︽ᠬᠥᠮᠥᠡᠯᠢᠭ ᠶᠣᠰᠣ᠂ ᠲᠦᠭᠡᠮᠡᠯ ᠬᠠᠶᠢᠷ᠎ᠠ᠂ ᠬᠠᠨᠳᠢᠪᠯᠠᠬᠤ︾ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ | ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠪᠠᠳᠠᠷᠠᠭᠤᠯᠵᠤ᠂ ︽ᠰᠠᠶᠢᠨ ᠳᠤᠷ᠎ᠠ ᠠᠴᠠ ᠪᠠᠨ ᠦᠨ᠎ᠡ ᠲᠥᠯᠥᠪᠦᠷᠢ | ᠥᠬᠡᠶ᠂ ᠡᠷᠬᠢᠮ ᠳᠡᠭᠡᠳᠦ ᠪᠤᠰᠤᠳ ᠲᠤ ᠠᠰᠢᠭᠲᠠᠶ︾ ᠬᠥᠮᠦᠨ ᠤ ᠪᠡᠶ᠎ᠡ ᠶᠢᠨ ᠡᠷᠬᠡᠲᠡᠨ ᠢᠶᠠᠨ ᠬᠠᠨᠳᠢᠪᠯᠠᠬᠤ | ᠣᠶᠢᠯᠠᠭᠠᠭᠳᠠᠬᠤᠨ ᠢ ᠤᠯᠠᠮᠵᠢᠯᠠᠬᠤ ᠶᠢᠨ ᠲᠤᠰᠠᠳᠠ᠂ 10 ᠰᠠᠷ᠎ᠠ ᠶᠢᠨ 30 ᠤ ᠡᠳᠦᠷ᠂ ᠬᠤᠷᠢᠨᠭᠡᠷ ᠰᠢᠶᠠᠨ ᠤ | ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠤᠸᠠᠨ ᠪᠦ᠋ ᠯᠣ᠋ ᠵᠠᠮ ᠤᠨ ᠨᠡᠶᠢᠭᠡᠮ ᠲᠣᠭᠤᠷᠢᠭ ᠲᠤ ᠬᠦᠷᠴᠦ ᠬᠥᠮᠦᠨ ᠤ | ᠪᠡᠶ᠎ᠡ ᠶᠢᠨ ᠡᠷᠬᠡᠲᠡᠨ ᠢᠶᠠᠨ ᠬᠠᠨᠳᠢᠪᠯᠠᠬᠤ ᠰᠠᠶᠢᠨ ᠳᠤᠷ᠎ᠠ ᠶᠢᠨ ᠳᠡᠩᠰᠡᠯᠡᠯᠲᠡ ᠶᠢᠨ ᠤᠬᠠᠭᠤᠯᠭ᠎ᠠ ᠶᠢᠨ ᠠᠵᠢᠯᠯᠠᠭ᠎ᠠ | ᠥᠷᠨᠢᠭᠦᠯᠪᠡ᠃ | ᠠᠵᠢᠯᠯᠠᠭ᠎ᠠ ᠶᠢᠨ ᠳᠤᠮᠳᠠ᠂ ᠬᠤᠷᠢᠨᠭᠡᠷ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠵᠢᠯᠲᠠᠳ | ᠨᠡᠶᠢᠭᠡᠮ ᠲᠣᠭᠤᠷᠢᠭ ᠤᠨ ᠠᠵᠢᠯᠲᠠᠳ ᠲᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠭᠰᠠᠨ ᠪᠥᠭᠡᠳ ᠲᠡᠳᠡᠨ ᠳᠤ | ᠬᠥᠮᠦᠨ ᠤ ᠪᠡᠶ᠎ᠡ ᠶᠢᠨ ᠡᠷᠬᠡᠲᠡᠨ ᠢᠶᠠᠨ ᠬᠠᠨᠳᠢᠪᠯᠠᠬᠤ ᠶᠢᠨ ᠤᠬᠠᠭᠳᠠᠬᠤᠨ ᠪᠠ ᠪᠣᠳᠠᠲᠠᠶ ᠠᠯᠬᠤᠮ ᠳᠠᠷᠠᠭ᠎ᠠ ᠶᠢ | ᠲᠠᠶᠢᠯᠪᠤᠷᠢᠯᠠᠨ ᠥᠭᠴᠦ᠂ ᠬᠥᠮᠦᠨ ᠤ ᠪᠡᠶ᠎ᠡ ᠶᠢᠨ ᠡᠷᠬᠡᠲᠡᠨ ᠢᠶᠠᠨ ᠬᠠᠨᠳᠢᠪᠯᠠᠬᠤ ᠶᠢᠨ ᠰᠠᠶᠢᠨ ᠳᠤᠷ᠎ᠠ ᠶᠢᠨ | ᠳᠡᠩᠰᠡᠯᠡᠯᠲᠡ ᠶᠢᠨ ᠠᠴᠢ ᠬᠤᠯᠪᠣᠭᠳᠠᠯ ᠢ ᠨᠠᠩ ᠣᠯᠠᠨ ᠬᠥᠮᠦᠰ ᠲᠤ ᠣᠶᠢᠯᠠᠭᠠᠭᠤᠯᠪᠠ᠃ | ᠠᠮᠢ ᠨᠠᠰᠤ ᠬᠤᠪᠢ ᠨᠡᠮᠡᠷᠢ ᠪᠠᠷ ᠢᠶᠠᠨ ᠭᠤᠸ᠎ᠠ ᠰᠠᠶᠢᠬᠠᠨ᠃ ᠲᠣᠰ ᠤᠳᠠᠭᠠᠨ ᠤ ᠠᠵᠢᠯᠯᠠᠭ᠎ᠠ ᠪᠠᠷ | ᠳᠠᠮᠵᠢᠭᠤᠯᠤᠨ ᠨᠠᠩ ᠣᠯᠠᠨ ᠬᠠᠶᠢᠷ᠎ᠠ ᠬᠠᠯᠠᠮᠵᠢ ᠲᠠᠢ ᠠᠷᠠᠳ ᠢᠷᠭᠡᠳ ᠢ ᠬᠥᠮᠦᠨ ᠤ ᠪᠡᠶ᠎ᠡ ᠶᠢᠨ ᠡᠷᠬᠡᠲᠡᠨ ᠢᠶᠠᠨ | ᠬᠠᠨᠳᠢᠪᠯᠠᠬᠤ ᠡᠩᠨᠡᠭᠡᠨ ᠳᠤ ᠢᠳᠡᠪᠬᠢᠲᠡᠶ ᠣᠷᠣᠯᠴᠠᠭᠤᠯᠵᠤ᠂ ᠤᠳᠠᠯ ᠥᠬᠡᠶ ᠥᠩᠭᠡᠷᠡᠬᠦ ᠭᠡᠵᠦ ᠪᠠᠶᠢᠭ᠎ᠠ ᠠᠮᠢ | ᠨᠠᠰᠤ ᠶᠢ ᠠᠪᠤᠷᠠᠨ᠂ ᠠᠮᠢ ᠨᠠᠰᠤᠨ ᠤ ᠦᠨ᠎ᠡ ᠥᠷᠲᠡᠭ ᠢ ᠳᠡᠭᠡᠭᠰᠢᠯᠡᠭᠦᠯᠵᠦ᠂ ᠠᠮᠢ ᠨᠠᠰᠤᠨ ᠤ ᠤᠳᠬ᠎ᠠ | ᠠᠭᠤᠯᠭ᠎ᠠ ᠶᠢ ᠮᠥᠩᠬᠡᠵᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠨᠡᠶᠢᠭᠡᠮ ᠤᠨ ᠶᠡᠭᠡ ᠬᠠᠶᠢᠷ᠎ᠠ ᠶᠢᠨ ᠰᠢᠨ᠎ᠡ | ᠰᠤᠷᠲᠠᠯ ᠢ ᠬᠠᠮᠲᠤ ᠪᠠᠷ ᠪᠣᠶ ᠪᠣᠯᠭᠠᠵᠤ᠂ ᠨᠠᠩ ᠣᠯᠠᠨ ᠠᠪᠤᠷᠠᠨ ᠵᠠᠰᠠᠬᠤ ᠴᠢᠬᠤᠯᠠᠲᠠᠶ ᠡᠪᠡᠳᠴᠢᠲᠡᠨ ᠳᠤ ᠣᠷᠣᠰᠢᠨ | ᠲᠣᠭᠲᠠᠨᠢᠬᠤ ᠬᠦᠰᠡᠯ ᠡᠷᠡᠮᠡᠯᠵᠡᠯ ᠣᠯᠭᠤᠬᠤ ᠶᠢ ᠬᠦᠰᠡᠵᠦ ᠪᠠᠶᠢᠨ᠎ᠠ ᠭᠡᠵᠡᠶ᠃ | | ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ |