ᠮᠠᠨ ᠤ ᠣᠷᠣᠨ ᠰᠦ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠢᠨ᠎ᠡ ᠲᠥᠷᠥ ᠶᠢᠨ ᠪᠣᠳᠣᠯᠭ᠎ᠠ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2023/10/7
     ᠲᠦᠷᠦᠭᠦᠬᠡᠨ ᠥᠪᠡᠷᠲᠡᠭᠡᠨ ᠵᠠᠰᠠᠬᠤ ᠣᠷᠣᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ  ᠤ ᠰᠦ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ︾ ᠢ ᠨᠡᠶᠢᠲᠡᠯᠡᠵᠦ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠲᠦᠷᠦ ᠶᠢᠨ ᠪᠣᠳᠣᠯᠭ᠎ᠠ  ᠶᠢᠨ ᠳᠡᠮᠵᠢᠯᠭᠡ ᠶᠢᠨ ᠡᠷᠴᠢᠮ ᠢ ᠴᠢᠨᠠᠭᠰᠢᠳᠠ ᠴᠢᠩᠭᠠᠷᠠᠭᠤᠯᠤᠨ᠂ ᠰᠦ ᠶᠢᠨ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠳᠠᠰ ᠳᠡᠪᠰᠢᠭᠦᠯᠬᠦ ᠶᠢ ᠲᠦᠷᠭᠡᠳᠬᠡᠵᠦ᠂ ︽ᠰᠢᠷᠬᠡᠭ ᠡᠪᠡᠰᠦ ᠠᠴᠠ ᠴᠣᠮᠣ ᠰᠦ ᠬᠦᠷᠲᠡᠯᠡᠬᠢ︾ ᠪᠦᠭᠦ ᠠᠵᠤ ᠦᠢᠯᠡᠰ ᠤᠨ ᠬᠡᠯᠬᠢᠶᠡᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠦᠭᠦ ᠬᠦᠴᠦᠨ ᠢᠶᠠᠷ  ᠢᠶᠠᠨ ᠪᠠᠶᠢᠭᠤᠯᠬᠤ ᠶᠢ ᠵᠣᠷᠢᠪᠠ᠃      ᠰᠠᠭᠠᠯᠢ ᠶᠢᠨ ᠮᠠᠯ ᠲᠡᠵᠢᠭᠡᠬᠦ ᠥᠪᠡᠷ ᠤᠨ ᠥᠷᠲᠡᠭ ᠢ ᠪᠠᠭᠤᠷᠠᠭᠤᠯᠬᠤ ᠶᠢᠨ ᠲᠥᠯᠥᠭᠡ᠂ ᠮᠠᠨ ᠤ ᠣᠷᠣᠨ ᠬᠠᠲᠤᠨ ᠭᠤᠣᠯ᠂ ᠨᠣᠨ ᠮᠥᠷᠡᠨ᠂ ᠪᠠᠷᠠᠭᠤᠨ ᠯᠢᠶᠣᠤ ᠾᠧ ᠭᠤᠣᠯ ᠤᠨ ᠰᠠᠪᠠ ᠭᠠᠵᠠᠷ ᠪᠣᠯᠣᠨ ᠬᠥᠯᠥᠨ ᠪᠤᠶᠢᠷ᠂ ᠰᠢᠯᠢ  ᠶᠢᠨ ᠭᠤᠣᠯ ᠤᠨ ᠲᠠᠯ᠎ᠠ ᠨᠤᠲᠤᠭ ᠤᠨ ᠲᠠᠪᠤᠨ ᠶᠡᠭᠡ ᠰᠦ ᠶᠢᠨ ᠢᠷᠡᠯᠲᠡ ᠶᠢᠨ ᠰᠠᠭᠤᠷᠢᠨ ᠤ ᠰᠢᠯᠢ ᠶᠢᠨ ᠭᠤᠣᠯ ᠤᠨ ᠲᠠᠯ᠎ᠠ ᠨᠤᠲᠤᠭ ᠤᠨ ᠲᠠᠪᠤᠨ ᠶᠡᠭᠡ ᠰᠦ ᠶᠢᠨ ᠢᠷᠡᠯᠲᠡ ᠶᠢᠨ ᠰᠠᠭᠤᠷᠢᠨ ᠳᠤ ᠰᠥᠯ ᠰᠠᠶᠢᠲᠠᠢ ᠲᠡᠵᠢᠭᠡᠯ ᠡᠪᠡᠰᠦ ᠳᠠᠷᠢᠬᠤ ᠶᠢ ᠳᠡᠮᠵᠢᠵᠦ᠂ ᠲᠤᠬᠠᠢ ᠶᠢᠨ ᠭᠠᠵᠠᠷ ᠪᠤᠶᠤ ᠣᠶᠢᠷ᠎ᠠ ᠬᠠᠪᠢ ᠶᠢᠨ ᠲᠡᠵᠢᠭᠡᠯ ᠡᠪᠡᠰᠦ ᠪᠣᠷᠳᠤᠭ᠎ᠠ ᠶᠢ ᠬᠤᠳᠠᠯᠳᠤᠨ ᠠᠪᠴᠤ ᠨᠥᠭᠡᠴᠡᠯᠡᠭᠰᠡᠨ ᠰᠠᠭᠠᠯᠢ ᠶᠢᠨ ᠮᠠᠯ ᠲᠡᠵᠢᠭᠡᠬᠦ ᠲᠠᠯᠠᠪᠠᠶ ᠪᠣᠯᠣᠨ ᠰᠠᠭᠠᠯᠢᠴᠢᠳ ᠤᠨ ᠲᠤᠰᠬᠠᠢ ᠬᠤᠷᠰᠢᠶ᠎ᠠ ᠳᠤ ᠰᠠᠭᠠᠯᠢ ᠶᠢᠨ ᠦᠨᠢᠶ᠎ᠡ ᠨᠢᠭᠡ ᠪᠦᠷᠢ ᠳᠤ 5.5 ᠲᠣᠨ᠂ ᠲᠣᠨ ᠪᠦᠷᠢ ᠳᠤ 50 ᠲᠥᠭᠦᠷᠢᠭ ᠤᠨ ᠪᠠᠷᠢᠮᠵᠢᠶ᠎ᠠ ᠪᠠᠷ ᠬᠥᠬᠡ ᠳᠠᠷᠤᠰᠢ ᠶᠢᠨ ᠡᠷᠳᠡᠨᠢ ᠰᠢᠰᠢ ᠬᠤᠷᠢᠶᠠᠨ ᠨᠥᠭᠡᠴᠡᠯᠡᠬᠦ ᠨᠥᠬᠦᠪᠦᠷᠢ ᠣᠯᠭᠤᠨ᠎ᠠ᠃ ᠰᠢᠨ᠎ᠡ ᠪᠠᠷ ᠪᠠᠶᠢᠭᠤᠯᠤᠭᠰᠠᠨ ᠴᠠᠷᠭᠠᠰᠤ ᠡᠪᠡᠰᠦᠨ ᠤ ᠡᠭᠦᠯᠳᠡᠷ ᠪᠣᠶᠢᠵᠢᠭᠤᠯᠬᠤ ᠰᠠᠭᠤᠷᠢᠨ ᠳᠤ ᠨᠢᠭᠡᠳᠦᠭᠡᠷ ᠵᠢᠯ ᠳᠤ ᠮᠦ ᠪᠦᠷᠢ  ᠳᠤ 500 ᠲᠥᠭᠦᠷᠢᠭ ᠤᠨ ᠨᠥᠬᠦᠪᠦᠷᠢ ᠣᠯᠭᠤᠵᠤ᠂ ᠬᠠᠳᠤᠵᠤ ᠬᠤᠷᠢᠶᠠᠵᠤ ᠡᠬᠢᠯᠡᠭᠰᠡᠨ ᠤ ᠳᠠᠷᠠᠭ᠎ᠠ ᠵᠢᠯ ᠪᠦᠷᠢ ᠮᠦ ᠪᠦᠷᠢ ᠳᠤ 300 ᠲᠥᠭᠦᠷᠢᠭ ᠤᠨ ᠪᠠᠷᠢᠮᠵᠢᠶ᠎ᠠ ᠪᠠᠷ ᠨᠥᠬᠦᠪᠦᠷᠢ ᠣᠯᠭᠤᠬᠤ ᠪᠣᠯᠣᠨ᠎ᠠ᠃      ᠰᠦ ᠶᠢᠨ ᠢᠷᠡᠯᠲᠡ ᠶᠢᠨ ᠬᠠᠩᠭᠠᠯᠭ᠎ᠠ ᠶᠢ ᠲᠣᠭᠲᠠᠪᠤᠷᠢᠵᠢᠭᠤᠯᠬᠤ ᠶᠢᠨ ᠲᠥᠯᠥᠭᠡ᠂ ᠮᠠᠨ ᠤ ᠣᠷᠣᠨ 2019 ᠣᠨ ᠠᠴᠠ ᠨᠠᠭᠠᠰᠢ ᠡᠨᠡ ᠵᠢᠯ ᠤᠨ 10 ᠰᠠᠷ᠎ᠠ ᠶᠢᠨ 1 ᠤ ᠡᠳᠦᠷ ᠠᠴᠠ ᠡᠮᠦᠨ᠎ᠡ ᠪᠤᠯᠳᠠᠯ᠎ᠠ ᠨᠢᠭᠡᠨᠲᠡ ᠪᠠᠷᠢᠯᠭ᠎ᠠ ᠡᠬᠢᠯᠡᠭᠦᠯᠦᠭᠰᠡᠨ ᠪᠠ ᠨᠢᠭᠡᠨᠲᠡ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ ᠵᠥᠪᠳᠡᠯᠴᠡᠭᠡᠷ ᠲᠣᠭᠲᠠᠭᠰᠠᠨ ᠬᠡᠪᠴᠢᠶᠡᠵᠢᠭᠦᠯᠦᠭᠰᠡᠨ ᠰᠠᠭᠠᠯᠢ ᠶᠢᠨ ᠦᠨᠢᠶ᠎ᠡ ᠶᠢᠨ ᠲᠡᠵᠢᠭᠡᠪᠦᠷᠢ ᠶᠢᠨ ᠲᠠᠯᠠᠪᠠᠢ ᠳᠤ ᠨᠥᠬᠦᠪᠦᠷᠢ ᠣᠯᠭᠤᠵᠤ᠂ 3000 ᠰᠠᠭᠠᠯᠢ ᠶᠢᠨ ᠦᠨᠢᠶ᠎ᠡ ᠲᠠᠢ ᠪᠠᠶᠢᠪᠠᠯ 600 ᠲᠦᠮᠡᠨ ᠲᠥᠭᠦᠷᠢᠭ ᠤᠨ ᠨᠥᠬᠦᠪᠦᠷᠢ ᠣᠯᠭᠤᠨ᠂ 500 ᠦᠨᠢᠶ᠎ᠡ ᠨᠡᠮᠡᠭᠳᠡᠭᠦᠯᠬᠦ ᠪᠦᠷᠢ ᠳᠤ ᠠᠬᠢᠭᠠᠳ 100 ᠲᠦᠮᠡᠨ ᠲᠥᠭᠦᠷᠢᠭ ᠤᠨ ᠨᠥᠬᠦᠪᠦᠷᠢ ᠣᠯᠭᠤᠨ᠎ᠠ︔ ᠭᠠᠳᠠᠭᠠᠳᠤ ᠠᠴᠠ ᠣᠷᠣᠭᠤᠯᠤᠭᠰᠠᠨ ᠰᠠᠭᠠᠯᠢ ᠶᠢᠨ ᠦᠨᠢᠶ᠎ᠡ ᠪᠦᠷᠢ ᠳᠤ 5000 ᠲᠥᠭᠦᠷᠢᠭ ᠤᠨ ᠨᠥᠬᠦᠪᠦᠷᠢ ᠣᠯᠭᠤᠵᠤ᠂ 100 - 3000 ᠾᠧᠰᠲ᠋ᠠᠨ ᠵᠡᠷᠭᠡ ᠰᠦ ᠶᠢᠨ ᠬᠡᠷᠡᠭᠴᠡᠭᠡᠲᠦ ᠰᠠᠭᠠᠯᠢ ᠶᠢᠨ ᠦᠨᠢᠶ᠎ᠡ ᠲᠡᠵᠢᠭᠡᠵᠦ ᠪᠠᠶᠢᠭ᠎ᠠ ᠭᠡᠷ ᠪᠦᠯᠢ ᠶᠢᠨ ᠮᠠᠯᠵᠢᠯ ᠤᠨ ᠲᠠᠯᠠᠪᠠᠢ᠂ ᠲᠤᠰᠬᠠᠢ ᠬᠤᠷᠰᠢᠶ᠎ᠠ ᠵᠡᠷᠭᠡ ᠲᠡᠵᠢᠭᠡᠪᠦᠷᠢ ᠶᠢᠨ ᠭᠤᠣᠯ ᠴᠣᠭᠴᠠ ᠳᠤ ᠰᠠᠭᠠᠯᠢ ᠶᠢᠨ ᠦᠨᠢᠶ᠎ᠡ ᠨᠢᠭᠡᠪᠦᠷᠢ ᠳᠤ 400 ᠲᠥᠭᠦᠷᠢᠭ ᠠᠴᠠ ᠦᠯᠦ ᠳᠠᠪᠠᠭᠤᠯᠬᠤ ᠪᠠᠷᠢᠮᠵᠢᠶ᠎ᠠ ᠪᠠᠷ ᠨᠥᠬᠦᠪᠦᠷᠢ ᠣᠯᠭᠤᠨ᠎ᠠ᠃      ᠥᠪᠡᠷᠲᠡᠭᠡᠨ ᠵᠠᠰᠠᠬᠤ ᠣᠷᠣᠨ ᠠᠴᠠ ᠴᠠᠭᠠᠨ ᠢᠳᠡᠭᠡᠨ ᠪᠤᠯᠪᠠᠰᠤᠷᠠᠭᠤᠯᠬᠤ ᠠᠵᠤ ᠠᠬᠤᠶᠢᠯᠠᠯ ᠤᠨ ᠭᠦᠨᠵᠡᠭᠡᠢ ᠪᠣᠯᠪᠠᠰᠤᠷᠠᠭᠤᠯᠤᠯᠲᠠ ᠬᠢᠬᠦ ᠶᠢ ᠳᠡᠮᠵᠢᠵᠦ᠂ ᠬᠤᠷᠤᠳ ᠪᠠ ᠰᠢᠷᠠᠰᠤ ᠬᠢᠬᠦ ᠵᠡᠷᠭᠡ ᠨᠠᠷᠢᠯᠢᠭ ᠪᠤᠯᠪᠠᠰᠤᠷᠠᠭᠤᠯᠬᠤ ᠲᠥᠷᠥᠯ ᠵᠦᠢᠯ ᠢ ᠰᠢᠨ᠎ᠡ ᠪᠠᠷ ᠪᠠᠶᠢᠭᠤᠯᠤᠭᠰᠠᠨ ᠪᠤᠶᠤ ᠥᠷᠭᠡᠳᠬᠡᠨ ᠪᠠᠶᠢᠭᠤᠯᠤᠭᠰᠠᠨ ᠠᠵᠤ ᠠᠬᠤᠶᠢᠯᠠᠯ ᠳᠤ ᠲᠤᠨᠤᠭ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ ᠶᠡᠷᠦᠩᠬᠡᠢ ᠬᠡᠮᠵᠢᠶ᠎ᠡ ᠶᠢᠨ ᠬᠢᠨᠢ 10% ᠪᠠᠷ᠂ ᠬᠠᠮᠤᠭ ᠤᠨ ᠥᠨᠳᠥᠷ ᠲᠡᠭᠡᠨ 5000 ᠲᠦᠮᠡᠨ ᠲᠥᠭᠦᠷᠢᠭ ᠤᠨ ᠨᠥᠬᠦᠪᠦᠷᠢ ᠣᠯᠭᠤᠨ᠎ᠠ᠃ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠤ ᠠᠵᠤ ᠦᠢᠯᠡᠰ ᠤᠨ ᠲᠠᠰ ᠳᠡᠪᠰᠢᠬᠦ ᠶᠢ ᠵᠣᠷᠢᠭᠵᠢᠭᠤᠯᠵᠤ᠂ ᠵᠢᠵᠢᠭ ᠦᠢᠯᠡᠳᠬᠡᠯ ᠤᠨ ᠭᠠᠵᠠᠷ  ᠢᠶᠠᠨ ᠴᠠᠭᠠᠨ ᠢᠳᠡᠭᠡᠨ ᠪᠤᠯᠪᠠᠰᠤᠷᠠᠭᠤᠯᠬᠤ ᠠᠵᠤ ᠠᠬᠤᠶᠢᠯᠠᠯ ᠪᠣᠯᠭᠠᠨ ᠲᠠᠰ ᠳᠡᠪᠰᠢᠭᠦᠯᠦᠭᠰᠡᠨ ᠪᠣᠯ ᠨᠢᠭᠡ ᠯᠡ ᠤᠳᠠᠭ᠎ᠠ ᠶᠢᠨ ᠴᠢᠨᠠᠷᠲᠠᠢ ᠪᠠᠷ 50 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ᠴᠠᠭᠠᠨ ᠢᠳᠡᠭᠡᠨ ᠤ ᠠᠵᠤ ᠠᠬᠤᠶᠢᠯᠠᠯ ᠤᠨ ᠴᠠᠭᠠᠨ ᠢᠳᠡᠭᠡᠨ ᠪᠤᠯᠪᠠᠰᠤᠷᠠᠭᠤᠯᠬᠤ ᠴᠢᠳᠠᠪᠤᠷᠢ ᠪᠠᠨ ᠳᠡᠭᠡᠭᠰᠢᠯᠡᠭᠦᠯᠭᠦ ᠶᠢ ᠳᠡᠮᠵᠢᠵᠦ᠂ ᠳᠡᠭᠡᠷ᠎ᠡ ᠨᠢᠭᠡ ᠵᠢᠯ ᠤᠨ ᠲᠦᠭᠦᠬᠡᠢ ᠰᠦ ᠶᠢ ᠡᠳ᠋ᠰᠢᠭᠦᠯᠦᠨ ᠴᠠᠭᠠᠨ ᠢᠳᠡᠭᠡᠨ ᠪᠣᠯᠪᠠᠰᠤᠷᠠᠭᠤᠯᠤᠭᠰᠠᠨ ᠬᠡᠮᠵᠢᠶ᠎ᠡ ᠪᠠᠷ ᠨᠢ ᠰᠠᠭᠤᠷᠢ ᠲᠤᠭ᠎ᠠ ᠪᠣᠯᠭᠠᠨ 1 ᠲᠤᠨ ᠨᠡᠮᠡᠭᠳᠡᠭᠦᠯᠬᠦ ᠪᠦᠷᠢ 2000 ᠲᠥᠭᠦᠷᠢᠭ ᠤᠨ ᠨᠥᠬᠦᠪᠦᠷᠢ ᠣᠯᠭᠤᠨ᠎ᠠ᠃ ᠴᠠᠭᠠᠨ ᠢᠳᠡᠭᠡᠨ ᠤ ᠠᠵᠤ ᠠᠬᠤᠶᠢᠯᠠᠯ ᠤᠨ ᠲᠦᠭᠦᠬᠡᠢ ᠰᠦ ᠡᠳ᠋ᠰᠢᠭᠦᠯᠬᠦ ᠬᠡᠮᠵᠢᠶ᠎ᠡ ᠪᠠᠨ ᠥᠷᠭᠡᠳᠬᠡᠬᠦ ᠶᠢ ᠳᠡᠮᠵᠢᠵᠦ᠂ ᠳᠡᠭᠡᠷ᠎ᠡ ᠨᠢᠭᠡ ᠵᠢᠯ ᠤᠨ ᠲᠦᠭᠦᠬᠡᠢ ᠰᠦ ᠡᠳ᠋ᠰᠢᠭᠦᠯᠦᠭᠰᠡᠨ ᠬᠡᠮᠵᠢᠶ᠎ᠡ ᠪᠠᠷ ᠨᠢ ᠰᠠᠭᠤᠷᠢ ᠲᠤᠭ᠎ᠠ ᠪᠣᠯᠭᠠᠨ 1 ᠲᠤᠨ ᠨᠡᠮᠡᠭᠳᠡᠭᠦᠯᠬᠦ ᠪᠦᠷᠢ 200 ᠲᠥᠭᠦᠷᠢᠭ ᠤᠨ ᠨᠥᠬᠦᠪᠦᠷᠢ ᠣᠯᠭᠤᠨ᠎ᠠ᠃ ᠴᠠᠭᠠᠨ ᠢᠳᠡᠭᠡᠨ ᠤ ᠠᠵᠤ ᠠᠬᠤᠶᠢᠯᠠᠯ ᠤᠨ 3 - 5 ᠰᠠᠷ᠎ᠠ ᠳᠠᠬᠢ ᠪᠣᠷᠤᠯᠠᠭᠤᠯᠭ᠎ᠠ ᠮᠠᠭᠤᠲᠠᠢ ᠤᠯᠠᠷᠢᠯ ᠳᠤ ᠲᠦᠭᠦᠬᠡᠢ ᠰᠦ ᠶᠢ ᠭᠦᠢᠴᠡᠳ ᠬᠡᠮᠵᠢᠶ᠎ᠡ ᠪᠠᠷ ᠬᠤᠳᠠᠯᠳᠤᠨ ᠠᠪᠬᠤ ᠶᠢ ᠳᠡᠮᠵᠢᠵᠦ᠂ ᠲᠦᠭᠦᠬᠡᠢ ᠰᠦ ᠪᠠᠨ ᠰᠦᠨ ᠲᠠᠯᠬ᠎ᠠ ᠪᠣᠯᠭᠠᠨ ᠪᠣᠯᠪᠠᠰᠤᠷᠠᠭᠤᠯᠤᠭᠰᠠᠨ ᠪᠣᠯ ᠬᠤᠳᠠᠯᠳᠤᠨ ᠠᠪᠤᠭᠰᠠᠨ ᠲᠦᠭᠦᠬᠡᠢ ᠰᠦ ᠶᠢᠨ ᠬᠡᠮᠵᠢᠶ᠎ᠡ ᠶᠢᠨ ᠬᠢᠨᠢ 10% ᠪᠠᠷ᠂ ᠲᠤᠨ ᠪᠦᠷᠢ ᠳᠤ 1000 ᠲᠥᠭᠦᠷᠢᠭ ᠤᠨ ᠨᠥᠬᠦᠪᠦᠷᠢ ᠣᠯᠭᠤᠨ᠎ᠠ᠃      ᠣᠶᠢᠯᠠᠭᠠᠭᠰᠠᠨ ᠢᠶᠠᠷ᠂ ᠮᠠᠨ ᠤ ᠣᠷᠣᠨ ᠪᠠᠰᠠ ᠵᠢᠯ ᠪᠦᠷᠢ 1 ᠳ᠋ᠦᠩᠰᠢᠭᠤᠷ ᠲᠥᠭᠦᠷᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠪᠡᠯᠡ ᠮᠥᠩᠭᠦ ᠲᠣᠬᠢᠷᠠᠭᠤᠯᠵᠤ᠂ ᠰᠦ ᠶᠢᠨ ᠦᠢᠯᠡᠰ ᠤᠨ ᠪᠦᠭᠦ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠤᠯᠲᠠ ᠳᠤ ᠬᠡᠷᠡᠭᠯᠡᠭᠦᠯᠵᠦ᠂ ᠨᠢᠭᠡ ᠪᠦᠯᠦᠭ ᠮᠡᠷᠭᠡᠵᠢᠯ ᠤᠨ ᠪᠣᠭᠤᠮᠲᠠ ᠰᠢᠪᠲᠤᠯᠬᠤ ᠶᠢ ᠰᠢᠢᠳᠪᠦᠷᠢᠯᠡᠨ᠎ᠡ᠃ ᠲᠡᠵᠢᠭᠡᠯ ᠡᠪᠡᠰᠦ ᠪᠣᠯᠣᠨ ᠰᠠᠭᠠᠯᠢ ᠶᠢᠨ ᠦᠨᠢᠶ᠎ᠡ ᠶᠢᠨ ᠦᠷ᠎ᠡ ᠶᠢᠨ ᠦᠢᠯᠡᠰ ᠤᠨ ᠰᠢᠨ᠎ᠡ ᠶᠢ ᠡᠭᠦᠳᠬᠦ ᠲᠣᠭᠤᠷᠢᠨ ᠳᠤ ︽ᠲᠤᠩᠬᠠᠭ ᠨᠡᠶᠢᠲᠡᠯᠡᠨ ᠮᠠᠩᠯᠠᠶᠢᠯᠠᠭᠴᠢ ᠡᠯᠰᠡᠬᠦ︾ ᠠᠷᠭ᠎ᠠ ᠭᠡᠯᠪᠡᠷᠢ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠨ ᠵᠢᠱᠢᠶ᠎ᠡ ᠦᠵᠡᠭᠦᠯᠭᠦ᠂ ᠦᠷ᠎ᠡ ᠪᠦᠲᠦᠭᠡᠯ ᠢ ᠤᠯᠠᠷᠢᠭᠤᠯᠤᠨ ᠬᠤᠪᠢᠷᠠᠭᠤᠯᠬᠤ ᠲᠥᠷᠥᠯ ᠵᠦᠢᠯ ᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠪᠣᠳᠠᠲᠠᠢ ᠳᠤ ᠨᠠᠶᠢᠳᠠᠪᠤᠷᠢᠵᠢᠭᠤᠯᠵᠤ ᠤᠯᠠᠷᠢᠭᠤᠯᠤᠨ ᠬᠤᠪᠢᠷᠠᠭᠤᠯᠤᠭᠰᠠᠨ ᠭᠤᠣᠯᠯᠠᠬᠤ ᠮᠡᠷᠭᠡᠵᠢᠯ ᠤᠨ ᠦᠷ᠎ᠡ ᠪᠦᠲᠦᠭᠡᠯ ᠳᠤ ᠱᠠᠩᠨᠠᠯ ᠣᠯᠭᠤᠬᠤ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号