ᠪᠦᠭᠦ ᠣᠷᠣᠨ ᠤ 3.8 ᠲᠦᠮᠡ ᠭᠠᠷᠤᠢ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ︽ᠲᠣᠬᠤᠨᠢᠭᠤᠯᠤᠯ ᠤᠨ ᠪᠡᠯᠡᠭ︾ ᠲᠤᠰᠪᠠ
ᠨᠡᠶᠢᠲᠡᠯᠡᠭᠰᠡᠨ ᠴᠠᠭ᠄
2023/10/31
     10 ᠰᠠᠷ᠎ᠠ ᠶᠢᠨ 26 ᠤ ᠡᠳᠦᠷ ᠪᠣᠯ ᠠᠷᠪᠠᠨ ᠲᠠᠪᠤᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠬᠠᠮᠲᠤ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠤ ᠪᠠᠶᠠᠷ ᠤᠨ ᠡᠳᠦᠷ ᠪᠣᠯᠣᠨ᠎ᠠ᠃ ᠲᠤᠬᠠᠢ ᠶᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ︽ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠤᠭᠤᠰᠢᠯᠠᠭᠤᠯᠵᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠤᠨ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠦᠶ᠎ᠡ︾ ᠭᠡᠬᠦ ᠪᠦᠭᠦ ᠣᠷᠣᠨ ᠤ ᠠᠵᠢᠯᠴᠢᠨ ᠤ ᠡᠪᠯᠡᠯ ᠤᠨ ᠰᠢᠰᠲ᠋ᠧᠮ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠢ ᠲᠥᠪᠯᠡᠷᠡᠭᠦᠯᠦᠨ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠣᠷᠳᠣ ᠬᠤᠭᠤᠴᠠᠭᠠᠨ ᠤ ᠲᠤᠷᠰᠢ ᠨᠢᠭᠡᠳᠦᠭᠡᠷ ᠹᠷᠣᠨᠲ ᠲᠤ ᠠᠵᠢᠯᠯᠠᠵᠤ ᠪᠠᠶᠢᠭᠰᠠᠨ ᠥᠷᠭᠡᠨ ᠣᠯᠠᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠲᠤ ︽ᠲᠣᠬᠤᠨᠢᠭᠤᠯᠬᠤ ᠪᠡᠯᠡᠭ︾ ᠬᠦᠷᠭᠡᠭᠰᠡᠨ ᠪᠥᠭᠡᠳ ︽ᠪᠦᠭᠦ ᠤᠯᠤᠰ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠲᠤ ᠥᠭᠭᠦᠭᠰᠡᠨ ᠲᠣᠬᠤᠨᠢᠭᠤᠯᠬᠤ ᠵᠠᠬᠢᠳᠠᠯ︾ ᠢ ᠭᠠᠷᠳᠠᠭᠤᠯᠪᠠ᠃      ᠪᠦᠭᠦ ᠣᠷᠣᠨ ᠤ ᠥᠷᠭᠡᠨ ᠣᠯᠠᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠲᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢᠯᠠᠯ ᠪᠠ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠬᠦᠷᠲᠡᠭᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ 2022 ᠣᠨ ᠤ ᠪᠠᠷᠢᠮᠵᠢᠶ᠎ᠠ ᠶᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠭᠰᠡᠨ ᠰᠠᠭᠤᠷᠢᠨ ᠳᠡᠭᠡᠷ᠎ᠡ᠂ ᠲᠥᠪᠯᠡᠷᠡᠭᠦᠯᠦᠨ ᠲᠣᠬᠤᠨᠢᠭᠤᠯᠬᠤ ᠠᠵᠢᠯᠯᠠᠭ᠎ᠠ ᠶᠢ ᠳᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ 2023 ᠣᠨ ᠤ ᠪᠦᠭᠦ ᠣᠷᠣᠨ ᠤ ᠨᠢᠭᠡᠳᠦᠭᠡᠷ ᠹᠷᠣᠨᠲ ᠤᠨ ᠠᠵᠢᠯ ᠤᠨ ᠪᠠᠶᠢᠷᠢ ᠳᠤ ᠪᠠᠶᠢᠭ᠎ᠠ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠲᠤ ᠨᠡᠶᠢᠲᠡ 400 ᠲᠦᠮᠡᠨ ᠲᠥᠭᠦᠷᠢᠭ ᠤᠨ ᠲᠣᠬᠤᠨᠢᠭᠤᠯᠬᠤ ᠠᠵᠢᠯᠯᠠᠭ᠎ᠠ ᠶᠢᠨ ᠨᠥᠬᠦᠪᠦᠷᠢ ᠮᠥᠩᠭᠦ  ᠶᠢ ᠲᠣᠬᠢᠷᠠᠭᠤᠯᠪᠠ᠃ ᠡᠭᠦᠨ ᠤ ᠬᠠᠮᠲᠤ᠂ ᠪᠦᠭᠦ ᠣᠷᠣᠨ ᠤ ᠬᠡᠪᠴᠢᠶᠡᠨ ᠳᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠢ ᠬᠠᠯᠠᠮᠵᠢᠯᠠᠨ ᠬᠠᠶᠢᠷᠠᠯᠠᠬᠤ ᠠᠭᠤᠷ ᠠᠮᠢᠰᠬᠤᠯ ᠢ ᠦᠷᠭᠦᠯᠵᠢᠯᠡᠨ ᠪᠤᠶ ᠪᠤᠯᠭᠠᠬᠤ ᠶᠢᠨ ᠲᠥᠯᠥᠭᠡ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠪᠠᠰᠠ ᠢᠳᠡᠪᠬᠢᠲᠡᠢ ᠪᠠᠷ 380 ᠲᠦᠮᠡᠨ ᠲᠥᠭᠦᠷᠢᠭ ᠤᠨ ᠲᠣᠬᠤᠨᠢᠭᠤᠯᠬᠤ ᠪᠡᠯᠡ ᠮᠥᠩᠭᠦ ᠴᠤᠭᠯᠠᠭᠤᠯᠵᠤ᠂ ᠨᠢᠭᠡᠳᠦᠭᠡᠷ ᠹᠷᠣᠨᠲ ᠤᠨ 3.8 ᠲᠦᠮᠡ ᠭᠠᠷᠤᠢ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠲᠤ ᠠᠰᠢᠭ ᠬᠦᠷᠲᠡᠭᠡᠪᠡ᠃ ᠠᠵᠢᠯᠯᠠᠭ᠎ᠠ ᠶᠢᠨ ᠲᠤᠬᠠᠢ ᠶᠢᠨ ᠡᠳᠦᠷ᠂ ᠡᠯ᠎ᠡ ᠱᠠᠲᠤᠨ ᠤ ᠠᠵᠢᠯᠴᠢᠨ ᠤ ᠡᠪᠯᠡᠯ ᠤᠨ ᠺᠠᠳ᠋ᠷᠴᠤᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠴᠡᠪᠡᠷᠯᠡᠨ ᠱᠦᠭᠦᠷᠳᠡᠬᠦ ᠲᠤᠬᠠᠢ ᠶᠢᠨ ᠲᠠᠯᠠᠪᠠᠶ᠂ ᠬᠤᠭ ᠨᠣᠪᠰᠢ ᠳᠠᠮᠵᠢᠭᠤᠯᠤᠨ ᠲᠡᠭᠡᠭᠡᠪᠦᠷᠢᠯᠡᠬᠦ ᠥᠷᠲᠡᠭᠡ᠂ ᠬᠤᠭ ᠨᠣᠪᠰᠢ ᠰᠢᠢᠳᠪᠦᠷᠢᠯᠡᠬᠦ ᠲᠠᠯᠠᠪᠠᠶ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠤᠨ ᠬᠠᠶᠢᠷ᠎ᠠ ᠬᠠᠯᠠᠮᠵᠢ ᠶᠢᠨ ᠥᠷᠲᠡᠭᠡ ᠵᠡᠷᠭᠡ ᠭᠠᠵᠠᠷ ᠲᠤ ᠭᠦᠨᠵᠡᠭᠡᠶᠢᠷᠡᠨ᠂ ᠨᠢᠭᠡᠳᠦᠭᠡᠷ ᠹᠷᠣᠨᠲ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠲᠤ ᠬᠠᠯᠠᠮᠵᠢᠯᠠᠯ ᠬᠦᠷᠭᠡᠬᠦ ᠶᠢᠨ ᠬᠠᠮᠲᠤ ᠠᠮᠤ ᠪᠤᠳᠠᠭ᠎ᠠ᠂ ᠭᠤᠯᠢᠷ᠂ ᠲᠣᠰᠣ᠂ ᠺᠢᠨᠣ᠋ ᠶᠢᠨ ᠪᠢᠯᠧᠲ᠂ ᠴᠣᠮᠣ ᠵᠡᠷᠭᠡ ᠡᠳ᠋ ᠪᠣᠳᠠᠰ  ᠢ ᠪᠠᠭᠲᠠᠭᠠᠭᠰᠠᠨ ︽ᠲᠣᠬᠤᠨᠢᠭᠤᠯᠬᠤ ᠪᠡᠯᠡᠭ︾ ᠢ ᠬᠦᠷᠭᠡᠵᠡᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号