᠃ ᠠᠵᠢᠯ ᠶᠠᠪᠤᠳᠠᠯ ᠬᠢᠬᠦ ᠳᠡᠭᠡᠨ ᠴᠢᠷᠮᠠᠶᠢᠯᠭ᠎ᠠ ᠭᠠᠷᠭᠠᠨ᠂ ᠬᠦᠴᠢᠷ ᠠᠴᠠ ᠠᠶᠤᠬᠤ ᠦᠭᠡᠢ᠂ ᠬᠦᠴᠢᠷ ᠢ ᠳᠠᠭᠠᠭᠠᠵᠤ᠂ ᠬᠦᠴᠢᠷ ᠢ ᠵᠣᠷᠢᠭᠲᠠᠢ ᠳᠠᠭᠠᠭᠠᠵᠤ  ᠂ ᠰᠠᠨᠠᠭᠠᠴᠢᠯᠠᠭ᠎ᠠ ᠠᠴᠠ ᠪᠠᠨ ︽ᠬᠦᠴᠢᠷ  ᠢ ᠠᠮᠰᠠᠵᠤ︾᠂ ᠵᠣᠪᠠᠭᠤᠷᠢ ᠵᠦᠳᠡᠭᠦᠷᠢ ᠪᠠᠷ ᠵᠢᠷᠭᠠᠯ ᠢᠶᠠᠨ ᠪᠣᠯᠭᠠᠨ᠂ ᠡᠷᠳᠡᠮ ᠴᠢᠳᠠᠪᠤᠷᠢ ᠪᠠᠨ ᠬᠠᠲᠠᠭᠤᠵᠢᠯᠲᠠᠢ ᠪᠣᠯᠪᠠᠰᠤᠷᠠᠭᠤᠯᠵᠤ ᠂ ᠪᠠᠴᠢᠮ ᠬᠦᠴᠢᠷ ᠠᠶᠤᠯᠲᠠᠢ ᠬᠦᠨᠳᠦ ᠠᠵᠢᠯ ᠤᠨ ᠡᠮᠦᠨ᠎ᠡ ᠹᠷᠣᠨᠲ ᠳᠤ ᠶᠡᠭᠡ ᠪᠠᠷ ᠬᠦᠴᠦ ᠣᠷᠣᠭᠤᠯᠬᠤ ᠬᠡᠷᠡᠭᠲᠡᠢ᠃ ᠠᠵᠢᠯ ᠶᠠᠪᠤᠳᠠᠯ ᠬᠢᠬᠦ ᠳᠡᠭᠡᠨ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠣᠨᠤᠪᠴᠢᠲᠠᠢ ᠲᠤᠭᠲᠠᠭᠰᠠᠨ ᠠᠵᠢᠯ᠂ ᠠᠷᠠᠳ ᠤᠯᠠᠨ ᠳᠤ ᠠᠰᠢᠭᠲᠠᠢ ᠠᠵᠢᠯ ᠢ ᠵᠣᠷᠢᠭᠲᠠᠢ ᠬᠢᠵᠦ᠂ ᠬᠡᠯᠡᠪᠡᠯ ᠲᠠᠷᠤᠢ ᠬᠢᠵᠦ᠂ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠶᠢᠴᠢᠯᠠᠵᠤ᠂ ᠤᠳᠤᠷᠢᠳᠤᠮᠵᠢ ᠶᠢ ᠪᠦᠷᠢᠯᠳᠦᠭᠦᠯᠵᠦ᠂ ᠬᠠᠷᠢᠭᠤᠴᠠᠯᠭ᠎ᠠ ᠡᠭᠦᠷᠭᠡᠯᠡᠬᠦ ᠶᠢ ᠦᠨᠡᠨᠬᠦ ᠠᠵᠢᠯ ᠶᠠᠪᠤᠳᠠᠯ ᠬᠢᠵᠦ ᠦᠢᠯᠡᠰ ᠪᠣᠰᠬᠠᠬᠤ ᠶᠢᠨ ᠢᠯᠡ ᠲᠣᠳᠣ ᠰᠠᠭᠤᠷᠢ ᠥᠩᠭᠡ ᠪᠣᠯᠭᠠᠬᠤ ᠬᠡᠷᠡᠭᠲᠡᠢ᠃ ᠠᠵᠢᠯ ᠬᠢᠬᠦ ᠳᠤ ᠦᠷ᠎ᠡ ᠳ᠋ᠦᠩ ᠢ ᠴᠢᠬᠤᠯᠠᠴᠢᠯᠠᠵᠤ᠂ ︽ᠠᠰᠠᠭᠤᠳᠠᠯ ᠢ ᠰᠢᠢᠳᠪᠦᠷᠢᠯᠡᠬᠦ ᠰᠡᠳᠬᠢᠬᠦᠢ︾᠂ ᠪᠢᠲᠡᠭᠦᠦ ᠴᠠᠭᠠᠷᠢᠭ ᠤᠨ ᠰᠡᠳᠬᠢᠬᠦᠢ ᠶᠢ ᠴᠢᠩᠭᠠᠳᠬᠠᠵᠤ᠂ ᠠᠵᠢᠯ ᠤᠨ ᠦᠷ᠎ᠡ ᠪᠦᠲᠦᠮᠵᠢ ᠪᠠᠷ ᠦᠨᠡᠯᠡᠯᠲᠡ ᠶᠢᠨ ᠪᠠᠷᠢᠮᠵᠢᠶ᠎ᠠ ᠪᠣᠯᠭᠠᠵᠤ᠂ ᠦᠨᠡᠨ ᠪᠣᠳᠠᠲᠠᠢ ᠦᠷ᠎ᠡ ᠪᠦᠲᠦᠭᠡᠯ ᠢᠶᠠᠷ ᠰᠢᠯᠭᠠᠯᠲᠠ ᠶᠢᠨ ᠬᠠᠭᠤᠳᠠᠰᠤ ᠲᠤᠰᠢᠶᠠᠵᠤ᠂ ︽ᠤᠴᠢᠷ ᠪᠦᠬᠦᠨ ᠬᠡᠯᠡᠬᠦ ᠦᠭᠡ ᠲᠠᠢ᠂ ᠤᠴᠢᠷ ᠪᠦᠬᠦᠨ ᠬᠠᠷᠢᠭᠤᠯᠲᠠ ᠲᠠᠢ᠂ ᠤᠴᠢᠷ ᠪᠦᠬᠦᠨ ᠨᠠᠶᠢᠳᠠᠪᠤᠷᠢᠵᠢᠭᠤᠯᠤᠯᠲᠠ ᠲᠠᠢ︾ ᠪᠠᠶᠢᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ ᠭᠡᠵᠡᠢ᠃ ︵ᠯᠢ ᠬᠠᠢ ᠵᠧᠨ︶
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号