ᠮᠠᠨ ᠤ ᠣᠷᠣᠨ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ︽ᠳᠡᠰ ᠳᠡᠪᠰᠢᠭᠦᠯᠦᠭᠰᠡᠨ︾ ᠲᠥᠷᠥ | ᠶᠢᠨ ᠪᠣᠳᠣᠯᠭ᠎ᠠ ᠶᠢ ᠨᠡᠶᠢᠲᠡᠯᠡᠪᠡ - ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦ ᠶᠢᠨ ᠠᠵᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ︾ | ᠤᠨ ᠲᠤᠬᠠᠢ ᠰᠢᠷᠢᠰ ᠲᠠᠶᠢᠯᠤᠮᠵᠢ ︵ᠨᠢᠭᠡ︶ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠥᠪᠰᠢᠶᠡᠷᠡᠯ ᠢᠶᠠᠷ᠂ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ 9 ᠰᠠᠷ᠎ᠠ ᠶᠢᠨ ᠳᠤᠮᠳᠠᠴᠢ ᠪᠠᠷ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠰᠦ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ︾︵ᠳᠣᠣᠷ᠎ᠠ︽ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ︾ᠭᠡᠵᠦ | ᠳᠥᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠭᠰᠠᠨ ᠪᠥᠭᠡᠳ ᠡᠯ᠎ᠡ ᠭᠠᠵᠠᠷ ᠬᠤᠯᠪᠣᠭᠳᠠᠯ ᠪᠦᠬᠦᠢ ᠰᠠᠯᠠᠭ᠎ᠠ ᠮᠥᠴᠢᠷ | ᠤᠳ ᠪᠣᠳᠠᠲᠠᠢ ᠪᠠᠶᠢᠳᠠᠯ ᠲᠠᠢ ᠪᠠᠨ ᠤᠶᠠᠯᠳᠤᠭᠤᠯᠤᠨ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ | ᠱᠠᠭᠠᠷᠳᠠᠭᠰᠠᠨ ᠪᠠᠶᠢᠨ᠎ᠠ᠃ | ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠠᠴᠠ ᠣᠳᠣᠬᠠᠨ ᠤ ᠰᠦ ᠶᠢᠨ ᠦᠢᠯᠡᠰ ᠤᠨ | ᠦᠢᠯᠡᠳᠪᠦᠷᠢᠯᠡᠯ ᠤᠨ ᠥᠪᠡᠷ ᠤᠨ ᠥᠷᠲᠡᠭ ᠥᠨᠳᠥᠷ᠂ ᠦᠢᠯᠡᠳᠪᠦᠷᠢᠯᠡᠯ ᠪᠣᠷᠤᠯᠠᠭᠤᠯᠭ᠎ᠠ ᠶᠢᠨ ᠵᠣᠯᠭᠠᠯᠴᠠᠭ᠎ᠠ | ᠨᠢᠭᠲᠠ ᠪᠢᠰᠢ᠂ ᠪᠦᠲᠦᠭᠡᠭᠳᠡᠬᠦᠨ ᠤ ᠪᠦᠲᠦᠴᠡ ᠵᠣᠬᠢᠰ ᠦᠭᠡᠢ᠂ ᠠᠵᠤ ᠦᠢᠯᠡᠰ ᠤᠨ ᠬᠥᠭᠵᠢᠯᠲᠡ ᠶᠢᠨ ᠶᠠᠰᠤ | ᠴᠢᠨᠠᠷ ᠥᠨᠳᠥᠷ ᠪᠢᠰᠢ ᠵᠡᠷᠭᠡ ᠠᠰᠠᠭᠤᠳᠠᠯ ᠢ ᠰᠢᠢᠳᠪᠦᠷᠢᠯᠡᠬᠦ ᠲᠣᠭᠤᠷᠢᠨ ᠳᠤ ᠰᠦ ᠶᠢᠨ ᠦᠢᠯᠡᠰ ᠢ ᠬᠥᠭᠵᠢᠭᠦᠯᠦᠨ | ᠮᠠᠨᠳᠤᠭᠤᠯᠬᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠴᠢᠨᠠᠭᠰᠢᠳᠠ ᠴᠢᠩᠭᠠᠷᠠᠭᠤᠯᠵᠤ᠂ ᠰᠦ ᠶᠢᠨ | ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠳᠡᠰ ᠳᠡᠭᠡᠭᠰᠢᠯᠡᠭᠦᠯᠭᠦ ᠶᠢ ᠲᠦᠷᠭᠡᠳᠬᠡᠨ᠂ ︽ᠰᠢᠷᠬᠡᠭ ᠡᠪᠡᠰᠦ | ᠠᠴᠠ ᠴᠣᠮᠣ ᠰᠦ ᠬᠦᠷᠲᠡᠯᠡᠬᠢ︾ ᠪᠦᠭᠦ ᠠᠵᠤ ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢᠨ | ᠰᠢᠨ᠎ᠡ ᠪᠠᠶᠢᠷᠢᠰᠢᠯ ᠢ ᠪᠦᠭᠦ ᠬᠦᠴᠦᠨ ᠢᠶᠠᠷ ᠢᠶᠠᠨ ᠪᠠᠶᠢᠭᠤᠯᠬᠤ ᠶᠢᠨ ᠲᠥᠯᠥᠭᠡ ᠲᠤᠰ︽ᠲᠦᠷᠦ ᠶᠢᠨ ᠪᠣᠳᠣᠯᠭ᠎ᠠ | ᠠᠷᠭ᠎ᠠ ᠬᠡᠮᠵᠢᠶ᠎ᠡ︾ ᠶᠢ ᠭᠠᠷᠭᠠᠪᠠ᠃ | ᠲᠤᠰ ︽ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ︾ ᠨᠢ︽ᠡᠪᠡᠰᠦᠨ ᠤ ᠢᠷᠡᠯᠲᠡ︾ ᠶᠢᠨ ᠰᠠᠭᠤᠷᠢᠨ ᠤ | ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠷᠠᠴᠢᠯᠠᠨ ᠲᠡᠵᠢᠭᠡᠬᠦ ᠥᠪᠡᠷ ᠤᠨ ᠥᠷᠲᠡᠭ ᠢ ᠪᠠᠭᠤᠷᠠᠭᠤᠯᠤᠨ᠎ᠠ᠂ | ︽ᠦᠷ᠎ᠡ ᠶᠢᠨ ᠢᠷᠡᠯᠲᠡ︾ ᠶᠢᠨ ᠥᠪᠡᠷ ᠢ ᠪᠠᠨ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠰᠠᠭᠠᠯᠢ ᠶᠢᠨ ᠮᠠᠯ ᠤᠨ | ᠰᠠᠶᠢᠨ ᠡᠭᠦᠯᠳᠡᠷ ᠢ ᠪᠣᠶᠢᠵᠢᠭᠤᠯᠬᠤ ᠶᠢ ᠴᠢᠩᠭᠠᠳᠬᠠᠨ᠎ᠠ᠂ ︽ᠰᠦ ᠶᠢᠨ ᠢᠷᠡᠯᠲᠡ︾ ᠶᠢᠨ ᠬᠠᠩᠭᠠᠯᠭ᠎ᠠ ᠶᠢᠨ ᠪᠠᠲᠤᠯᠠᠭ᠎ᠠ | ᠶᠢ ᠪᠠᠬᠢᠵᠢᠭᠦᠯᠵᠦ᠂ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠶᠢ ᠪᠠᠳᠤᠳᠬᠠᠨ᠎ᠠ᠂ ᠴᠠᠭᠠᠨ ᠢᠳᠡᠭᠡᠨ | ᠪᠤᠯᠪᠠᠰᠤᠷᠠᠭᠤᠯᠬᠤ ᠦᠢᠯᠡᠰ ᠢ ᠰᠢᠯᠢᠳᠡᠭᠵᠢᠭᠦᠯᠦᠨ ᠪᠤᠵᠠᠭᠠᠶᠢᠷᠠᠭᠤᠯᠵᠤ᠂ ᠠᠵᠤ ᠦᠢᠯᠡᠰ ᠤᠨ ᠳᠡᠰ ᠳᠡᠪᠰᠢᠬᠦ ᠶᠢ | ᠠᠭᠢᠭᠤᠯᠤᠨ᠎ᠠ᠂ ᠲᠥᠷᠥᠯ ᠲᠡᠮᠳᠡᠭ ᠤᠨ ᠪᠠᠶᠢᠭᠤᠯᠤᠯᠲᠠ ᠶᠢ ᠴᠢᠩᠭᠠᠳᠬᠠᠵᠤ᠂ ᠠᠵᠤ ᠦᠢᠯᠡᠰ ᠤᠨ ᠥᠷᠢᠰᠦᠯᠳᠦᠬᠦ | ᠬᠦᠴᠦᠨ ᠢ ᠨᠡᠮᠡᠭᠳᠡᠭᠦᠯᠦᠨ᠎ᠡ᠂ ᠬᠡᠷᠡᠭᠯᠡᠭᠡ ᠶᠢ ᠬᠥᠲᠥᠯᠥᠨ ᠵᠢᠯᠤᠭᠤᠳᠬᠤ ᠶᠢ ᠴᠢᠩᠭᠠᠷᠠᠭᠤᠯᠵᠤ᠂ ᠴᠠᠭᠠᠨ ᠢᠳᠡᠭᠡᠨ | ᠤ ᠪᠣᠷᠤᠯᠠᠭᠤᠯᠭ᠎ᠠ ᠶᠢ ᠦᠷᠭᠡᠳᠭᠡᠨ᠎ᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ | ᠴᠢᠩᠭᠠᠳᠬᠠᠵᠤ᠂ ᠦᠷ᠎ᠡ ᠪᠦᠲᠦᠭᠡᠯ ᠢ ᠣᠨᠳᠣᠣᠰᠢᠭᠤᠯᠵᠤ ᠬᠡᠷᠡᠭᠯᠡᠬᠦ ᠶᠢ ᠠᠭᠢᠭᠤᠯᠤᠨ᠎ᠠ᠂ ᠬᠢᠨᠠᠯᠲᠠ ᠬᠠᠮᠢᠶᠠᠷᠤᠯᠲᠠ | ᠶᠢᠨ ᠲᠦᠪᠰᠢᠨ ᠢᠶᠠᠨ ᠳᠡᠭᠡᠭᠰᠢᠯᠡᠭᠦᠯᠵᠦ᠂ ᠴᠠᠭᠠᠨ ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠨ᠎ᠠ᠂ | ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ | ᠵᠡᠷᠭᠡ 9 ᠲᠠᠯ᠎ᠠ ᠪᠠᠷ 33 ᠵᠦᠢᠯ ᠤᠨ ᠪᠣᠳᠠᠲᠠᠢ ᠳᠡᠮᠵᠢᠬᠦ ᠠᠷᠭ᠎ᠠ ᠬᠡᠮᠵᠢᠶ᠎ᠡ ᠭᠠᠷᠭᠠᠵᠠᠢ᠃ | ᠲᠤᠰ ︽ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ︾ ᠶᠢ 2023 ᠣᠨ ᠤ 10 ᠰᠠᠷ᠎ᠠ ᠶᠢᠨ 1 ᠤ ᠡᠳᠦᠷ | ᠠᠴᠠ 2025 ᠣᠨ ᠤ 12 ᠰᠠᠷ᠎ᠠ ᠶᠢᠨ 31 ᠤ ᠡᠳᠦᠷ ᠪᠤᠯᠳᠠᠯ᠎ᠠ ᠬᠡᠷᠡᠭᠵᠢᠭᠦᠯᠦᠨ᠎ᠡ᠃︽ᠰᠦ ᠶᠢᠨ ᠦᠢᠯᠡᠰ ᠢ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ᠢ ᠳᠠᠷᠤᠮᠠᠯᠯᠠᠨ | ᠲᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠡᠳᠡᠭᠳᠡᠯ︾᠂ | ︽ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢᠰᠦᠨ ᠵᠦᠢᠯ ᠤᠨ ᠲᠥᠷᠥ ᠶᠢᠨ ᠪᠣᠳᠣᠯᠭ᠎ᠠ | ᠠᠷᠭ᠎ᠠ ᠬᠡᠮᠵᠢᠶ᠎ᠡ ᠶᠢᠨ ᠲᠤᠬᠠᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠮᠡᠳᠡᠭᠳᠡᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠢᠮᠠᠭ ᠬᠤᠲᠠ ᠠᠯᠤᠰᠯᠠᠭᠰᠠᠨ ᠲᠦᠭᠦᠬᠡᠢ | ᠰᠦ ᠶᠢᠨ ᠲᠡᠭᠡᠭᠡᠪᠦᠷᠢ ᠶᠢᠨ ᠨᠥᠬᠦᠪᠦᠷᠢ ᠶᠢ ᠬᠡᠷᠡᠭᠵᠢᠭᠦᠯᠬᠦ ᠨᠠᠷᠢᠨ ᠳᠦᠷᠢᠮ︾ ᠢ ᠲᠤᠰ ᠲᠥᠷᠥ ᠶᠢᠨ ᠪᠣᠳᠣᠯᠭ᠎ᠠ | ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠡᠳᠦᠷ ᠠᠴᠠ ᠡᠬᠢᠯᠡᠨ ᠬᠦᠴᠦᠨ ᠦᠭᠡᠢ ᠪᠣᠯᠭᠠᠪᠠ᠃ | |