ᠣᠶᠢᠷ᠎ᠠ ᠶᠢᠨ ᠵᠢᠯ ᠳᠤ ᠮᠠᠨ ᠤ ᠣᠷᠣᠨ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠠᠯᠢ | ᠤᠯᠠᠨ ᠪᠣᠳᠠᠲᠠᠢ ᠠᠷᠭ᠎ᠠ ᠬᠡᠮᠵᠢᠶ᠎ᠡ ᠶᠢ ᠲᠣᠭᠲᠠᠭᠠᠨ ᠬᠡᠷᠡᠭᠵᠢᠭᠦᠯᠵᠦ᠂ ᠤᠳᠤ ᠪᠦᠭᠦ ᠤᠯᠤᠰ ᠤᠨ ᠬᠡᠪᠴᠢᠶᠡᠨ ᠳᠤ | ᠦᠷ᠎ᠡ ᠶᠢᠨ ᠲᠥᠮᠥᠰᠥ᠂ ᠮᠦ ᠨᠢᠭᠡᠴᠢ ᠶᠢᠨ ᠤᠨᠠᠯᠲᠠ ᠪᠠ ᠶᠠᠰᠤ ᠴᠢᠨᠠᠷ᠂ ᠡᠳ᠋ᠰᠢᠭᠦᠯᠦᠨ ᠪᠤᠯᠪᠠᠰᠤᠷᠠᠭᠤᠯᠬᠤ ᠬᠡᠮᠵᠢᠶ᠎ᠡ | ᠵᠡᠷᠭᠡ ᠭᠤᠷᠪᠠᠨ ᠶᠡᠭᠡ ᠳᠠᠪᠠᠭᠤᠯᠢᠭ ᠢ ᠪᠦᠷᠢᠯᠳᠦᠭᠦᠯᠪᠡ᠃ | - ᠮᠠᠨ ᠤ ᠣᠷᠣᠨ ᠦᠷ᠎ᠡ ᠶᠢᠨ ᠲᠥᠮᠥᠰᠥ ᠪᠣᠶᠢᠵᠢᠭᠤᠯᠬᠤ ᠲᠠᠷᠢᠶᠠᠨ ᠭᠠᠵᠠᠷ ᠤᠨ ᠲᠠᠯᠠᠪᠠᠢ ᠪᠠ ᠤᠨᠠᠯᠲᠠ | ᠪᠠᠷ ᠴᠥᠮ ᠪᠦᠭᠦ ᠤᠯᠤᠰ ᠲᠤ ᠲᠦᠷᠦᠭᠦᠯᠡᠵᠦ᠂ ᠬᠤᠣᠷ ᠦᠭᠡᠶᠢᠳᠡᠭᠦᠯᠦᠭᠰᠡᠨ ᠦᠷ᠎ᠡ ᠶᠢᠨ ᠲᠥᠮᠥᠰᠥ ᠶᠢᠨ | ᠠᠷᠠᠯᠵᠢᠶᠠᠨ ᠤ ᠬᠡᠮᠵᠢᠶ᠎ᠡ ᠨᠢ ᠪᠦᠭᠦ ᠤᠯᠤᠰ ᠤᠨ ᠶᠡᠷᠦᠩᠬᠡᠢ ᠬᠡᠮᠵᠢᠶ᠎ᠡ ᠶᠢᠨ 35% ᠶᠢ ᠲᠠᠪᠠᠨ ᠡᠯ᠎ᠡ ᠭᠠᠵᠠᠷ ᠲᠤ | ᠪᠣᠷᠤᠯᠠᠭᠤᠯᠭ᠎ᠠ ᠰᠠᠶᠢᠲᠠᠢ ᠪᠠᠶᠢᠵᠤ᠂ 1300 ᠭᠠᠷᠤᠢ ᠲᠦᠮᠡᠨ ᠮᠦ ᠲᠥᠮᠥᠰᠥ ᠶᠢᠨ ᠦᠢᠯᠡᠳᠪᠦᠷᠢᠯᠡᠯ ᠳᠤ ᠬᠡᠷᠡᠭᠯᠡᠬᠦ | ᠦᠷ᠎ᠡ ᠶᠢᠨ ᠬᠡᠷᠡᠭᠴᠡᠭᠡ ᠶᠢ ᠬᠠᠩᠭᠠᠵᠤ ᠲᠠᠶᠢᠯᠭᠦ ᠪᠣᠯᠵᠠᠢ᠃ | - ᠮᠠᠨ ᠤ ᠣᠷᠣᠨ ᠤ ᠲᠥᠮᠥᠰᠥ ᠲᠠᠷᠢᠬᠤ ᠰᠠᠭᠤᠷᠢᠨ ᠭᠤᠣᠯᠳᠠᠭᠤ ᠮᠤᠨᠢ ᠠᠭᠤᠯᠠ ᠶᠢᠨ ᠬᠤᠷᠮᠣᠢ ᠪᠠ ᠶᠡᠭᠡ | ᠬᠢᠩᠭᠠᠨ ᠳᠠᠪᠠᠭ᠎ᠠ ᠶᠢᠨ ᠬᠤᠷᠮᠣᠢ ᠳᠠᠭᠠᠤ ᠶᠢᠨ ᠭᠤᠣᠯ ᠭᠠᠷᠤᠯᠲᠠ ᠶᠢᠨ ᠣᠷᠣᠨ ᠳᠤ ᠲᠥᠪᠯᠡᠷᠡᠵᠦ᠂ ᠲᠠᠷᠢᠮᠠᠯ ᠤᠨ | ᠲᠠᠯᠠᠪᠠᠢ ᠨᠢ ᠪᠦᠭᠦ ᠣᠷᠣᠨ ᠤ 90% ᠶᠢ ᠡᠵᠡᠯᠡᠨ᠂ ᠠᠭᠤᠷ ᠠᠮᠢᠰᠬᠤᠯ ᠲᠣᠬᠢᠲᠠᠢ ᠪᠣᠯᠬᠤᠷ ᠮᠦ ᠨᠢᠭᠡᠴᠢ ᠶᠢᠨ | ᠳᠤᠮᠳᠠᠴᠢ ᠤᠨᠠᠯᠲᠠ ᠨᠢ 3274 ᠵᠢᠩ ᠳᠤ ᠬᠦᠷᠴᠦ᠂ ᠪᠦᠭᠦ ᠤᠯᠤᠰ ᠤᠨ ᠳᠤᠮᠳᠠᠴᠢ ᠲᠦᠪᠰᠢᠨ ᠠᠴᠠ 645 ᠵᠢᠩ | ᠳᠠᠪᠠᠵᠤ ᠪᠠᠶᠢᠨ᠎ᠠ᠃ | - ᠮᠠᠨ ᠤ ᠣᠷᠣᠨ ᠪᠣᠯ ᠪᠦᠭᠦ ᠤᠯᠤᠰ ᠤᠨ ᠴᠠᠷᠳᠠᠭᠤᠯ ᠤᠨ ᠨᠤᠨᠳᠠᠭ ᠪᠠ ᠲᠥᠮᠥᠰᠥ ᠶᠢᠨ ᠬᠡᠷᠴᠢᠮᠡᠯ ᠢ | ᠡᠳ᠋ᠰᠢᠭᠦᠯᠦᠨ ᠪᠤᠯᠪᠠᠰᠤᠷᠠᠭᠤᠯᠬᠤ ᠴᠢᠬᠤᠯᠠ ᠰᠠᠭᠤᠷᠢᠨ ᠪᠤᠯᠬᠤ ᠶᠤᠮ᠃ ᠴᠠᠷᠳᠠᠭᠤᠯ ᠤᠨ ᠨᠤᠨᠳᠠᠭ᠂ ᠲᠥᠮᠥᠰᠥ ᠶᠢᠨ | ᠭᠤᠯᠢᠷ᠂ ᠬᠡᠷᠴᠢᠮᠡᠯ ᠲᠥᠮᠥᠰᠥ ᠵᠡᠷᠭᠡ ᠳᠥᠭᠦᠮ ᠢᠳᠡᠭᠡᠨ ᠤ ᠵᠦᠢᠯ ᠲᠠᠢ ᠪᠠᠶᠢᠵᠤ᠂ ᠲᠤᠰ ᠲᠤᠰ ᠪᠦᠭᠦ ᠤᠯᠤᠰ ᠤᠨ | ᠶᠡᠷᠦᠩᠬᠡᠢ ᠭᠠᠷᠤᠯᠲᠠ ᠶᠢᠨ 30%᠂ 35% ᠪᠠ 60% ᠣᠷᠴᠢᠮ ᠢ ᠡᠵᠡᠯᠡᠵᠦ ᠪᠤᠢ᠃ ᠲᠡᠷᠡ ᠮᠥᠷᠲᠡᠭᠡᠨ ᠪᠦᠭᠦ | ᠤᠯᠤᠰ ᠤᠨ ᠨᠠᠷᠢᠯᠢᠭ ᠴᠠᠷᠳᠠᠭᠤᠯ ᠤᠨ ᠨᠤᠨᠳᠠᠭ ᠪᠠ ᠬᠡᠷᠴᠢᠮᠡᠯ ᠲᠥᠮᠥᠰᠥ ᠶᠢ ᠡᠳ᠋ᠰᠢᠭᠦᠯᠦᠨ ᠪᠤᠯᠪᠠᠰᠤᠷᠠᠭᠤᠯᠬᠤ | ᠬᠠᠮᠤᠭ ᠤᠨ ᠲᠣᠮᠣ ᠠᠵᠤ ᠠᠬᠤᠶᠢᠯᠠᠯ ᠮᠠᠨ ᠤ ᠣᠷᠣᠨ ᠳᠤ ᠪᠠᠶᠢᠵᠤ᠂ ᠦᠢᠯᠡᠳᠪᠦᠷᠢᠯᠡᠯ ᠤᠨ ᠴᠢᠳᠠᠪᠤᠷᠢ ᠨᠢ ᠪᠦᠭᠦ | ᠤᠯᠤᠰ ᠲᠤ ᠲᠦᠷᠦᠭᠦᠯᠡᠵᠦ ᠪᠠᠶᠢᠨ᠎ᠠ᠃ | ᠲᠥᠮᠥᠰᠥ ᠪᠣᠯ ᠭᠤᠣᠯ ᠪᠤᠯᠬᠤ ᠠᠮᠤ ᠪᠤᠳᠠᠭᠠᠨ ᠤ ᠲᠠᠷᠢᠮᠠᠯ᠂ ᠮᠥᠨ ᠴᠦ ᠮᠠᠨ ᠤ ᠣᠷᠣᠨ ᠤ ᠤᠯᠠᠮᠵᠢᠯᠠᠯᠲᠤ | ᠥᠪᠡᠷᠮᠢᠴᠡ ᠣᠨᠴᠠᠯᠢᠭ ᠲᠠᠢ ᠳᠠᠪᠠᠭᠤᠯᠢᠭᠲᠤ ᠲᠠᠷᠢᠮᠠᠯ ᠪᠣᠯᠣᠨ᠎ᠠ᠃ ᠤᠳᠤ ᠮᠠᠨ ᠤ ᠣᠷᠣᠨ ᠲᠥᠮᠥᠰᠥ ᠶᠢᠨ | ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠪᠠᠷ ᠪᠦᠭᠦ ᠤᠯᠤᠰ ᠤᠨ ᠡᠮᠦᠨ᠎ᠡ ᠡᠩᠨᠡᠭᠡᠨ ᠳᠤ ᠣᠷᠣᠵᠤ᠂ | ᠪᠦᠭᠦ ᠠᠵᠤ ᠦᠢᠯᠡᠰ ᠤᠨ ᠬᠡᠯᠬᠢᠶ᠎ᠡ ᠶᠢᠨ ᠦᠢᠯᠡᠳᠬᠦᠨ ᠤ ᠥᠷᠲᠡᠭ ᠨᠢ 160 ᠳ᠋ᠦᠩᠰᠢᠭᠤᠷ ᠲᠥᠭᠦᠷᠢᠭ ᠢ | ᠳᠠᠪᠠᠵᠤ ᠪᠠᠶᠢᠭ᠎ᠠ ᠪᠤᠯᠪᠠᠴᠤ ᠬᠥᠭᠵᠢᠭᠰᠡᠨ ᠤᠯᠤᠰ ᠪᠠ ᠭᠠᠵᠠᠷ ᠣᠷᠣᠨ ᠲᠠᠢ ᠬᠠᠷᠢᠴᠠᠭᠤᠯᠪᠠᠯ᠂ ᠮᠥᠨ ᠬᠦ ᠬᠥᠭᠵᠢᠯᠲᠡ | ᠶᠢᠨ ᠪᠣᠭᠤᠮᠢ ᠳᠤ ᠤᠴᠠᠷᠠᠵᠤ ᠪᠠᠶᠢᠨ᠎ᠠ᠃ ᠡᠶᠢᠮᠦ ᠶᠢᠨ ᠲᠤᠯᠠᠳᠠ᠂ ᠥᠪᠡᠷᠲᠡᠭᠡᠨ ᠵᠠᠰᠠᠬᠤ ᠣᠷᠣᠨ ᠠᠴᠠ ᠤᠤᠯ ᠤᠨ | ᠪᠠᠶᠢᠭᠰᠠᠨ ᠲᠥᠮᠥᠰᠥ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ | ᠪᠣᠳᠣᠯᠭ᠎ᠠ ᠶᠢ ᠡᠮᠬᠢᠳᠬᠡᠨ ᠦᠨᠡᠯᠡᠵᠦ᠂ ᠬᠡᠯᠬᠢᠶ᠎ᠡ ᠶᠢ ᠨᠥᠬᠦᠪᠦᠷᠢᠯᠡᠨ ᠬᠡᠯᠬᠢᠶ᠎ᠡ ᠶᠢ ᠴᠢᠩᠭᠠᠳᠬᠠᠬᠤ ᠬᠥᠭᠵᠢᠯᠲᠡ ᠶᠢᠨ | ᠰᠡᠳᠬᠢᠮᠵᠢ ᠶᠣᠰᠣᠭᠠᠷ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠬᠤ᠂ ᠶᠠᠷᠢᠯᠴᠠᠨ ᠰᠣᠯᠢᠯᠴᠠᠬᠤ ᠪᠠ ᠰᠠᠨᠠᠯ | ᠬᠤᠷᠢᠶᠠᠭᠰᠠᠨ ᠰᠠᠭᠤᠷᠢᠨ ᠳᠡᠭᠡᠷ᠎ᠡ ᠲᠥᠮᠥᠰᠥᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠳᠡᠮᠵᠢᠯᠭᠡ ᠶᠢᠨ | ᠲᠥᠷᠥ ᠶᠢᠨ ᠪᠣᠳᠣᠯᠭ᠎ᠠ ᠶᠢ ᠰᠢᠨ᠎ᠡ ᠪᠠᠷ ᠲᠣᠭᠲᠠᠭᠠᠵᠤ᠂ ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠤᠭᠰᠠᠨ ᠠᠵᠢ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠣᠶᠢᠷ᠎ᠠ ᠳᠤ | ︽ᠲᠥᠮᠥᠰᠥᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠵᠢᠷᠭᠤᠭᠠᠨ ᠵᠤᠷᠪᠤᠰ ᠲᠥᠷᠥ ᠶᠢᠨ ᠪᠣᠳᠣᠯᠭ᠎ᠠ | ᠠᠷᠭ᠎ᠠ ᠬᠡᠮᠵᠢᠶ᠎ᠡ ᠶᠢᠨ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠮᠠᠨ ᠤ ᠣᠷᠣᠨ ᠤ ᠲᠥᠮᠥᠰᠥᠨ ᠤ ᠪᠦᠭᠦ | ᠠᠵᠤ ᠦᠢᠯᠡᠰ ᠤᠨ ᠳᠡᠰ ᠳᠡᠪᠰᠢᠬᠦ ᠶᠢ ᠠᠬᠢᠭᠤᠯᠵᠤ᠂ ᠲᠥᠮᠥᠰᠥᠨ ᠤ ᠠᠵᠤ ᠦᠢᠯᠡᠰ ᠤᠨ ᠲᠣᠮᠣ ᠣᠷᠣᠨ ᠠᠴᠠ | ᠲᠥᠮᠥᠰᠥᠨ ᠤ ᠠᠵᠤ ᠦᠢᠯᠡᠰ ᠤᠨ ᠬᠦᠴᠦᠷᠬᠡᠭ ᠣᠷᠣᠨ ᠲᠡᠶᠢᠰᠢ ᠤᠷᠤᠭᠰᠢᠯᠠᠬᠤ ᠠᠶᠠᠨ ᠤ ᠵᠢᠯᠣᠭᠤ ᠶᠢ ᠰᠤᠩᠭᠠᠯ᠎ᠠ | ᠃ | - ᠦᠷ᠎ᠡ ᠶᠢᠨ ᠲᠥᠮᠥᠰᠥ ᠪᠣᠶᠢᠵᠢᠭᠤᠯᠬᠤ ᠠᠵᠤ ᠦᠢᠯᠡᠰ ᠢ ᠬᠦᠴᠦᠷᠬᠡᠭᠵᠢᠭᠦᠯᠬᠦ ᠶᠢ ᠳᠡᠮᠵᠢᠨ᠎ᠡ᠃ ᠡᠭᠦᠨ | ᠳᠤ 3 ᠵᠦᠢᠯ ᠤᠨ ᠠᠷᠭ᠎ᠠ ᠬᠡᠮᠵᠢᠶ᠎ᠡ ᠶᠢ ᠪᠠᠭᠲᠠᠭᠠᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠪᠡᠯᠡ ᠮᠥᠩᠭᠦ | ᠶᠢ ᠨᠢᠭᠡᠳᠦᠯᠲᠡᠢ ᠲᠥᠯᠥᠪᠵᠢᠭᠦᠯᠦᠨ᠂ ᠰᠢᠨ᠎ᠡ ᠡᠭᠦᠯᠳᠡᠷ ᠢ ᠳᠡᠯᠭᠡᠷᠡᠭᠦᠯᠦᠭᠰᠡᠨ ᠤ ᠳᠠᠷᠠᠭᠠᠬᠢ ᠨᠥᠬᠦᠪᠦᠷᠢ ᠶᠢᠨ ᠲᠥᠷᠥ | ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠡᠳ᠋ᠰᠢᠭᠦᠯᠦᠨ ᠪᠤᠯᠪᠠᠰᠤᠷᠠᠭᠤᠯᠬᠤ ᠲᠤᠰᠬᠠᠢ ᠬᠡᠷᠡᠭᠯᠡᠭᠡᠨ ᠤ | ᠲᠥᠮᠥᠰᠥ ᠶᠢᠨ ᠡᠭᠦᠯᠳᠡᠷ ᠪᠣᠶᠢᠵᠢᠭᠤᠯᠤᠯᠲᠠ ᠶᠢᠨ ᠰᠢᠨ᠎ᠡ ᠶᠢ ᠡᠭᠦᠳᠬᠦ ᠶᠢ ᠳᠡᠮᠵᠢᠬᠦ᠂ ᠦᠷ᠎ᠡ ᠶᠢᠨ ᠲᠥᠮᠥᠰᠥ | ᠪᠣᠶᠢᠵᠢᠭᠤᠯᠬᠤ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠳᠡᠮᠵᠢᠬᠦ 2 ᠵᠦᠢᠯ ᠤᠨ ᠲᠥᠷᠥ ᠶᠢᠨ ᠪᠣᠳᠣᠯᠭ᠎ᠠ ᠶᠢ | ᠰᠢᠨ᠎ᠡ ᠪᠠᠷ ᠨᠡᠮᠡᠭᠳᠡᠭᠦᠯᠪᠡ᠃ | - ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ ᠢᠨᠵᠧᠨᠧᠷᠢᠩ ᠢ ᠬᠡᠷᠡᠭᠵᠢᠭᠦᠯᠬᠦ ᠶᠢ ᠳᠡᠮᠵᠢᠨ᠎ᠡ᠃ 5 | ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠭᠠᠷᠭᠠᠵᠤ᠂ ᠲᠥᠮᠥᠰᠥ ᠲᠠᠷᠢᠭᠰᠠᠳ ᠲᠤ ᠣᠯᠭᠤᠬᠤ ᠨᠥᠬᠦᠪᠦᠷᠢ | ᠪᠠ ᠡᠳ᠋ᠰᠢᠭᠦᠯᠦᠨ ᠪᠤᠯᠪᠠᠰᠤᠷᠠᠭᠤᠯᠬᠤ ᠵᠠᠬᠢᠶᠠᠯᠠᠭ᠎ᠠ ᠶᠢᠨ ᠨᠥᠬᠦᠪᠦᠷᠢ ᠶᠢ ᠦᠷᠭᠦᠯᠵᠢᠯᠡᠨ ᠬᠡᠷᠡᠭᠵᠢᠭᠦᠯᠵᠦ᠂ ᠲᠥᠮᠥᠰᠥ | ᠶᠢ ᠰᠡᠯᠭᠦᠨ ᠲᠠᠷᠢᠬᠤ ᠶᠢ ᠳᠡᠮᠵᠢᠬᠦ᠂ ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠬᠤ ᠶᠢ ᠳᠡᠮᠵᠢᠬᠦ᠂ ᠥᠨᠳᠥᠷ ᠤᠨᠠᠯᠲᠠ | ᠲᠠᠢ ᠥᠨᠳᠥᠷ ᠦᠷ᠎ᠡ ᠠᠰᠢᠭᠲᠤ ᠲᠠᠷᠢᠮᠠᠯ ᠤᠨ ᠵᠢᠱᠢᠶ᠎ᠡ ᠦᠵᠡᠭᠦᠯᠭᠦ ᠣᠷᠣᠨ ᠤ ᠪᠦᠲᠦᠭᠡᠨ ᠪᠠᠶᠢᠭᠤᠯᠤᠯᠲᠠ ᠶᠢ | ᠳᠡᠮᠵᠢᠬᠦ ᠵᠡᠷᠭᠡ 3 ᠵᠦᠢᠯ ᠤᠨ ᠠᠷᠭ᠎ᠠ ᠬᠡᠮᠵᠢᠶ᠎ᠡ ᠶᠢ ᠰᠢᠨ᠎ᠡ ᠪᠠᠷ ᠨᠡᠮᠡᠭᠳᠡᠭᠦᠯᠵᠦ᠂ ᠵᠢᠯ ᠤᠨ ᠳᠡᠮᠵᠢᠬᠦ ᠲᠠᠷᠢᠮᠠᠯ ᠤᠨ | ᠲᠠᠯᠠᠪᠠᠢ ᠨᠢ ᠴᠥᠮ 100 ᠲᠦᠮᠡᠨ ᠮᠦ ᠶᠢ ᠳᠠᠪᠠᠪᠠ᠃ | - ᠭᠠᠷᠤᠯᠲᠠ ᠶᠢᠨ ᠣᠷᠣᠨ ᠳᠤ ᠬᠦᠢᠲᠡᠨ ᠢᠶᠠᠷ ᠬᠠᠳᠠᠭᠠᠯᠠᠬᠤ ᠰᠢᠨ᠎ᠡ ᠰᠣᠷᠭᠤᠭ ᠪᠠᠶᠢᠯᠭᠠᠬᠤ | ᠣᠳᠣᠬᠢᠴᠢᠯᠠᠭᠰᠠᠨ ᠲᠥᠬᠦᠭᠡᠷᠦᠮᠵᠢ ᠶᠢ ᠪᠦᠲᠦᠭᠡᠨ ᠪᠠᠶᠢᠭᠤᠯᠬᠤ ᠶᠢ ᠳᠡᠮᠵᠢᠨ᠎ᠡ᠃ ᠲᠥᠪ ᠪᠠ ᠥᠪᠡᠷᠲᠡᠭᠡᠨ ᠵᠠᠰᠠᠬᠤ | ᠣᠷᠣᠨ ᠤ ᠪᠡᠯᠡ ᠮᠥᠩᠭᠦ ᠶᠢ ᠠᠰᠢᠭᠯᠠᠨ᠂ ᠤᠷᠢᠳ ᠢᠶᠠᠷ ᠪᠦᠲᠦᠭᠡᠨ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ ᠠᠷᠭ᠎ᠠ | ᠶᠢ ᠠᠪᠴᠤ᠂ ᠵᠢᠯ ᠪᠦᠷᠢ ᠲᠠᠷᠢᠶᠠᠴᠢᠳ ᠲᠠᠢ ᠬᠤᠯᠪᠣᠭᠠᠯᠠᠵᠤ ᠲᠠᠷᠢᠶᠠᠴᠢᠳ ᠢ ᠳᠠᠶᠢᠴᠢᠯᠠᠬᠤ ᠴᠢᠳᠠᠪᠤᠷᠢ ᠪᠠᠷ ᠴᠢᠩᠭ᠎ᠠ | ᠪᠠᠶᠢᠭ᠎ᠠ ᠡᠲᠡᠭᠡᠳ ᠤᠨ ᠳᠣᠲᠣᠷ᠎ᠠ ᠠᠴᠠ ᠰᠢᠯᠢᠳᠡᠭ ᠢ ᠨᠢ ᠰᠣᠩᠭᠤᠨ ᠨᠥᠬᠦᠪᠦᠷᠢ ᠣᠯᠭᠤᠵᠤ᠂ ᠭᠠᠷᠤᠯᠲᠠ ᠶᠢᠨ | ᠣᠷᠣᠨ ᠳᠠᠬᠢ ᠰᠢᠨ᠎ᠡ ᠪᠠᠷ ᠪᠦᠲᠦᠭᠡᠨ ᠪᠠᠶᠢᠭᠤᠯᠤᠭᠰᠠᠨ ᠪᠤᠶᠤ ᠥᠭᠡᠷᠡᠴᠢᠯᠡᠨ ᠪᠠᠶᠢᠭᠤᠯᠤᠭᠰᠠᠨ ᠬᠥᠮᠥᠷᠭᠡ ᠶᠢᠨ | ᠪᠠᠭᠲᠠᠭᠠᠮᠵᠢ ᠨᠢ 2000 ᠲᠤᠨ ᠠᠴᠠ ᠳᠡᠭᠡᠭᠰᠢᠬᠢ ᠣᠳᠣᠬᠢᠴᠢᠯᠠᠭᠰᠠᠨ ᠬᠦᠢᠲᠡᠨ ᠢᠶᠠᠷ ᠬᠠᠳᠠᠭᠠᠯᠠᠬᠤ ᠰᠢᠨ᠎ᠡ | ᠰᠣᠷᠭᠤᠭ ᠪᠠᠶᠢᠯᠭᠠᠬᠤ ᠲᠥᠬᠦᠭᠡᠷᠦᠮᠵᠢ ᠳᠤ ᠪᠦᠲᠦᠭᠡᠨ ᠪᠠᠶᠢᠭᠤᠯᠤᠯᠲᠠ ᠶᠢᠨ ᠪᠦᠭᠦ ᠦᠨ᠎ᠡ ᠶᠢᠨ ᠬᠢᠨᠢ 30% ᠪᠠᠷ | ᠨᠥᠬᠦᠪᠦᠷᠢ ᠣᠯᠭᠤᠵᠤ᠂ ᠭᠠᠭᠴᠠ ᠲᠥᠬᠦᠭᠡᠷᠦᠮᠵᠢ ᠳᠤ ᠬᠠᠮᠤᠭ ᠤᠨ ᠠᠷᠪᠢᠨ ᠳᠠᠭᠠᠨ 100 ᠲᠦᠮᠡᠨ ᠲᠥᠭᠦᠷᠢᠭ | ᠤᠨ ᠨᠥᠬᠦᠪᠦᠷᠢ ᠣᠯᠭᠤᠨ᠎ᠠ᠃ | - ᠲᠥᠮᠥᠰᠥᠨ ᠤ ᠲᠥᠷᠥᠯ ᠲᠡᠮᠳᠡᠭ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ ᠥᠪᠡᠷᠲᠡᠭᠡᠨ | ᠵᠠᠰᠠᠬᠤ ᠣᠷᠣᠨ ᠤ ᠲᠤᠰᠬᠠᠢ ᠵᠠᠷᠤᠳᠠᠯ ᠢ ᠠᠰᠢᠭᠯᠠᠨ᠂︽ᠥᠪᠥᠷ ᠮᠣᠩᠭᠤᠯ︾ ᠨᠠᠷᠡᠮᠵᠢᠳᠤ ᠲᠦᠷᠦᠯ ᠲᠡᠮᠳᠡᠭ ᠤᠨ | ᠭᠡᠷᠡᠴᠢᠯᠡᠯᠲᠡ ᠬᠢᠬᠦ ᠶᠢ ᠳᠠᠮᠵᠢᠨ ᠠᠬᠢᠭᠤᠯᠵᠤ᠂ ᠲᠥᠮᠥᠰᠥ ᠶᠢᠨ ᠠᠵᠤ ᠦᠢᠯᠡᠰ ᠤᠨ ᠬᠡᠯᠬᠢᠶ᠎ᠡ ᠳᠠᠬᠢ ︽ᠥᠪᠥᠷ | ᠮᠣᠩᠭᠤᠯ︾ᠨᠠᠷᠡᠮᠵᠢᠳᠤ ᠲᠦᠷᠦᠯ ᠲᠡᠮᠳᠡᠭ ᠤᠨ ᠭᠡᠷᠡᠴᠢᠯᠡᠯᠲᠡ ᠣᠯᠣᠭᠰᠠᠨ ᠠᠵᠤ ᠠᠬᠤᠶᠢᠯᠠᠯ ᠳᠤ ᠰᠢᠯᠭᠠᠨ | ᠪᠠᠶᠢᠴᠠᠭᠠᠵᠤ ᠪᠠᠶᠢᠴᠠᠭᠠᠨ ᠬᠡᠮᠵᠢᠬᠦ᠂ ᠭᠡᠷᠡᠴᠢᠯᠡᠯᠲᠡ ᠬᠢᠬᠦ ᠵᠡᠷᠭᠡ ᠵᠠᠷᠤᠳᠠᠯ ᠳᠤ 5 ᠲᠦᠮᠡᠨ ᠲᠥᠭᠦᠷᠢᠭ ᠤᠨ | ᠨᠥᠬᠦᠪᠦᠷᠢ ᠣᠯᠭᠤᠬᠤ ᠪᠣᠯᠣᠨ᠎ᠠ᠃ | - ᠲᠥᠮᠥᠰᠥᠨ ᠤ ᠠᠵᠤ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠢ | ᠴᠢᠩᠭᠠᠳᠬᠠᠨ᠎ᠠ᠃ 3 ᠵᠦᠢᠯ ᠤᠨ ᠳᠡᠮᠵᠢᠬᠦ ᠲᠥᠷᠥ ᠶᠢᠨ ᠪᠣᠳᠣᠯᠭ᠎ᠠ ᠶᠢ ᠳᠤᠷᠠᠳᠤᠨ ᠭᠠᠷᠭᠠᠵᠤ᠂ ᠰᠤᠳᠤᠯᠤᠨ ᠨᠡᠭᠡᠭᠡᠬᠦ | ᠵᠡᠷᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ ᠢ ᠨᠢᠭᠡᠳᠦᠯᠲᠡᠢ ᠲᠥᠯᠥᠪᠵᠢᠭᠦᠯᠦᠨ᠂ | ᠡᠳ᠋ᠰᠢᠭᠦᠯᠵᠦ ᠪᠤᠯᠪᠠᠰᠤᠷᠠᠭᠤᠯᠬᠤ ᠪᠦᠲᠦᠭᠡᠭᠳᠡᠬᠦᠨ ᠢ ᠰᠤᠳᠤᠯᠤᠨ ᠨᠡᠭᠡᠭᠡᠬᠦ᠂ ᠲᠥᠮᠥᠰᠥ ᠬᠤᠷᠢᠶᠠᠬᠤ ᠨᠢᠭᠡ | ᠴᠣᠭᠴᠠᠵᠢᠭᠤᠯᠤᠭᠰᠠᠨ ᠮᠠᠰᠢᠨ ᠲᠥᠬᠦᠭᠡᠷᠦᠮᠵᠢ ᠪᠠ ᠡᠳ᠋ᠰᠢᠭᠦᠯᠦᠨ ᠪᠤᠯᠪᠠᠰᠤᠷᠠᠭᠤᠯᠬᠤ ᠳᠤᠨᠤᠭ ᠲᠥᠬᠦᠭᠡᠷᠦᠮᠵᠢ ᠶᠢ | ᠰᠤᠳᠤᠯᠤᠨ ᠨᠡᠭᠡᠭᠡᠬᠦ᠂ ᠳᠡᠭᠡᠳᠦ ᠳᠡᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠵᠡᠷᠭᠡ ᠶᠢ ᠳᠠᠮᠵᠢᠨ᠎ᠡ᠃ | - ᠪᠦᠭᠦ ᠠᠵᠤ ᠦᠢᠯᠡᠰ ᠤᠨ ᠮᠥᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠳᠬᠠᠨ᠎ᠠ᠃ 3 ᠵᠦᠢᠯ ᠤᠨ | ᠪᠣᠳᠠᠲᠠᠢ ᠲᠥᠷᠥ ᠶᠢᠨ ᠪᠣᠳᠣᠯᠭ᠎ᠠ ᠶᠢ ᠳᠤᠷᠠᠳᠤᠨ ᠭᠠᠷᠭᠠᠵᠤ᠂ ᠲᠤᠰᠬᠠᠢ ᠵᠦᠢᠯ ᠤᠨ ᠮᠥᠩᠭᠦᠨ ᠭᠦᠢᠯᠭᠡᠭᠡᠨ ᠤ | ᠦᠢᠯᠡᠳᠬᠦᠨ ᠭᠠᠷᠭᠠᠬᠤ᠂ ᠪᠡᠯᠡ ᠬᠤᠷᠠᠮᠳᠤᠭᠤᠯᠭ᠎ᠠ ᠶᠢ ᠪᠠᠲᠤᠯᠠᠨ ᠳᠠᠭᠠᠭᠠᠬᠤ ᠪᠠᠶᠢᠭᠤᠯᠤᠮᠵᠢ ᠶᠢᠨ ᠢᠲᠡᠭᠡᠮᠵᠢ ᠪᠠᠨ | ᠨᠡᠮᠡᠭᠳᠡᠭᠦᠯᠬᠦ᠂ ᠬᠤᠭᠤᠴᠠᠭᠠᠲᠤ ᠪᠠᠷᠠᠭᠠᠨ ᠤ ᠵᠠᠬ᠎ᠠ ᠳᠡᠯᠭᠡᠭᠦᠷ ᠲᠤ ᠭᠠᠷᠴᠤ ᠠᠷᠠᠯᠵᠢᠶᠠᠯᠠᠬᠤ ᠶᠢ ᠠᠬᠢᠭᠤᠯᠬᠤ ᠵᠡᠷᠭᠡ | ᠳᠡᠮᠵᠢᠬᠦ ᠡᠷᠴᠢᠮ ᠢ ᠴᠢᠩᠭᠠᠷᠠᠭᠤᠯᠤᠨ᠎ᠠ᠃ | ᠡᠶᠢᠨ ᠬᠦ ᠭᠤᠣᠯ ᠠᠭᠤᠯᠭ᠎ᠠ ᠲᠠᠢ ︽ᠲᠥᠮᠥᠰᠥᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ | ᠵᠢᠷᠭᠤᠭᠠᠨ ᠵᠤᠷᠪᠤᠰ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ︾ ᠶᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠪᠠ ᠬᠥᠳᠡᠭᠡ ᠳᠤᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ 15 ᠰᠠᠯᠠᠭ᠎ᠠ ᠮᠥᠴᠢᠷ ᠪᠠ ᠨᠢᠭᠡᠴᠢ ᠠᠴᠠ ᠬᠠᠮᠲᠤᠷᠠᠨ | ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠠᠴᠠ ᠲᠥᠷᠥ ᠶᠢᠨ ᠪᠣᠳᠣᠯᠭ᠎ᠠ ᠶᠢ ᠬᠥᠳᠡᠯᠦᠩᠭᠦᠢ ᠪᠠᠷ | ᠲᠣᠬᠢᠷᠠᠭᠤᠯᠤᠨ ᠰᠢᠯᠢᠳᠡᠭᠵᠢᠭᠦᠯᠬᠦ ᠲᠣᠭᠲᠠᠴᠠ ᠶᠢ ᠪᠠᠶᠢᠭᠤᠯᠵᠤ᠂ ᠬᠡᠷᠡᠭᠵᠢᠭᠦᠯᠬᠦ ᠶᠠᠪᠤᠴᠠ ᠳᠤ ᠴᠠᠭ ᠲᠤᠬᠠᠢ ᠳᠤᠨᠢ | ᠵᠣᠬᠢᠴᠠᠭᠤᠯᠤᠨ ᠲᠣᠬᠢᠷᠠᠭᠤᠯᠤᠯᠲᠠ ᠬᠢᠵᠦ᠂ ᠳᠡᠮᠵᠢᠯᠭᠡ ᠶᠢᠨ ᠦᠷ᠎ᠡ ᠪᠦᠲᠦᠮᠵᠢ ᠶᠢ ᠦᠨᠡᠨ ᠬᠦ ᠪᠠᠳᠠᠷᠠᠭᠤᠯᠤᠨ᠂ | ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠲᠥᠷᠥ ᠶᠢᠨ | ᠪᠣᠳᠣᠯᠭ᠎ᠠ ᠪᠠᠷ ᠲᠥᠮᠥᠰᠥᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠶᠢ ᠦᠨᠡᠨ ᠬᠦ ᠪᠠᠲᠤᠯᠠᠬᠤ ᠪᠠᠷ | ᠪᠠᠶᠢᠨ᠎ᠠ᠃ | |