ᠮᠠᠨ ᠤ ᠣᠷᠣᠨ ᠳᠤ ᠨᠡᠶᠢᠲᠡ 55 ᠠᠺᠠᠳᠧᠮᠢᠴᠢ ᠲᠤᠰᠬᠠᠢ ᠮᠡᠷᠭᠡᠵᠢᠯᠲᠡᠨ ᠤ ᠠᠵᠢᠯᠯᠠᠬᠤ ᠥᠷᠲᠡᠭᠡ ᠲᠠᠢ ᠪᠣᠯᠵᠠᠢ
ᠨᠡᠶᠢᠲᠡᠯᠡᠭᠰᠡᠨ ᠴᠠᠭ᠄
2023/10/30
     ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠣᠶᠢᠷ᠎ᠠ ᠳᠤ ᠬᠠᠮᠲᠤᠷᠠᠨ ᠮᠡᠳᠡᠭᠳᠡᠯ ᠪᠠᠭᠤᠯᠭᠠᠵᠤ᠂ 8 ᠠᠺᠠᠳᠧᠮᠢᠴᠢ ᠲᠤᠰᠬᠠᠢ ᠮᠡᠷᠭᠡᠵᠢᠯᠲᠡᠨ ᠤ ᠠᠵᠢᠯᠯᠠᠬᠤ ᠥᠷᠲᠡᠭᠡ ᠶᠢ ᠳᠠᠩᠰᠠᠯᠠᠭᠤᠯᠤᠨ ᠪᠠᠶᠢᠭᠤᠯᠬᠤ ᠪᠠᠷ ᠪᠣᠯᠪᠠ᠃ ᠡᠶᠢᠨ ᠬᠦ ᠣᠳᠣᠬᠠᠨ ᠪᠤᠯᠲᠠᠯ᠎ᠠ ᠮᠠᠨ ᠤ ᠣᠷᠣᠨ ᠳᠤ ᠠᠺᠠᠳᠧᠮᠢᠴᠢ ᠲᠤᠰᠬᠠᠢ ᠮᠡᠷᠭᠡᠵᠢᠯᠲᠡᠨ ᠤ ᠠᠵᠢᠯᠯᠠᠬᠤ ᠥᠷᠲᠡᠭᠡ ᠨᠡᠶᠢᠲᠡ 55  ᠪᠣᠯᠣᠯ᠎ᠠ᠃      ᠲᠣᠰ ᠤᠳᠠᠭ᠎ᠠ ᠶᠢᠨ ᠳᠠᠩᠰᠠᠯᠠᠭᠤᠯᠤᠨ ᠪᠠᠶᠢᠭᠤᠯᠬᠤ ᠪᠠᠷ ᠪᠠᠶᠢᠭ᠎ᠠ ᠠᠵᠢᠯᠯᠠᠬᠤ ᠥᠷᠲᠡᠭᠡ ᠪᠣᠯ ᠲᠤᠰ ᠲᠤᠰ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠶᠡᠭᠡ ᠬᠡᠪᠴᠢᠶᠡᠨ ᠤ ᠡᠨᠧᠷᠭᠢ ᠬᠠᠳᠠᠭᠠᠯᠠᠬᠤ ᠮᠡᠷᠭᠡᠵᠢᠯ ᠤᠨ ᠠᠺᠠᠳᠧᠮᠢᠴᠢ ᠲᠤᠰᠬᠠᠢ ᠮᠡᠷᠭᠡᠵᠢᠯᠲᠡᠨ ᠤ ᠠᠵᠢᠯᠯᠠᠬᠤ ᠥᠷᠲᠡᠭᠡ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠤᠨ ᠰᠢᠬᠢᠷᠯᠢᠭ ᠠᠮᠢᠳᠤ ᠪᠣᠳᠠᠰ ᠤᠨ ᠢᠨᠵᠧᠨᠧᠷᠢᠩ ᠤᠨ ᠠᠺᠠᠳᠧᠮᠢᠴᠢ ᠲᠤᠰᠬᠠᠢ ᠮᠡᠷᠭᠡᠵᠢᠯᠲᠡᠨ ᠤ ᠠᠵᠢᠯᠯᠠᠬᠤ ᠥᠷᠲᠡᠭᠡ᠂ ᠭᠦᠭᠡᠬᠤᠲᠠ ᠦᠨᠳᠦᠰᠦᠲᠡᠨ ᠤ ᠳᠡᠭᠡᠳᠦ ᠰᠤᠷᠭᠠᠭᠤᠯᠢ ᠶᠢᠨ ᠺᠧ ᠰᠢᠨ ᠲᠣᠮᠣ ᠳ᠋ᠠᠶᠢᠲ᠋ᠠ ᠬᠢᠭᠡᠳ ᠵᠣᠬᠢᠶᠠᠮᠠᠯ ᠣᠶᠤᠨ ᠴᠢᠳᠠᠪᠤᠷᠢ ᠶᠢᠨ ᠠᠺᠠᠳᠧᠮᠢᠴᠢ ᠲᠤᠰᠬᠠᠢ ᠮᠡᠷᠭᠡᠵᠢᠯᠲᠡᠨ ᠤ ᠠᠵᠢᠯᠯᠠᠬᠤ ᠥᠷᠲᠡᠭᠡ᠂ ᠪᠤᠭᠤᠲᠤ ᠶᠢᠨ ᠪᠣᠯᠣᠳ ᠲᠡᠮᠦᠷ ᠤᠨ ︵ᠪᠦᠯᠦᠭᠯᠡᠯ︶ ᠬᠢᠵᠠᠭᠠᠷᠲᠤ ᠺᠤᠮᠫᠠᠨᠢ ᠶᠢᠨ ᠪᠠᠶᠠᠨ᠋ᠣ᠋ᠪᠣᠭ᠎ᠠ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠠᠺᠠᠳᠧᠮᠢᠴᠢ ᠲᠤᠰᠬᠠᠢ ᠮᠡᠷᠭᠡᠵᠢᠯᠲᠡᠨ ᠤ ᠠᠵᠢᠯᠯᠠᠬᠤ ᠥᠷᠲᠡᠭᠡ᠂ ᠪᠤᠭᠤᠲᠤ ᠶᠢᠨ ᠪᠣᠯᠣᠳ ᠲᠡᠮᠦᠷ ᠤᠨ ︵ᠪᠦᠯᠦᠭᠯᠡᠯ︶ ᠬᠢᠵᠠᠭᠠᠷᠲᠤ ᠺᠤᠮᠫᠠᠨᠢ ᠶᠢᠨ ᠲᠡᠮᠦᠷᠯᠢᠭ ᠪᠤᠯᠪᠠᠰᠤᠷᠠᠭᠤᠯᠬᠤ ᠢᠨᠵᠧᠨᠧᠷᠢᠩ ᠤᠨ ᠠᠺᠠᠳᠧᠮᠢᠴᠢ ᠲᠤᠰᠬᠠᠢ ᠮᠡᠷᠭᠡᠵᠢᠯᠲᠡᠨ ᠤ ᠠᠵᠢᠯᠯᠠᠬᠤ ᠥᠷᠲᠡᠭᠡ᠂ ᠥᠪᠥᠷ ᠮᠣᠩᠭᠤᠯ ᠤᠨ ᠮᠢᠩ ᠶᠠᠩ ᠤᠮᠠᠷᠠᠲᠤ ᠶᠢᠨ ᠣᠶᠤᠨᠲᠤ ᠡᠨᠧᠷᠭᠢ ᠶᠢᠨ ᠰᠤᠳᠤᠯᠤᠨ ᠨᠡᠭᠡᠭᠡᠬᠦ ᠲᠥᠪ ᠤᠨ ᠬᠢᠵᠠᠭᠠᠷᠲᠤ ᠺᠤᠮᠫᠠᠨᠢ ᠶᠢᠨ ᠮᠢᠩ ᠶᠠᠩ ᠤᠮᠠᠷᠠᠲᠤ ᠶᠢᠨ ᠣᠶᠤᠨᠲᠤ ᠡᠨᠧᠷᠭᠢ ᠶᠢᠨ ᠰᠤᠳᠤᠯᠭᠠᠨ ᠤ ᠬᠦᠷᠢᠶᠡᠯᠡᠩ ᠤᠨ ᠰᠠᠯᠬᠢ ᠭᠡᠷᠡᠯ ᠤᠨ ᠡᠨᠧᠷᠭᠢ ᠶᠢ ᠤᠰᠤᠳᠦ᠋ᠷᠦᠭᠴᠢ ᠬᠤᠪᠢᠷᠠᠭᠠᠨ ᠬᠠᠳᠠᠭᠠᠯᠠᠬᠤ ᠰᠤᠳᠤᠯᠤᠨ ᠨᠡᠭᠡᠭᠡᠬᠦ ᠠᠺᠠᠳᠧᠮᠢᠴᠢ ᠶᠢᠨ ᠠᠵᠢᠯᠯᠠᠬᠤ ᠥᠷᠲᠡᠭᠡ᠂ ᠳ᠋ᠠ ᠳ᠋ᠢ ᠰᠢᠶᠦ᠋ᠩ ︵ᠪᠤᠭᠤᠲᠤ︶ ᠲᠣᠭᠲᠠᠮᠠᠯ ᠰᠣᠷᠢᠨᠵᠢᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ ᠲᠡᠷᠢᠭᠦᠨ ᠤ ᠰᠣᠷᠢᠨᠵᠢᠨ ᠴᠢᠨᠠᠷᠲᠠᠢ ᠮᠠᠲ᠋ᠧᠷᠢᠶᠠᠯ ᠤᠨ ᠠᠺᠠᠳᠧᠮᠢᠴᠢ ᠶᠢᠨ ᠠᠵᠢᠯᠯᠠᠬᠤ ᠥᠷᠲᠡᠭᠡ᠂ ᠥᠪᠥᠷ ᠮᠣᠩᠭᠤᠯ ᠤᠨ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ ᠣᠷᠳᠣᠰ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠰᠢᠢᠳᠪᠦᠷᠢᠯᠡᠬᠦ ᠠᠺᠠᠳᠧᠮᠢᠴᠢ ᠲᠤᠰᠬᠠᠢ ᠮᠡᠷᠭᠡᠵᠢᠯᠲᠡᠨ ᠤ ᠠᠵᠢᠯᠯᠠᠬᠤ ᠥᠷᠲᠡᠭᠡ ᠵᠡᠷᠭᠡ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号