︽ᠮᠠᠯᠵᠢᠬᠤ ᠳ᠋ᠠᠵᠠᠶ︾ ᠶᠢᠨ ᠵᠣᠷᠢᠭ ᠰᠠᠨᠠᠭ᠎ᠠ ᠪᠤᠤᠬᠢᠶ᠎ᠠ ᠵᠠᠯᠭᠠᠨ ᠳᠠᠮᠵᠢᠭᠳᠠᠨ᠎ᠠ | ᠨᠠᠮᠤᠷ ᠤᠨ ᠡᠬᠢ ᠪᠠᠷ᠂ ᠣᠷᠳᠣᠰ ᠬᠤᠳᠠ ᠶᠢᠨ ᠦᠦᠰᠢᠨ ᠬᠤᠰᠢᠭᠤᠨ ᠤ ᠦᠦᠰᠢᠨᠵᠤᠤ ᠭᠠᠴᠠᠭᠠᠨ ᠤ ᠥᠷᠭᠡᠨ | ᠠᠭᠤᠳᠠᠮ ᠲᠠᠯ᠎ᠠ ᠨᠤᠲᠤᠭ ᠲᠤ ᠤᠯᠠᠷᠢᠯ ᠤᠨ ᠥᠩᠭᠡ ᠢᠯᠭᠠᠷᠠᠨ ᠰᠣᠯᠣᠩᠭᠠᠷᠠᠨ᠎ᠠ᠃ | ᠮᠠᠯᠵᠢᠬᠤ ᠳ᠋ᠠᠵᠠᠶ ᠮᠦᠽᠧᠢ ᠳᠤ ᠣᠷᠣᠬᠤ ᠳᠤ᠂ ᠨᠣᠮᠢᠨ ᠨᠣᠭᠤᠭᠠᠨ ᠤ ᠵᠣᠷᠢᠭ ᠰᠠᠨᠠᠭ᠎ᠠ ᠲᠡᠦᠬᠡ ᠶᠢᠨ | ᠳᠤᠮᠳᠠ ᠠᠴᠠ ᠠᠶᠢᠰᠤᠢ︔ ᠨᠣᠮᠢᠨ ᠨᠣᠭᠤᠭᠠᠨ ᠮᠠᠯᠴᠢᠳ ᠤᠨ ᠳᠠᠭᠤᠯᠠᠯ ᠰᠡᠳᠬᠢᠯ ᠵᠢᠷᠦᠬᠡᠨ ᠳᠤ ᠳᠠᠭᠤᠷᠢᠰᠴᠤ᠂ | ᠡᠯᠡᠰᠦ ᠶᠢ ᠵᠠᠰᠠᠭᠰᠠᠨ ᠲᠡᠨᠡᠭ ᠡᠪᠦᠭᠡᠨ ᠤ ᠪᠠᠷ᠎ᠠ ᠮᠥᠨ ᠯᠡ ᠡᠷᠡᠰ ᠪᠠᠲᠤ ᠬᠡᠪ ᠢᠶᠠᠷ ᠰᠡᠬᠦᠶᠢᠭᠰᠡᠭᠡᠷ ᠁ | 20 ᠳ᠋ᠤᠭᠠᠷ ᠵᠠᠭᠤᠨ ᠤ ᠲᠠᠪᠢᠭᠠᠳ ᠣᠨ ᠤ ᠦᠶ᠎ᠡ ᠳᠤ᠂ ᠬᠠᠲᠠᠭᠤ ᠪᠡᠷᠬᠡ ᠠᠮᠢ ᠠᠬᠤᠢ ᠣᠷᠴᠢᠨ ᠲᠣᠭᠤᠷᠢᠨ | ᠨᠢ ᠲᠤᠬᠠᠢ ᠶᠢᠨ ᠭᠠᠵᠠᠷ ᠤᠨ ᠬᠥᠮᠥᠰ ᠢ ᠲᠤᠶᠢᠯ ᠤᠨ ᠵᠣᠪᠠᠭᠤᠷᠢ ᠵᠦᠳᠡᠭᠦᠷᠢ ᠲᠠᠢ ᠪᠣᠯᠭᠠᠵᠠᠢ᠄ ᠡᠯᠡᠰᠦ ᠬᠠᠶᠢᠷ | ᠬᠡᠶᠢᠰᠴᠦ᠂ ᠬᠠᠮᠠᠷ ᠬᠠᠳᠬᠤᠬᠤ ᠡᠪᠡᠰᠦ ᠤᠷᠭᠤᠬᠤ ᠦᠭᠡᠢ᠂ ᠮᠤᠤᠠᠤᠰᠤ ᠶᠢᠨ ᠡᠯᠡᠰᠦᠷᠬᠡᠭ ᠭᠠᠵᠠᠷ ᠨᠢ ᠬᠥᠮᠥᠰ ᠢ | ᠰᠦᠷᠳᠡᠭᠦᠯᠦᠭᠰᠡᠨ ︽ᠠᠮᠢ ᠨᠠᠰᠤᠨ ᠤ ᠬᠤᠷᠢᠭᠠᠲᠤ ᠣᠷᠣᠨ︾ᠪᠠᠶᠢᠵᠠᠢ᠃ ᠲᠤᠬᠠᠢ ᠶᠢᠨ ᠦᠶ᠎ᠡ ᠳᠤ ᠡᠪ ᠬᠠᠮᠲᠤ | ᠵᠠᠯᠠᠭᠤᠴᠤᠳ ᠤᠨ ᠡᠪᠯᠡᠯ ᠤᠨ ᠭᠡᠰᠢᠭᠦᠨ ᠪᠣᠷᠤᠯᠳᠠᠢ 60 ᠭᠠᠷᠤᠢ ᠵᠠᠯᠠᠭᠤᠴᠤᠳ ᠢ ᠳᠠᠭᠠᠭᠤᠯᠤᠨ ᠡᠯᠡᠰᠦᠨ ᠴᠦᠯ ᠳᠤ | ᠭᠦᠨᠵᠡᠭᠡᠶᠢᠷᠡᠨ ᠰᠣᠭᠲᠣᠭᠤ ᠡᠪᠡᠰᠦ ᠶᠢ ᠠᠷᠢᠯᠭᠠᠬᠤ ᠡᠭᠦᠷᠭᠡ ᠶᠢ ᠳᠠᠭᠠᠭᠠᠵᠤ ᠠᠪᠴᠠᠢ᠃ 1958 ᠣᠨ ᠠᠴᠠ | 1965 ᠣᠨ ᠪᠤᠯᠲᠠᠯ᠎ᠠ᠂ ᠪᠦᠭᠦ ᠨᠢᠭᠡᠳᠦᠯ ᠨᠡᠶᠢᠲᠡ 86 ᠲᠦᠮᠡᠨ ᠮᠦ ᠰᠣᠭᠲᠣᠭᠤ ᠡᠪᠡᠰᠦ ᠶᠢ ᠠᠷᠢᠯᠭᠠᠵᠤ᠂ ᠮᠠᠯ | ᠮᠠᠯᠵᠢᠯ ᠪᠠ ᠦᠢᠯᠡᠳᠪᠦᠷᠢᠯᠡᠯ ᠳᠤ ᠠᠰᠢᠭᠲᠠᠢ ᠨᠥᠬᠦᠴᠡᠯ ᠢ ᠪᠦᠷᠢᠯᠳᠦᠭᠦᠯᠵᠦ ᠥᠭᠴᠡᠢ᠃ ᠵᠠᠯᠭᠠᠭᠠᠳ ᠪᠣᠷᠤᠯᠳᠠᠢ ᠶᠢᠨ | ᠳᠠᠭᠠᠭᠤᠯᠭ᠎ᠠ ᠳᠣᠣᠷ᠎ᠠ ᠦᠦᠰᠢᠨᠵᠤᠤ ᠨᠢᠭᠡᠳᠦᠯ ᠡᠯᠡᠰᠦ ᠶᠢ ᠵᠠᠰᠠᠬᠤ᠂ ᠰᠤᠪᠠᠭ ᠵᠠᠰᠠᠵᠤ ᠤᠰᠤᠲᠤᠯ ᠢ ᠵᠠᠯᠠᠬᠤ᠂ | ᠡᠪᠡᠰᠦᠨ ᠬᠦᠷᠢᠶ᠎ᠡ ᠪᠠᠶᠢᠭᠤᠯᠬᠤ᠂ ᠬᠤᠳᠳᠤᠭ ᠮᠠᠯᠲᠠᠵᠤ ᠭᠠᠵᠠᠷ ᠲᠡᠭᠰᠢᠯᠡᠬᠦ᠂ ᠡᠪᠡᠰᠦ ᠮᠣᠳᠣ ᠲᠠᠷᠢᠬᠤ ᠵᠡᠷᠭᠡ | ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠥᠷᠨᠢᠭᠦᠯᠵᠡᠢ᠃ 1964 ᠣᠨ ᠳᠤ ᠮᠠᠯ ᠠᠵᠤ ᠠᠬᠤᠢ | ᠳ᠋ᠠᠵᠠᠶ ᠠᠴᠠ ᠰᠤᠷᠤᠯᠴᠠᠬᠤ ᠬᠥᠳᠡᠯᠭᠡᠭᠡᠨ ᠥᠷᠨᠢᠭᠦᠯᠦᠭᠰᠡᠨ ᠠᠴᠠ ᠨᠠᠭᠠᠰᠢ᠂ ᠦᠦᠰᠢᠨᠵᠤᠤ ᠶᠢᠨ ᠬᠥᠮᠥᠰ ᠳ᠋ᠡᠵᠠᠶ ᠪᠠᠷ | ᠦᠯᠢᠭᠡᠷ ᠳᠠᠭᠤᠷᠢᠶᠠᠯ ᠪᠤᠯᠭᠠᠵᠤ᠂ ᠡᠯᠡᠰᠦᠨ ᠴᠦᠯ ᠠᠴᠠ ᠡᠪᠡᠰᠦ ᠠᠪᠬᠤ᠂ ᠤᠰᠤ ᠠᠪᠬᠤ᠂ ᠮᠣᠳᠣ ᠠᠪᠬᠤ᠂ | ᠮᠠᠲ᠋ᠧᠷᠢᠶᠠᠯ ᠠᠪᠬᠤ᠂ ᠦᠬᠡᠷ ᠮᠠᠯ ᠠᠪᠬᠤ ᠤᠷᠢᠶ᠎ᠠ ᠶᠢ ᠳᠤᠷᠠᠳᠴᠤ᠂ ᠡᠯᠡᠰᠦ ᠶᠢ ᠵᠠᠰᠠᠬᠤ ᠪᠠᠷ ᠭᠤᠣᠯ ᠰᠢᠪᠲᠤᠯᠬᠤ | ᠴᠢᠭᠯᠡᠯ ᠪᠤᠯᠭᠠᠬᠰᠠᠨ᠂ ᠡᠪᠡᠰᠦᠨ ᠬᠦᠷᠢᠶ᠎ᠡ ᠪᠠᠷ ᠭᠤᠣᠯ ᠠᠭᠤᠯᠭ᠎ᠠ ᠪᠤᠯᠭᠠᠬᠰᠠᠨ ᠨᠤᠲᠤᠭ ᠪᠡᠯᠴᠢᠭᠡᠷ ᠤᠨ ᠪᠦᠲᠦᠭᠡᠨ | ᠪᠠᠶᠢᠭᠤᠯᠤᠯᠲᠠ ᠶᠢᠨ ᠰᠢᠨ᠎ᠡ ᠥᠷᠨᠢᠯᠲᠡ ᠭᠠᠷᠭᠠᠵᠤ᠂ ᠬᠥᠮᠥᠨ ᠤᠷᠤᠭᠰᠢᠯᠠᠵᠤ ᠡᠯᠡᠰᠦ ᠤᠬᠤᠷᠢᠭᠰᠠᠨ᠂ ᠪᠠᠶᠢᠭᠠᠯᠢ ᠶᠢ | ᠥᠭᠡᠷᠡᠴᠢᠯᠡᠭᠰᠡᠨ ᠠᠤᠭ᠎ᠠ ᠦᠢᠯᠡᠰ ᠢ ᠡᠭᠦᠳᠴᠡᠢ᠃ | 1965 ᠣᠨ ᠤ 12 ᠰᠠᠷ᠎ᠠ ᠶᠢᠨ 2 ᠤᠨ ᠡᠳᠦᠷ᠂ ︽ᠠᠷᠠᠳ ᠤᠨ ᠡᠳᠦᠷ ᠤᠨ ᠰᠣᠨᠢᠨ︾ ᠰᠤᠷᠪᠤᠯᠵᠢᠯᠠᠬᠴᠢ | ᠭᠦᠸᠧ ᠰᠢᠶᠣᠣ ᠴᠤᠸᠠᠨ ᠨᠠᠷ ᠤᠨ ᠰᠤᠷᠪᠤᠯᠵᠢᠯᠠᠨ ᠪᠢᠴᠢᠭᠰᠡᠨ ᠤᠷᠳᠤ ᠴᠢᠮᠡᠭᠡᠯᠡᠯ ︽ᠮᠠᠯᠵᠢᠬᠤ ᠳ᠋ᠠᠵᠠᠢ - | ᠦᠦᠰᠢᠨᠵᠤᠤ ᠨᠢᠭᠡᠳᠦᠯ ᠤᠨ ᠨᠡᠶᠢᠭᠡᠮ ᠵᠢᠷᠤᠮ ᠤᠨ ᠰᠢᠨ᠎ᠡ ᠮᠠᠯᠵᠢᠬᠤ ᠣᠷᠣᠨ ᠢ ᠪᠦᠲᠦᠭᠡᠨ ᠪᠠᠶᠢᠭᠤᠯᠬᠤ | ᠬᠤᠪᠢᠰᠬᠠᠯ ᠤᠨ ᠵᠠᠮ ᠢ ᠲᠡᠮᠳᠡᠭᠯᠡᠶ᠎ᠡ︾ᠪᠣᠯᠣᠨ︽ᠦᠦᠰᠢᠨᠵᠤᠤ ᠶᠢᠨ ᠠᠷᠠᠳ ᠲᠦᠮᠡᠨ ᠤ ᠬᠤᠪᠢᠰᠬᠠᠯᠲᠤ ᠵᠣᠷᠢᠭ | ᠰᠠᠨᠠᠭ᠎ᠠ ᠶᠢ ᠪᠠᠳᠠᠷᠠᠭᠤᠯᠤᠶ᠎ᠠ︾ ᠭᠡᠬᠦ ᠬᠤᠷᠢᠶᠠᠨ ᠤ ᠥᠭᠦᠯᠡᠯ ᠤᠨ ᠵᠣᠬᠢᠶᠠᠯ ᠢ ᠨᠡᠶᠢᠲᠡᠯᠡᠪᠡ᠃ ᠦᠦᠰᠢᠨᠵᠤᠤ ᠪᠦᠭᠦ | ᠤᠯᠤᠰ ᠤᠨ ᠠᠷᠠᠳ ᠲᠦᠮᠡᠨ ᠤ ᠰᠤᠷᠤᠯᠴᠠᠬᠤ ᠳᠠᠭᠤᠷᠢᠶᠠᠯ ᠪᠣᠯᠵᠠᠢ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠴᠠᠭ ᠲᠤᠬᠠᠢ ᠳᠤᠨᠢ ᠣᠯᠵᠤ ᠮᠡᠳᠡᠭᠰᠡᠨ ᠪᠥᠭᠡᠳ ᠪᠠᠶᠢᠴᠠᠭᠠᠨ ᠰᠤᠳᠤᠯᠤᠯᠲᠠ ᠬᠢᠭᠰᠡᠨ ᠰᠠᠭᠤᠷᠢᠨ ᠳᠡᠭᠡᠷ᠎ᠡ | ᠳᠠᠭᠢᠨ ᠳᠠᠪᠲᠠᠨ ᠶᠠᠷᠢᠯᠴᠠᠨ ᠳ᠋ᠦᠩᠨᠡᠵᠦ᠂ ᠳ᠋ᠠᠵᠠᠶ ᠠᠴᠠ ᠰᠤᠷᠤᠯᠴᠠᠬᠰᠠᠨ ᠭᠡᠷᠡᠯ ᠰᠠᠴᠤᠷᠠᠩᠭᠤᠢ ᠨᠡᠶᠢᠲᠡᠯᠢᠭ ᠵᠢᠱᠢᠶ᠎ᠡ - | ︽ᠮᠠᠯᠵᠢᠬᠤ ᠳ᠋ᠠᠵᠠᠶ︾ ᠶᠢᠨ ᠵᠣᠷᠢᠭ ᠰᠠᠨᠠᠭ᠎ᠠ ᠶᠢ ᠪᠤᠶ ᠪᠤᠯᠭᠠᠬᠰᠠᠨ ᠪᠠᠶᠢᠨ᠎ᠠ᠃ | 21 ᠳ᠋ᠦ᠋ᠭᠡᠷ ᠵᠠᠭᠤᠨ ᠳᠤ᠂ ᠢᠯᠠᠩᠭᠤᠶ᠎ᠠ 2003 ᠣᠨ ᠠᠴᠠ ᠡᠬᠢᠯᠡᠨ᠂ ᠪᠣᠬᠢᠷᠳᠤᠯ ᠦᠭᠡᠢ ᠶᠢ | ᠬᠥᠭᠡᠭᠡᠴᠡᠯᠳᠦᠵᠦ᠂ ᠠᠮᠢ ᠠᠬᠤᠢ ᠶᠢ ᠰᠠᠶᠢᠵᠢᠷᠠᠭᠤᠯᠤᠭᠰᠠᠨ ︽ᠮᠠᠯᠵᠢᠬᠤ ᠳ᠋ᠠᠵᠠᠢ︾ ᠶᠢᠨ ᠵᠣᠷᠢᠭ ᠰᠠᠨᠠᠭ᠎ᠠ ᠦᠷᠭᠦᠯᠵᠢᠯᠡᠨ | ᠪᠤᠤᠬᠢᠶ᠎ᠠ ᠵᠠᠯᠭᠠᠪᠠ᠃ ᠦᠦᠰᠢᠨ ᠬᠤᠰᠢᠭᠤ ︽ᠬᠥᠮᠥᠨ ᠢᠶᠠᠷ ᠦᠨᠳᠦᠰᠦ ᠪᠤᠯᠭᠠᠵᠤ᠂ ᠪᠣᠬᠢᠷᠳᠤᠯ ᠦᠭᠡᠢ ᠦᠦᠰᠢᠨ ᠢ | ᠪᠦᠲᠦᠭᠡᠨ ᠪᠠᠶᠢᠭᠤᠯᠬᠤ︾ᠬᠥᠭᠵᠢᠯᠲᠡ ᠶᠢᠨ ᠣᠶᠢᠯᠠᠭᠠᠭᠳᠠᠬᠤᠨ ᠢ ᠳᠤᠷᠠᠳᠴᠤ᠂ ᠪᠢᠲᠡᠭᠦᠮᠵᠢᠯᠡᠨ ᠪᠣᠶᠢᠵᠢᠭᠤᠯᠬᠤ᠂ | ᠨᠢᠰᠬᠡᠯ ᠢᠶᠠᠷ ᠳᠠᠷᠢᠬᠤ ᠪᠠ ᠬᠥᠮᠥᠨ ᠤ ᠬᠦᠴᠦ ᠪᠠᠷ ᠣᠶᠢᠵᠢᠭᠤᠯᠬᠤ ᠶᠢ ᠶᠡᠬᠡᠪᠡᠷ ᠬᠡᠷᠡᠭᠵᠢᠭᠦᠯᠵᠦ᠂ ᠣᠷᠣᠨ ᠨᠤᠲᠤᠭ | ᠪᠠ ᠠᠵᠤ ᠠᠬᠤᠶᠢᠯᠠᠯ ᠬᠤᠯᠪᠤᠭᠠᠯᠠᠨ ᠬᠥᠳᠡᠯᠦᠯᠴᠡᠵᠦ᠂ ᠪᠦᠭᠦ ᠠᠷᠠᠳ ᠢᠶᠠᠷ ᠢᠶᠠᠨ ᠡᠯᠡᠰᠦᠷᠬᠡᠭᠵᠢᠯ ᠢ ᠵᠠᠰᠠᠵᠤ | ᠣᠶᠢᠵᠢᠭᠤᠯᠬᠤ ᠳᠤ ᠣᠷᠣᠯᠴᠠᠬᠰᠠᠨ ᠰᠠᠶᠢᠨ ᠰᠠᠶᠢᠬᠠᠨ ᠪᠠᠶᠢᠳᠠᠯ ᠢ ᠡᠭᠦᠳᠴᠦ᠂ ᠦᠦᠰᠢᠨᠵᠤᠤ ᠭᠠᠴᠠᠭ᠎ᠠ ᠴᠤ | ᠪᠣᠬᠢᠷᠳᠤᠯ ᠦᠭᠡᠢ ᠣᠶᠢᠯᠠᠭᠠᠭᠳᠠᠬᠤᠨ᠂ ᠪᠣᠬᠢᠷᠳᠤᠯ ᠦᠭᠡᠢ ᠠᠵᠤ ᠠᠬᠤᠢ ᠪᠠ ᠪᠣᠬᠢᠷᠳᠤᠯ ᠦᠭᠡᠢ ᠪᠠᠷᠢᠮᠵᠢᠶ᠎ᠠ ᠪᠠᠷ | ︽ᠮᠠᠯᠵᠢᠬᠤ ᠳ᠋ᠠᠵᠠᠶ︾ ᠶᠢᠨ ᠠᠯᠲᠠᠨ ᠱᠣᠰᠢᠭ᠎ᠠ ᠶᠢ ᠲᠠᠰᠤᠷᠠᠯᠲᠠ ᠦᠭᠡᠢ ᠭᠡᠷᠡᠯᠲᠦᠭᠦᠯᠦᠭᠰᠡᠨ ᠪᠠᠶᠢᠨ᠎ᠠ᠃ | ︽260 ᠮᠦ ᠭᠠᠵᠠᠷ᠂ 1 ᠴᠠᠭ ᠵᠠᠷᠤᠴᠠᠭᠤᠯᠬᠤ ᠦᠭᠡᠢ︾᠃ ᠲᠠᠷᠢᠶᠠᠨ ᠭᠠᠵᠠᠷ ᠳᠡᠭᠡᠭᠦᠷ ᠨᠢᠰᠴᠦ | ᠥᠩᠭᠡᠷᠡᠭᠰᠡᠨ ᠳ᠋ᠡ ᠵᠢᠶᠠᠩ T50 ᠵᠢᠯᠣᠭᠤᠴᠢ ᠦᠭᠡᠢ ᠨᠢᠰᠬᠡᠯ ᠢ ᠬᠠᠷᠠᠭᠠᠳ᠂ ᠮᠠᠯᠴᠢᠨ ᠪᠠᠭᠠᠨ᠎ᠠ ᠶᠢᠨ ᠨᠢᠭᠤᠷ ᠲᠤ | ᠢᠨᠢᠶᠡᠳᠦ ᠲᠣᠳᠣᠷᠠᠨ᠎ᠠ᠃ ᠲᠡᠷᠡ ᠬᠤᠶᠠᠷ ᠭᠠᠷ ᠢᠶᠠᠷ ᠢᠶᠠᠨ ᠠᠯᠤᠰ ᠡᠵᠡᠮᠰᠢᠭᠦᠷ ᠢ ᠡᠵᠡᠮᠳᠡᠬᠦ ᠳᠤ᠂ ᠵᠢᠯᠣᠭᠤᠴᠢ ᠦᠭᠡᠢ | ᠨᠢᠰᠬᠡᠯ ᠡᠭᠦᠳᠡᠨ ᠡᠮᠦᠨᠡᠬᠢ ᠲᠡᠭᠰᠢᠬᠡᠨ ᠭᠠᠵᠠᠷ ᠳᠡᠭᠡᠷ᠎ᠡ ᠪᠠᠭᠤᠪᠠ᠃ 1 ᠴᠠᠭ ᠪᠣᠯᠤᠭᠰᠠᠨ ᠦᠭᠡᠢ ᠪᠠᠷ ᠲᠡᠷᠡ | ᠥᠪᠡᠷ ᠤᠨ 260 ᠮᠦ ᠲᠠᠷᠢᠮᠠᠯ ᠳᠠᠭᠠᠨ ᠪᠣᠷᠳᠣᠭᠤᠷ ᠣᠷᠣᠭᠤᠯᠬᠤ ᠠᠵᠢᠯ ᠢᠶᠠᠨ ᠳᠠᠭᠤᠰᠬᠠᠪᠠ᠃ | ᠪᠠᠭᠠᠨ᠎ᠠ ᠬᠡᠳᠦᠶᠢᠪᠡᠷ ᠵᠢᠩᠬᠢᠨᠢ ᠮᠠᠯᠴᠢᠨ ᠭᠠᠷᠤᠯ ᠲᠠᠢ ᠪᠤᠯᠪᠠᠴᠤ ᠪᠡᠶ᠎ᠡ ᠳᠡᠭᠡᠷ᠎ᠡ ᠨᠢ︽ᠰᠢᠨᠵᠢᠯᠡᠬᠦ ᠤᠬᠠᠭᠠᠨ | ᠲᠸᠭᠨᠢᠭ ᠮᠡᠷᠭᠡᠵᠢᠯ ᠤᠨ ᠬᠡᠪ ᠨᠠᠮᠪᠠ︾ ᠳᠦᠭᠦᠷᠡᠩ ᠪᠠᠶᠢᠳᠠᠭ᠃ ᠲᠡᠷᠡ ᠵᠢᠯᠣᠭᠤᠴᠢ ᠦᠭᠡᠢ ᠨᠢᠰᠬᠡᠯ ᠤᠨ ᠰᠡᠩᠰᠡ ᠶᠢᠨ | ᠳᠡᠯᠪᠢ ᠶᠢ ᠬᠤᠷᠢᠶᠠᠬᠤ ᠶᠢᠨ ᠳᠠᠭᠠᠤ ᠵᠢᠯᠣᠭᠤᠴᠢ ᠦᠭᠡᠢ ᠨᠢᠰᠬᠡᠯ ᠤᠨ ᠰᠠᠶᠢᠨ ᠲᠠᠯ᠎ᠠ ᠶᠢ ᠲᠠᠰᠤᠷᠠᠯᠲᠠ ᠦᠭᠡᠢ | ᠶᠠᠷᠢᠵᠤ ᠪᠠᠶᠢᠯ᠎ᠠ᠄ ︽ᠡᠨᠡ ᠬᠦ ᠵᠢᠯᠣᠭᠤᠴᠢ ᠦᠭᠡᠢ ᠨᠢᠰᠬᠡᠯ ᠨᠢ ᠰᠥᠨᠢ ᠳᠡᠭᠡᠨ ᠴᠦ ᠭᠡᠰᠡᠨ ᠪᠣᠷᠳᠣᠭᠤᠷ ᠣᠷᠣᠭᠤᠯᠵᠤ᠂ | ᠡᠮ ᠰᠦᠷᠴᠢᠵᠦ᠂ ᠬᠠᠷᠠᠩᠭᠤᠢ ᠰᠥᠨᠢ ᠳᠤ ᠪᠢ ᠣᠯᠵᠤ ᠦᠵᠡᠬᠦ ᠦᠭᠡᠢ ᠪᠤᠯᠪᠠᠴᠤ ᠮᠠᠰᠢᠨ ᠬᠠᠷᠢᠨ ︿ᠨᠢᠳᠦ﹀ ᠲᠠᠢ᠂ | ᠲᠦᠷᠭᠡᠨ᠂ ᠲᠥᠭᠦᠮ᠂ ᠥᠨᠳᠥᠷ ᠪᠦᠲᠦᠮᠵᠢᠲᠡᠶ ᠪᠠᠶᠢᠳᠠᠭ᠂ ᠡᠨᠡ ᠪᠣᠯ ᠳᠠᠷᠤᠢ ᠣᠲᠣ ᠦᠶ᠎ᠡ ᠶᠢᠨ ᠰᠢᠨᠵᠢᠯᠡᠬᠦ ᠤᠬᠠᠭᠠᠨ | ᠲᠸᠭᠨᠢᠭ ᠮᠡᠷᠭᠡᠵᠢᠯ ᠤᠨ ᠬᠦᠴᠦᠨ ᠮᠥᠨ᠂ ᠮᠠᠯᠴᠢᠳ ᠤᠨ ᠢᠳᠡᠵᠦ ᠪᠠᠶᠢᠭ᠎ᠠ ᠨᠢ ᠴᠦ︿ᠰᠢᠨᠵᠢᠯᠡᠬᠦ ᠤᠬᠠᠭᠠᠨ ᠲᠸᠭᠨᠢᠭ | ᠮᠡᠷᠭᠡᠵᠢᠯ ᠤᠨ ᠬᠤᠭᠤᠯᠠ﹀ ᠰᠢᠤ︾ ᠭᠡᠪᠡ᠃ | 1997 ᠣᠨ ᠳᠤ ᠮᠠᠯ ᠳᠠᠭᠠᠨ ᠡᠪᠡᠰᠦ ᠪᠣᠷᠳᠤᠭ᠎ᠠ ᠨᠥᠬᠦᠪᠦᠷᠢᠯᠡᠵᠦ ᠥᠭᠬᠦ ᠶᠢᠨ ᠲᠥᠯᠥᠭᠡ᠂ ᠭᠡᠷ ᠲᠡᠭᠡᠨ 5 | ᠮᠦ ᠲᠠᠴᠢᠷ ᠲᠠᠷᠢᠶ᠎ᠠ ᠳᠠᠷᠢᠵᠤ᠂ ᠰᠢᠲᠠᠮ᠎ᠠ ᠨᠠᠷᠠᠨ ᠤ ᠳᠣᠣᠷ᠎ᠠ ᠬᠥᠯᠥᠰᠦ ᠠᠰᠬᠠᠷᠠᠵᠤ᠂ ᠦᠷ᠎ᠡ ᠰᠠᠴᠤᠵᠤ᠂ ᠡᠪᠡᠰᠦ | ᠠᠷᠴᠢᠵᠤ᠂ ᠬᠠᠳᠤᠵᠤ ᠬᠤᠷᠢᠶᠠᠬᠤ ᠳᠤ ᠴᠥᠮ ᠬᠥᠮᠥᠨ ᠤ ᠬᠦᠴᠦᠨ ᠳᠤ ᠲᠦᠰᠢᠭᠯᠡᠨ᠂ ᠨᠢᠭᠡ ᠭᠡᠷ ᠢᠶᠠᠷ ᠢᠶᠠᠨ ᠬᠠᠭᠠᠰ | ᠵᠢᠯ ᠭᠠᠷᠤᠢ ᠠᠵᠢᠯᠯᠠᠵᠤ ᠶᠠᠭᠠᠷᠠᠭᠰᠠᠨ ᠴᠤ ᠳᠡᠮᠡᠢ ᠵᠣᠭᠤᠰ ᠣᠯᠵᠤ ᠴᠢᠳᠠᠭᠰᠠᠨ ᠦᠭᠡᠢ ᠶᠠᠪᠤᠳᠠᠯ ᠢᠶᠠᠨ ᠪᠠᠭᠠᠨ᠎ᠠ | ᠲᠣᠪ ᠲᠣᠳᠣᠷᠬᠠᠢ ᠴᠡᠭᠡᠵᠢᠯᠡᠭᠰᠡᠭᠡᠷ᠃ | 20 ᠭᠠᠷᠤᠢ ᠵᠢᠯ ᠥᠩᠭᠡᠷᠡᠯ᠎ᠡ᠂ ᠪᠠᠭᠠᠨ᠎ᠠ ᠶᠢᠨ ᠬᠦᠰᠡᠯ ᠵᠡᠭᠦᠳᠦ ᠠᠯᠢ ᠡᠷᠲᠡ ᠪᠡᠶᠡᠯᠡᠭᠳᠡᠵᠡᠢ᠂ ᠬᠥᠮᠥᠷᠭᠡ ᠳᠤ | ᠳᠣᠬᠢᠭᠤᠷ ᠲᠤᠯᠤᠭᠠᠨ ᠤᠳᠤ ᠠᠶᠠᠯᠠᠯ ᠵᠠᠯᠠᠬᠤ ᠲᠷᠠᠺᠲ᠋ᠣᠷ᠂ ᠦᠷ᠎ᠡ ᠰᠠᠴᠤᠬᠤ ᠮᠠᠰᠢᠨ᠂ ᠪᠣᠭᠤᠵᠢᠯᠠᠬᠤ ᠮᠠᠰᠢᠨ᠂ | ᠠᠦ᠋ᠲ᠋ᠣ᠋ ᠪᠣᠷᠳᠤᠭ᠎ᠠ ᠵᠢᠭᠤᠷᠠᠬᠤ ᠮᠠᠰᠢᠨ ᠵᠡᠷᠭᠡ ᠣᠳᠣᠬᠢᠴᠢᠯᠠᠭᠰᠠᠨ ᠮᠠᠰᠢᠨ ᠮᠧᠬᠠᠨᠢᠭ ᠪᠦᠷ ᠪᠠᠶᠢᠨ᠎ᠠ᠂ ᠲᠡᠷᠡ ᠪᠣᠯ | ᠭᠠᠴᠠᠭᠠᠨ ᠤ ᠪᠠᠨ ᠠᠩᠬᠠᠳᠠᠭᠴᠢ ᠵᠢᠯᠣᠭᠤᠴᠢ ᠦᠭᠡᠢ ᠨᠢᠰᠬᠡᠯ ᠬᠤᠳᠠᠯᠳᠤᠨ ᠠᠪᠤᠭᠰᠠᠨ ᠮᠠᠯᠴᠢᠨ ᠪᠣᠯᠣᠨ᠎ᠠ᠃ | ᠪᠠᠭᠠᠨ᠎ᠠ ᠶᠢᠨ ᠭᠠᠷ ᠤᠲᠠᠰᠤᠨ ᠳᠡᠭᠡᠷ᠎ᠡ ᠪᠠᠰᠠ ᠦᠦᠰᠢᠨ ᠬᠤᠰᠢᠭᠤᠨ ᠤ ᠣᠶᠤᠨᠴᠢ ᠡᠯᠡᠰᠦᠷᠬᠡᠭ ᠭᠠᠵᠠᠷ ᠤᠨ | ᠰᠢᠰᠲ᠋ᠧᠮ ᠢ ᠤᠭᠰᠠᠷᠠᠵᠤ᠂ ᠬᠥᠩᠭᠡᠨ ᠲᠣᠪᠴᠢᠳᠠᠪᠠᠯ ᠣᠶᠤᠨᠲᠤ ᠲᠥᠬᠦᠭᠡᠷᠦᠮᠵᠢ᠂ ᠣᠶᠤᠨᠲᠤ ᠮᠠᠯᠵᠢᠯ ᠤᠨ ᠲᠠᠯᠠᠪᠠᠢ᠂ | ᠪᠣᠳᠠᠰ ᠤᠨ ᠬᠤᠯᠪᠣᠭᠠᠨ ᠤ ᠬᠤᠳᠠᠯᠳᠤᠭᠠᠨ ᠤ ᠲᠠᠯᠠᠪᠠᠢ ᠵᠡᠷᠭᠡ ᠶᠢ ᠣᠯᠵᠤ ᠬᠠᠷᠠᠨ᠎ᠠ᠃ ᠣᠶᠤᠨᠲᠤ ᠲᠥᠬᠦᠭᠡᠷᠦᠮᠵᠢ ᠶᠢᠨ | ᠬᠡᠰᠡᠭ ᠲᠤ᠂ ᠨᠡᠭᠡᠭᠡᠬᠦ ᠳᠠᠷᠤᠪᠴᠢ ᠶᠢ ᠬᠥᠩᠭᠡᠨ ᠬᠦᠷᠦᠯᠴᠡᠪᠡᠯ᠂ ᠲᠠᠷᠢᠶᠠᠨ ᠭᠠᠵᠠᠷ ᠤᠨ ᠤᠰᠤᠨ ᠬᠥᠭᠡᠷᠭᠡ ᠶᠢᠨ | ᠨᠡᠭᠡᠯᠡᠭᠡᠢ ᠨᠢ ᠠᠶᠠᠨᠳᠠᠭᠠᠨ ᠨᠡᠭᠡᠭᠡᠭᠳᠡᠵᠦ᠂ ᠤᠰᠤᠯᠠᠯᠲᠠ ᠶᠢᠨ ᠡᠭᠦᠷᠭᠡ ᠶᠢ ᠡᠬᠢᠯᠡᠭᠦᠯᠵᠦ᠂ ᠭᠡᠷ ᠲᠡᠭᠡᠨ ᠰᠠᠭᠤᠭᠠᠳ | ᠲᠠᠷᠢᠮᠠᠯ ᠢ ᠤᠰᠤᠯᠠᠬᠤ ᠠᠵᠢᠯ ᠢ ᠠᠮᠠᠷᠬᠠᠨ ᠪᠡᠶᠡᠯᠡᠭᠦᠯᠵᠦ ᠪᠣᠯᠣᠨ᠎ᠠ᠃ ᠰᠢᠰᠲ᠋ᠧᠮ ᠤᠨ ᠳᠣᠲᠣᠷᠠᠬᠢ ᠴᠠᠭ ᠠᠭᠤᠷ ᠤᠨ | ᠥᠷᠲᠡᠭᠡ ᠪᠠᠷ ᠳᠠᠮᠵᠢᠭᠤᠯᠤᠨ᠂ ᠪᠠᠰᠠ ᠲᠠᠷᠢᠶᠠᠨ ᠭᠠᠵᠠᠷ ᠤᠨ ᠬᠥᠷᠥᠰᠥ ᠰᠢᠷᠣᠢ ᠶᠢᠨ ᠴᠢᠭᠢᠭ ᠤᠨ ᠪᠠᠶᠢᠳᠠᠯ᠂ | ᠰᠠᠯᠬᠢᠨ ᠤ ᠬᠤᠷᠳᠤᠴᠠ᠂ ᠰᠠᠯᠬᠢᠨ ᠤ ᠴᠢᠭᠯᠡᠯ᠂ ᠪᠣᠷᠣᠭᠠᠨ ᠤ ᠬᠡᠮᠵᠢᠶ᠎ᠡ ᠵᠡᠷᠭᠡ ᠪᠠᠶᠢᠳᠠᠯ ᠢ ᠴᠠᠭ ᠢᠮᠠᠭᠲᠠ ᠪᠠᠶᠢᠴᠠᠭᠠᠨ | ᠦᠵᠡᠵᠦ᠂ ᠲᠤᠭ᠎ᠠ ᠪᠠᠷᠢᠮᠲᠠ ᠶᠢ ᠦᠨᠳᠦᠰᠦᠯᠡᠨ ᠬᠢᠨᠠᠨ ᠬᠡᠮᠵᠢᠵᠦ ᠴᠠᠭ ᠲᠤᠬᠠᠢ ᠳᠤᠨᠢ ᠤᠰᠤᠯᠠᠵᠤ ᠪᠣᠯᠣᠨ᠎ᠠ᠃ | ᠦᠳᠡ ᠶᠢᠨ ᠬᠤᠶᠢᠨ᠎ᠠ᠂ ᠦᠦᠰᠢᠨᠵᠤᠤ ᠭᠠᠴᠠᠭᠠᠨ ᠤ ᠨᠦᠭᠡᠨ ᠰᠦᠮ᠎ᠡ ᠮᠠᠯ ᠠᠵᠤ ᠠᠬᠤᠢ ᠶᠢᠨ | ᠬᠤᠷᠰᠢᠶ᠎ᠠ ᠶᠢᠨ ᠮᠠᠯᠴᠢᠨ ᠬᠤᠣᠰᠪᠠᠶᠠᠷ ᠤᠨ ᠵᠢᠵᠢᠭᠬᠡᠨ ᠬᠦᠷᠢᠶᠡᠨ ᠳᠤ᠂ ᠦᠷ᠎ᠡ ᠬᠡᠦᠬᠡᠳ ᠨᠢ ᠢᠯᠠᠮ᠎ᠠ ᠲᠡᠭᠦᠵᠦ᠂ | ᠠᠮᠤᠷ ᠵᠢᠮᠤᠷ ᠠᠵᠠ ᠲᠦᠷᠦᠵᠦ ᠪᠠᠶᠢᠨ᠎ᠠ᠃ | ᠭᠡᠲᠡᠯ᠎ᠡ 20 ᠭᠠᠷᠤᠢ ᠵᠢᠯ ᠤᠨ ᠡᠮᠦᠨ᠎ᠡ᠂ ᠨᠢᠳᠦᠨ ᠡᠮᠦᠨᠡᠬᠢ ᠡᠨᠡ ᠪᠦᠭᠦᠨ ᠨᠢ ᠬᠠᠷᠢᠨ ᠥᠭᠡᠷ᠎ᠡ ᠨᠢᠭᠡ | ᠵᠦᠢᠯ ᠤᠨ ᠦᠵᠡᠭᠳᠡᠯ ᠪᠠᠶᠢᠵᠠᠢ᠃ ᠡᠪᠡᠰᠦ ᠪᠡᠯᠴᠢᠭᠡᠷ ᠡᠯᠡᠰᠦᠷᠬᠡᠭᠵᠢᠵᠦ᠂ ᠦᠢᠯᠡᠳᠪᠦᠷᠢᠯᠡᠯ ᠬᠢᠵᠠᠭᠠᠷᠯᠠᠭᠳᠠᠵᠤ᠂ | ᠲᠡᠵᠢᠭᠡᠨ ᠦᠷᠡᠵᠢᠭᠦᠯᠬᠦ ᠠᠰᠢᠭ ᠣᠷᠣᠯᠭ᠎ᠠ ᠪᠠᠭ᠎ᠠ᠂ ᠨᠢᠭᠡ ᠭᠡᠷ ᠢᠶᠠᠷ ᠢᠶᠠᠨ ᠡᠯᠦᠢ ᠬᠤᠯᠤᠢ ᠶᠠᠳᠠᠭᠤ ᠬᠤᠭᠤᠰᠤᠨ | ᠠᠮᠢᠳᠤᠷᠠᠵᠤ ᠪᠠᠶᠢᠪᠠ᠃ ᠣᠳᠣᠬᠢ ᠪᠠᠶᠢᠳᠠᠯ ᠢᠶᠠᠨ ᠬᠤᠪᠢᠷᠠᠭᠤᠯᠤᠶ᠎ᠠ ᠭᠡᠪᠡᠯ ᠡᠷᠬᠡᠪᠰᠢ ᠣᠷᠣᠰᠢᠨ ᠲᠣᠭᠲᠠᠨᠢᠬᠤ | ᠣᠷᠴᠢᠨ ᠲᠣᠭᠤᠷᠢᠨ ᠢᠶᠠᠨ ᠬᠤᠪᠢᠷᠠᠭᠤᠯᠬᠤ ᠬᠡᠷᠡᠭᠲᠡᠢ᠂ ᠡᠯᠡᠰᠦ ᠶᠢ ᠵᠠᠰᠠᠬᠤ ᠪᠣᠯ ᠳᠠᠷᠤᠢ ᠨᠣᠭᠤᠭᠠᠨ ᠬᠦᠰᠡᠯ | ᠡᠷᠡᠮᠡᠯᠵᠡᠯ ᠪᠠ ᠪᠠᠶᠠᠵᠢᠬᠤ ᠴᠢᠭᠯᠡᠯ ᠮᠥᠨ᠃ 1995 ᠣᠨ ᠳᠤ ᠬᠤᠣᠰᠪᠠᠶᠠᠷ ᠭᠡᠷ ᠤᠨ ᠢᠶᠠᠨ ᠴᠥᠭᠡᠨ ᠬᠠᠳᠠᠭᠠᠯᠠᠮᠵᠢ | ᠪᠠ ᠪᠦᠭᠦ ᠬᠦᠴᠦ ᠪᠠᠨ ︽ᠬᠤᠮᠠᠭ ᠡᠯᠡᠰᠦ︾ ᠳᠤ ᠣᠷᠣᠭᠤᠯᠤᠭᠰᠠᠨ ᠪᠠᠶᠢᠨ᠎ᠠ᠃ ᠲᠡᠷᠡ ᠲᠤᠬᠠᠢ ᠶᠢᠨ ᠭᠠᠵᠠᠷ ᠤᠨ | ᠨᠥᠬᠦᠴᠡᠯ ᠢᠶᠠᠨ ᠦᠨᠳᠦᠰᠦᠯᠡᠵᠦ᠂ ᠤᠯᠢᠶᠠᠰᠤ᠂ ᠨᠠᠶᠢᠯᠵᠠᠭᠤᠷ ᠬᠠᠷᠭᠠᠨ᠎ᠠ ᠲᠠᠷᠢᠬᠤ ᠪᠠᠷ ᠭᠤᠣᠯ ᠪᠤᠯᠭᠠᠵᠤ᠂ ᠰᠢᠨᠵᠢᠯᠡᠬᠦ | ᠤᠬᠠᠭᠠᠨᠴᠢ ᠪᠠᠷ ᠡᠯᠡᠰᠦ ᠶᠢ ᠵᠠᠰᠠᠬᠤ ᠵᠠᠮ ᠢᠶᠠᠷ ᠵᠠᠮᠨᠠᠪᠠ᠃ ︽ᠠᠬᠠᠮᠠᠳ ᠨᠢᠭᠡ ᠦᠶ᠎ᠡ ᠶᠢᠨ ᠬᠢᠨ ᠤ ᠭᠠᠷ ᠢᠶᠠᠷ ᠢᠶᠠᠨ | ᠮᠠᠯᠲᠠᠵᠤ᠂ ᠮᠥᠷᠥᠨ ᠳᠡᠭᠡᠨ ᠡᠭᠦᠷᠳᠡᠭ ᠣᠶᠢᠵᠢᠭᠤᠯᠤᠯᠲᠠ ᠬᠢᠬᠦ ᠨᠥᠬᠦᠴᠡᠯ ᠲᠠᠢ ᠬᠠᠷᠢᠴᠠᠭᠤᠯᠪᠠᠯ᠂ ᠪᠢᠳᠡ ᠬᠤᠯᠠ | ᠳᠠᠪᠠᠭᠤᠯᠢᠭ ᠪᠣᠯᠵᠠᠢ᠂ ᠨᠠᠭᠠᠲᠤ ᠵᠠᠬ᠎ᠠ ᠳᠠᠭᠠᠨ ᠴᠢᠬᠢ ᠮᠣᠳᠣ ᠶᠢ ᠬᠥᠮᠥᠨ ᠤ ᠬᠦᠴᠦ ᠪᠠᠷ ᠡᠭᠦᠷᠬᠦ ᠴᠢᠬᠤᠯᠠ ᠦᠭᠡᠢ᠂ | ᠮᠣᠷᠢᠨ ᠲᠡᠷᠭᠡ ᠪᠤᠶᠤ ᠮᠣᠲ᠋ᠣᠷ ᠲᠡᠷᠭᠡ ᠪᠠᠷ ᠴᠢᠬᠢ ᠮᠣᠳᠣ ᠪᠠᠨ ᠬᠦᠷᠭᠡᠵᠦ ᠪᠣᠯᠣᠨ᠎ᠠ᠂ ᠭᠡᠪᠡᠴᠦ ᠲᠠᠷᠢᠬᠢᠨ ᠳᠤ ᠶᠡᠷᠦᠨᠢ | ᠠᠬᠠᠮᠠᠳ ᠨᠢᠭᠡ ᠦᠶ᠎ᠡ ᠶᠢᠨ ᠬᠢᠨ ᠤ ︿ᠰᠢᠷ᠎ᠠ ᠡᠯᠡᠰᠦ ᠨᠠᠷᠠ ᠶᠢ ᠬᠠᠯᠬᠠᠯᠠᠭᠰᠠᠨ﹀ ᠡᠯᠡᠰᠦᠨ ᠴᠥᠯ ᠳᠤ ᠰᠢᠷᠭᠠᠭᠤ | ᠬᠠᠲᠠᠭᠤᠵᠢᠯᠲᠠᠢ ᠪᠠᠷ ᠦᠢᠯᠡᠰ ᠪᠣᠰᠬᠠᠭᠰᠠᠨ ᠪᠠᠶᠢᠳᠠᠯ ᠢᠯᠡᠷᠡᠵᠦ᠂ ᠲᠡᠳᠡᠨ ᠤ ᠬᠦᠴᠢᠷ ᠵᠣᠪᠠᠯᠠᠩ ᠢ ᠦᠭᠡ ᠭᠡᠯᠡ ᠪᠠᠷ | ᠢᠯᠡᠳᠬᠡᠵᠦ ᠪᠠᠷᠠᠬᠤ ᠦᠭᠡᠢ ᠶᠤᠮ︾ ᠭᠡᠵᠦ ᠬᠤᠣᠰᠪᠠᠶᠠᠷ ᠮᠠᠰᠢ ᠭᠦᠨ ᠲᠥᠷᠥᠭᠳᠡᠯ ᠲᠠᠢ ᠶᠠᠷᠢᠨ᠎ᠠ᠃ | ᠣᠳᠣᠬᠠᠨ ᠳᠤ᠂ 58 ᠨᠠᠰᠤᠲᠠᠢ ᠬᠤᠣᠰᠪᠠᠶᠠᠷ ᠡᠬᠡᠨᠡᠷ ᠲᠠᠢ ᠪᠠᠨ 400 ᠬᠤᠨᠢ ᠪᠣᠯᠣᠨ 50 ᠭᠠᠷᠤᠢ ᠦᠬᠡᠷ | ᠲᠡᠵᠢᠭᠡᠵᠦ᠂ ᠪᠡᠯᠴᠢᠭᠡᠷ ᠢ ᠠᠮᠠᠷᠠᠭᠤᠯᠵᠤ ᠬᠠᠰᠢᠶᠠᠯᠠᠨ ᠲᠡᠵᠢᠭᠡᠬᠦ ᠠᠴᠠ ᠭᠠᠳᠠᠨ᠎ᠠ᠂ ᠡᠪᠡᠰᠦ ᠪᠡᠯᠴᠢᠭᠡᠷ ᠲᠤ ᠤᠷᠭᠤᠭᠰᠠᠨ | ᠨᠠᠶᠢᠯᠵᠠᠭᠤᠷ ᠬᠠᠷᠭᠠᠨ᠎ᠠ᠂ ᠤᠯᠢᠶᠠᠰᠤ ᠵᠡᠷᠭᠡ ᠪᠠᠷ ᠬᠦᠷᠦᠯᠴᠡᠭᠡᠲᠡᠢ ᠲᠡᠵᠢᠭᠡᠵᠦ ᠳᠡᠶᠢᠯᠭᠦ ᠪᠣᠯᠵᠠᠢ᠃ ᠣᠳᠣ ᠦᠶ᠎ᠡ ᠶᠢᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢ ᠶᠢ ᠬᠡᠷᠡᠭᠯᠡᠨ᠂ ᠡᠷ᠎ᠡ ᠡᠮ᠎ᠡ ᠬᠤᠶᠠᠭᠤᠯᠠ ᠭᠡᠷ ᠲᠡᠭᠡᠨ | ᠰᠠᠭᠤᠭᠠᠳ ᠮᠠᠯ ᠬᠠᠷᠢᠭᠤᠯᠵᠤ ᠪᠣᠯᠣᠨ᠎ᠠ᠂ ᠪᠠᠰᠠ ᠬᠤᠶᠠᠷ ᠣᠮᠪᠣᠯᠣ ᠪᠠᠨ ᠬᠠᠷᠠᠭᠠᠯᠵᠠᠴᠢᠬᠠᠨᠠ᠃ ᠬᠤᠣᠰᠪᠠᠶᠠᠷ᠄ | ︽ᠥᠩᠭᠡᠷᠡᠭᠰᠡᠨ ᠳᠤ ᠰᠢᠷ᠎ᠠ ᠡᠯᠡᠰᠦ ᠲᠠᠢ ᠨᠢᠭᠤᠷᠯᠠᠵᠤ᠂ ᠨᠢᠭᠡ ᠵᠢᠯ ᠬᠠᠲᠠᠭᠤᠵᠢᠯᠲᠠᠢ ᠠᠵᠢᠯᠯᠠᠭᠠᠳ ᠳᠡᠮᠡᠢ ᠣᠷᠣᠯᠭ᠎ᠠ | ᠣᠯᠳᠠᠭ ᠦᠭᠡᠢ᠃ ᠣᠲᠣ ᠲᠡᠵᠢᠭᠡᠨ ᠦᠷᠡᠵᠢᠭᠦᠯᠬᠦ᠂ ᠰᠡᠯᠡᠭᠦᠴᠡᠬᠦ ᠬᠤᠶᠠᠷ ᠢ ᠰᠠᠭᠠᠲᠠᠭᠠᠬᠤ ᠦᠭᠡᠢ᠂ ᠵᠥᠪᠭᠡᠨ 2022 | ᠣᠨ ᠳᠤ ᠮᠠᠨ ᠤ ᠭᠡᠷ ᠤᠨ ᠤᠷᠤᠯᠭ᠎ᠠ 30 ᠲᠦᠮᠡᠨ ᠲᠥᠭᠦᠷᠢᠭ ᠲᠤ ᠬᠦᠷᠴᠡᠢ︾ ᠭᠡᠪᠡ᠃ | ᠡᠯᠡᠰᠦ ᠤᠷᠤᠭᠰᠢᠯᠠᠵᠤ ᠬᠥᠮᠥᠨ ᠤᠬᠤᠷᠢᠵᠤ ᠪᠠᠶᠢᠭᠰᠠᠨ ᠠᠴᠠ ᠨᠣᠭᠤᠭᠠᠷᠠᠭᠤᠯᠤᠯᠲᠠ ᠪᠠᠶᠠᠵᠢᠯ ᠵᠡᠷᠭᠡᠪᠡᠷ | ᠮᠠᠨᠳᠤᠭᠰᠠᠨ ᠭᠦᠷᠲᠡᠯ᠎ᠡ᠂ ᠣᠷᠳᠣᠰ ᠴᠤᠴᠠᠯᠲᠠ ᠦᠭᠡᠢ ᠴᠢᠷᠮᠠᠶᠢᠵᠤ᠂ ᠦᠷᠭᠦᠯᠵᠢᠯᠡᠨ ᠬᠦᠴᠦᠯᠡᠵᠦ᠂ ᠡᠯᠡᠰᠦᠷᠬᠡᠭᠵᠢᠯ ᠢ | ᠰᠡᠷᠭᠡᠶᠢᠯᠡᠵᠦ ᠡᠯᠡᠰᠦ ᠶᠢ ᠵᠠᠰᠠᠭᠰᠠᠨ ᠬᠥᠮᠥᠨ ᠤ ᠶᠢᠷᠲᠢᠨᠴᠦ ᠶᠢᠨ ᠭᠠᠶᠢᠬᠠᠮᠰᠢᠭ ᠢ ᠡᠭᠦᠳᠴᠦ᠂ ᠪᠦᠭᠦ ᠪᠥᠮᠪᠥᠷᠴᠡᠭ ᠤᠨ | ᠴᠦᠯᠯᠡᠷᠭᠡᠭᠵᠢᠯ ᠢ ᠵᠠᠰᠠᠬᠤ ᠳᠤ ︽ᠳᠤᠮᠳᠠᠳᠤ ᠤᠯᠤᠰ ᠤᠨ ᠤᠶᠤᠨ ᠤᠬᠠᠭᠠᠨ︾ ᠢ ᠬᠠᠨᠳᠢᠪᠯᠡᠪᠠ᠃ | |