ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠶ᠎ᠠ
ᠨᠡᠶᠢᠲᠡᠯᠡᠭᠰᠡᠨ ᠴᠠᠭ᠄
2023/11/1
︱ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠦ ᠵᠢᠶᠠᠨ ᠭᠦᠸᠧ ᠶᠢ ᠰᠤᠷᠪᠤᠯᠵᠢᠯᠠᠭᠰᠠᠨ ᠨᠢ      ᠬᠥᠬᠡᠬᠤᠲᠠ ᠶᠢᠨ ᠡᠳᠦᠷ ᠤᠨ ᠰᠣᠨᠢᠨ ᠤ ᠰᠤᠷᠪᠤᠯᠵᠢᠯᠠᠭᠴᠢ ᠯᠢᠦ ᠯᠢ ᠰᠢᠶᠠ      ︽ᠬᠤᠷᠢᠨᠭᠡᠷ ᠰᠢᠨ᠎ᠡ ᠲᠣᠭᠤᠷᠢᠭ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠣᠳᠠᠲᠠᠢ ᠳᠤ ᠰᠠᠭᠤᠷᠢᠯᠠᠨ᠂ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠡᠨᠡᠬᠦ ᠲᠡᠷᠢᠭᠦᠨ ᠴᠢᠬᠤᠯᠠ ᠡᠭᠦᠷᠭᠡ ᠶᠢᠨ ᠲᠣᠭᠤᠷᠢᠨ ᠳᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠲᠡᠭᠦᠯᠳᠡᠷ᠂ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠪᠦᠲᠦᠴᠡ ᠶᠢ ᠲᠣᠬᠢᠷᠠᠭᠤᠯᠬᠤ᠂ ᠬᠥᠳᠡᠯᠭᠡᠬᠦ ᠡᠨᠧᠷᠭᠢ ᠶᠢ ᠬᠤᠪᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ ᠳᠤ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠵᠤ ᠪᠠᠶᠢᠨ᠎ᠠ︾ ᠃ ᠣᠶᠢᠷ᠎ᠠ ᠳᠤ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠦ ᠵᠢᠶᠠᠨ ᠭᠦᠸᠧ ᠰᠤᠷᠪᠤᠯᠵᠢᠯᠠᠭᠴᠢ ᠶᠢᠨ ᠲᠤᠰᠬᠠᠢ ᠰᠣᠷᠪᠤᠯᠵᠢᠯᠠᠭ᠎ᠠ ᠶᠢ ᠬᠦᠯᠢᠶᠡᠬᠦ ᠳᠡᠭᠡᠨ᠂ ᠬᠤᠷᠢᠨᠭᠡᠷ ᠰᠢᠨ᠎ᠡ ᠲᠣᠭᠤᠷᠢᠭ ᠤᠨ ᠬᠢᠨ ᠪᠦᠬᠦ ᠬᠤᠳᠠ ᠶᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠠᠬᠤᠢ ᠲᠠᠯᠠᠪᠠᠢ ᠶᠢᠨ ᠬᠤᠷᠠᠯ ᠤᠨ ᠠᠰᠢᠭᠲᠠᠢ ᠠᠵᠠ ᠲᠣᠬᠢᠶᠠᠯ ᠢ ᠠᠮᠵᠢᠵᠤ᠂ ᠬᠤᠷᠠᠯ ᠢᠶᠠᠷ ᠰᠢᠨ᠎ᠡ ᠶᠢ ᠡᠭᠦᠳᠬᠦ ᠶᠢ ᠠᠬᠢᠭᠤᠯᠵᠤ᠂ ᠪᠦᠬᠦ ᠵᠢᠯ ᠤᠨ ᠡᠭᠦᠷᠭᠡ ᠬᠠᠷᠠᠯᠲᠠ ᠪᠣᠯᠣᠨ ᠭᠤᠣᠯᠳᠠᠯᠭ᠎ᠠ ᠲᠠᠢ ᠠᠵᠢᠯ ᠢ ᠴᠢᠩᠭ᠎ᠠ ᠠᠩᠬᠠᠷᠴᠤ᠂ ᠴᠢᠷᠮᠠᠶᠢᠨ ᠠᠵᠢᠯᠯᠠᠵᠤ᠂ ᠡᠯ᠎ᠡ ᠲᠦᠷᠦᠯ ᠤᠨ ᠠᠵᠢᠯ ᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠵᠤ ᠯᠠᠪᠳᠠᠭᠤᠨ ᠪᠠᠲᠤᠲᠠᠢ ᠠᠬᠢᠭᠤᠯᠪᠠ ᠭᠡᠯ᠎ᠡ᠃      ᠵᠦ ᠵᠢᠶᠠᠨ ᠭᠦᠸᠧ ᠲᠠᠨᠢᠯᠴᠠᠭᠤᠯᠬᠤ ᠳᠠᠭᠠᠨ᠂ ᠲᠦᠷᠦᠭᠦᠸ ᠭᠤᠷᠪᠠᠨ ᠤᠯᠠᠷᠢᠯ ᠳᠤ ᠬᠤᠷᠢᠨᠭᠡᠷ ᠰᠢᠨ᠎ᠡ ᠲᠣᠭᠤᠷᠢᠭ ᠤᠨ ᠡᠵᠡᠩᠨᠡᠯᠲᠡ ᠶᠢᠨ ᠣᠷᠣᠯᠭ᠎ᠠ 107.47 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 20.58% ᠪᠠᠷ ᠨᠡᠮᠡᠭᠳᠡᠨ᠂ ᠵᠢᠯ ᠤᠨ ᠡᠭᠦᠷᠭᠡ ᠪᠠᠨ 89.56% ᠪᠠᠷ ᠪᠡᠶᠡᠯᠡᠭᠦᠯᠵᠡᠢ ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 95.17 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 62.32% ᠨᠡᠮᠡᠭᠳᠡᠪᠡ᠃ ᠰᠢᠨ᠎ᠡ ᠪᠠᠷ ᠭᠡᠷ᠎ᠡ ᠲᠣᠭᠲᠠᠭᠰᠠᠨ ᠠᠵᠤ ᠦᠢᠯᠡᠰ ᠤᠨ ᠲᠥᠷᠥᠯ ᠵᠦᠢᠯ 64 ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ ᠨᠢ 266.7 ᠳ᠋ᠦᠩᠰᠢᠭᠤᠷ ᠲᠥᠭᠦᠷᠢᠭ ᠬᠦᠷᠴᠦ᠂ ᠡᠭᠦᠨ ᠳᠤ ᠰᠢᠨ᠎ᠡ ᠪᠠᠷ ᠣᠷᠣᠭᠤᠯᠤᠭᠰᠠᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ 37 ᠪᠠᠶᠢᠨ᠎ᠠ᠃      ᠵᠦ ᠵᠢᠶᠠᠨ ᠭᠦᠸᠧ ᠬᠡᠯᠡᠭᠰᠡᠨ ᠨᠢ᠂ ᠳᠠᠷᠠᠭᠠᠴᠢ ᠶᠢᠨ ᠠᠯᠬᠤᠮ ᠳᠤ᠂ ᠬᠤᠷᠢᠨᠭᠡᠷ ᠰᠢᠨ᠎ᠡ ᠲᠣᠭᠤᠷᠢᠭ ᠤᠨ ᠬᠢᠨ ᠪᠣᠳᠣᠯᠭ᠎ᠠ ᠶᠢᠨ ᠬᠦᠴᠦᠨ ᠤ ᠠᠵᠤ ᠦᠢᠯᠡᠰ ᠤᠨ ᠬᠡᠯᠬᠢᠶ᠎ᠡ ᠶᠢ ᠪᠦᠬᠦ ᠬᠦᠴᠦᠨ ᠢᠶᠠᠷ ᠢᠶᠠᠨ ᠪᠠᠶᠢᠭᠤᠯᠤᠨ᠎ᠠ᠃ ᠤᠯᠤᠰ ᠤᠨ ︽ᠵᠡᠭᠦᠨ ᠪᠡᠶ᠎ᠡ ᠶᠢᠨ ᠲᠤᠭ᠎ᠠ ᠶᠢ ᠪᠠᠷᠠᠭᠤᠨ ᠪᠡᠶ᠎ᠡ ᠳᠤ ᠪᠤᠳᠤᠬᠤ︾ ᠲᠤᠭ᠎ᠠ ᠪᠠᠷᠢᠮᠲᠠ ᠶᠢᠨ ᠲᠥᠪ ᠤᠨ ᠪᠥᠭᠡᠮᠨᠡᠷᠡᠯ ᠤᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ ᠲᠣᠮᠣ ᠳ᠋ᠠᠶᠢᠲ᠋ᠠ᠂ ᠡᠭᠦᠯᠡᠨ ᠪᠣᠳᠣᠯᠲᠠ ᠪᠠᠷ ᠣᠨᠴᠠᠯᠢᠭ ᠪᠣᠯᠭᠠᠭᠰᠠᠨ ᠡᠯᠧᠺᠲᠷᠣᠨ ᠮᠡᠳᠡᠭᠡ ᠵᠠᠩᠭᠢ ᠶᠢᠨ ᠠᠵᠤ ᠦᠢᠯᠡᠰ ᠤᠨ ᠪᠥᠭᠡᠮᠨᠡᠷᠡᠯ ᠢ ᠪᠣᠶᠢᠵᠢᠭᠤᠯᠵᠤ᠂ ︽ᠳᠡᠭᠡᠳᠦ ᠤᠷᠤᠰᠬᠠᠯ ᠢ ᠪᠤᠵᠠᠭᠠᠶᠢᠷᠠᠭᠤᠯᠬᠤ᠂ ᠳᠤᠮᠳᠠ ᠤᠷᠤᠰᠬᠠᠯ ᠢ ᠰᠢᠯᠢᠳᠡᠭᠵᠢᠭᠦᠯᠬᠦ᠂ ᠳᠣᠣᠷᠠᠳᠤ ᠤᠷᠤᠰᠬᠠᠯ ᠢ ᠰᠠᠶᠢᠲᠤᠷ ᠬᠢᠬᠦ︾ ᠪᠠᠷ ᠴᠢᠭᠯᠡᠯ ᠪᠣᠯᠭᠠᠨ᠂ ᠳᠤᠮᠳᠠᠳᠤ ᠤᠯᠤᠰ ᠤᠨ ᠪᠠᠩᠬᠢ᠂ ᠲᠠᠷᠢᠶᠠᠯᠠᠩ ᠤᠨ ᠪᠠᠩᠬᠢ᠂ ᠪᠢᠩ ᠰᠢᠩ ᠰᠢᠨᠵᠢᠯᠡᠬᠦ ᠤᠬᠠᠭᠠᠨ ᠮᠡᠷᠭᠡᠵᠢᠯ᠂ ᠤᠯᠤᠰ ᠤᠨ ᠴᠠᠭ ᠠᠭᠤᠷ ᠤᠨ ᠲᠣᠪᠴᠢᠶ᠎ᠠ ︵ᠪᠠᠷᠠᠭᠤᠨ ᠣᠷᠣᠨ︶ ᠶᠢᠨ ᠪᠤᠳᠤᠬᠤ ᠬᠦᠴᠦᠨ ᠤ ᠲᠥᠪ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠬᠢᠭᠤᠯᠵᠤ᠂ ᠪᠤᠳᠤᠬᠤ ᠠᠷᠭ᠎ᠠ᠂ ᠪᠣᠳᠣᠯᠭ᠎ᠠ ᠶᠢᠨ ᠡᠯᠧᠮᠧᠨ᠋ᠲ᠂ ᠪᠤᠳᠤᠬᠤ ᠬᠦᠴᠦᠨ ᠤ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠤᠨ᠎ᠠ᠃ ᠬᠤᠷᠠᠮᠠᠯ ᠴᠠᠬᠢᠯᠭᠠᠨ ᠬᠡᠯᠬᠢᠶ᠎ᠡ ᠶᠢᠨ ᠠᠵᠤ ᠦᠢᠯᠡᠰ ᠤᠨ ᠬᠡᠯᠬᠢᠶ᠎ᠡ ᠶᠢ ᠪᠦᠬᠦ ᠬᠦᠴᠦᠨ ᠢᠶᠠᠷ ᠢᠶᠠᠨ ᠪᠠᠶᠢᠭᠤᠯᠤᠨ᠎ᠠ᠃ ᠪᠣᠳᠣᠯᠭ᠎ᠠ ᠶᠢᠨ ᠬᠦᠴᠦᠨ ᠤ ᠠᠵᠤ ᠦᠢᠯᠡᠰ ᠤᠨ ᠬᠡᠯᠬᠢᠶ᠎ᠡ ᠶᠢᠨ ᠰᠠᠶᠢᠨ ᠰᠠᠭᠤᠷᠢ ᠳᠤ ᠰᠠᠭᠤᠷᠢᠯᠠᠨ᠂ ᠪᠣᠳᠣᠯᠭ᠎ᠠ ᠶᠢᠨ ᠬᠦᠴᠦᠨ ᠤ ᠠᠵᠤ ᠦᠢᠯᠡᠰ ᠤᠨ ᠬᠡᠯᠬᠢᠶ᠎ᠡ ᠶᠢ ᠬᠠᠭᠠᠰ ᠳᠠᠮᠵᠢᠭᠤᠯᠤᠭᠴᠢ ᠶᠢᠨ ᠠᠵᠤ ᠦᠢᠯᠡᠰ ᠲᠡᠶᠢᠰᠢ ᠤᠷᠲᠤᠳᠬᠠᠵᠤ᠂ ᠰᠢᠶᠠᠨ ᠬᠤᠩ SMT ᠬᠠᠪᠲᠠᠰᠤ ᠶᠢᠨ ᠦᠢᠯᠡᠳᠪᠦᠷᠢᠯᠡᠯ ᠵᠡᠷᠭᠡ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠶᠢᠨ ᠦᠵᠦᠭᠦᠷ ᠤᠨ ᠲᠥᠬᠦᠭᠡᠷᠦᠮᠵᠢ ᠦᠢᠯᠡᠳᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠤᠷᠠᠮᠠᠯ ᠴᠠᠬᠢᠯᠭᠠᠨ ᠬᠡᠯᠬᠢᠶ᠎ᠡ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠡᠯᠬᠢᠶ᠎ᠡ ᠶᠢ ᠪᠦᠬᠦ ᠬᠦᠴᠦᠨ ᠢᠶᠠᠷ ᠢᠶᠠᠨ ᠪᠠᠶᠢᠭᠤᠯᠤᠨ᠎ᠠ᠃ ᠬᠤᠷᠢᠨᠭᠡᠷ ᠤᠨ ᠴᠢᠳᠠᠪᠤᠷᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ ᠥᠪᠥᠷ ᠮᠣᠩᠭᠤᠯ ᠤᠨ ᠡᠭᠦᠯᠡᠨ ᠬᠥᠨᠳᠡᠢ ᠶᠢᠨ ᠲᠣᠭᠠᠴᠢᠯᠠᠭᠰᠠᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠢᠶᠠᠷ ᠭᠠᠷᠳᠠᠴᠠ ᠪᠣᠯᠭᠠᠵᠤ᠂ ᠲᠣᠭᠠᠴᠢᠯᠠᠭᠰᠠᠨ ᠠᠵᠤ ᠦᠢᠯᠡᠰ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ ᠬᠡᠯᠪᠡᠷᠢ ᠶᠢᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠥᠪᠡᠷᠲᠡᠭᠡᠨ ᠵᠠᠰᠠᠬᠤ ᠣᠷᠣᠨ ᠪᠠ ᠣᠷᠣᠨ ᠤ ᠲᠥᠪ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠵᠤ᠂ ᠣᠷᠣᠨ ᠤ ᠲᠥᠪ ᠤᠨ ︽ᠠᠷᠪᠠᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ︾ ᠳᠤ ᠬᠦᠴᠦᠨ ᠨᠡᠮᠡᠷᠢᠯᠡᠨ᠎ᠡ᠃ ᠠᠭᠠᠷ ᠤᠨ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠡ ᠶᠢ ᠪᠥᠬᠦ ᠬᠦᠴᠦᠨ ᠢᠶᠠᠷ ᠪᠠᠶᠢᠭᠤᠯᠤᠨ᠎ᠠ᠃ ᠠᠭᠠᠷ ᠤᠨ ᠠᠵᠤ ᠠᠬᠤᠢ ᠶᠢᠨ ᠣᠷᠣᠨ ᠢ ᠲᠦᠷᠭᠡᠳᠬᠡᠨ ᠪᠠᠶᠢᠭᠤᠯᠵᠤ᠂ ᠤᠯᠤᠰ ᠤᠨ ᠠᠭᠠᠷ ᠤᠨ ᠠᠶᠠᠯᠠᠯ ᠤᠨ ᠺᠣᠮᠫᠠᠨᠢ ᠶᠢᠨ ᠥᠪᠥᠷ ᠮᠣᠩᠭᠤᠯ ᠤᠨ ᠺᠣᠮᠫᠠᠨᠢ ᠶᠢᠨ ᠶᠡᠷᠦᠩᠬᠡᠢ ᠬᠡᠯᠲᠡᠰ ᠤᠨ ᠰᠠᠭᠤᠷᠢᠨ ᠭᠠᠵᠠᠷ ᠪᠠ ᠮᠠᠰᠢᠨ ᠰᠡᠯᠪᠢᠨ ᠵᠠᠰᠠᠬᠤ ᠰᠠᠭᠤᠷᠢᠨ ᠭᠠᠵᠠᠷ ᠵᠡᠷᠭᠡ ᠪᠣᠯᠪᠠᠰᠤᠷᠠᠭᠤᠯᠬᠤ ᠪᠠ ᠪᠠᠷᠠᠭᠠᠨ ᠤ ᠭᠦᠢᠯᠭᠡᠭᠡᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠬᠢᠭᠤᠯᠵᠤ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠪᠠᠷ ᠰᠦᠪᠡᠭᠴᠢᠯᠡᠨ ᠠᠬᠢᠭᠤᠯᠵᠤ᠂ ᠠᠭᠠᠷ ᠤᠨ ᠠᠵᠤ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃      ᠡᠭᠦᠨ ᠠᠴᠠ ᠭᠠᠳᠠᠨ᠎ᠠ᠂ ᠬᠤᠷᠢᠨᠭᠡᠷ ᠰᠢᠨ᠎ᠡ ᠲᠣᠭᠤᠷᠢᠭ ᠨᠢ ᠠᠵᠤ ᠦᠢᠯᠡᠰ ᠤᠨ ᠲᠣᠭᠠᠴᠢᠯᠠᠭᠰᠠᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠪᠠᠶᠢᠨ᠎ᠠ᠃ ᠳᠡᠭᠡᠳᠦ ᠲᠡᠰ ᠤᠨ ᠠᠮᠢᠳᠤ ᠪᠣᠳᠠᠰ ᠤᠨ ᠮᠡᠷᠭᠡᠵᠢᠯ ᠤᠨ ᠠᠵᠤ ᠦᠢᠯᠡᠰ ᠤᠨ ᠲᠥᠷᠥᠯ ᠵᠦᠢᠯ ᠤᠨ ᠪᠠᠶᠢᠷᠢᠰᠢᠭᠤᠯᠤᠯᠲᠠ ᠶᠢ ᠠᠬᠢᠭᠤᠯᠵᠤ᠂ ᠪᠥᠸᠧ ᠤᠣ ᠠᠨᠠᠭᠠᠬᠤ ᠤᠬᠠᠭᠠᠨ ᠤ ᠰᠢᠯᠭᠠᠨ ᠪᠠᠶᠢᠴᠠᠭᠠᠯᠲᠠ᠂ ᠲᠧᠷᠦ᠋ᠢᠯ ᠠᠮᠢᠳᠤ ᠪᠣᠳᠠᠰ᠂ ᠬᠤᠸᠠ ᠢᠦᠢ ᠠᠮᠢᠳᠤ ᠪᠣᠳᠠᠰ ᠵᠡᠷᠭᠡ ᠨᠢᠭᠡᠨᠲᠡ ᠠᠰᠢᠭᠯᠠᠯᠲᠠ ᠳᠤ ᠣᠷᠣᠭᠰᠠᠨ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠵᠦ᠂ ᠪᠥᠸᠧ ᠬᠤᠶ ᠠᠮᠢᠳᠤ ᠪᠣᠳᠠᠰ᠂ ᠺᠧ ᠲᠦᠸᠧ ᠠᠮᠢᠳᠤ ᠪᠣᠳᠠᠰ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠭᠡᠷ ᠤᠨ ᠲᠡᠵᠢᠭᠡᠪᠦᠷᠢ ᠶᠢᠨ ᠡᠭᠦᠯᠳᠡᠷ ᠤᠨ ᠰᠢᠨ᠎ᠡ ᠶᠢ ᠡᠭᠦᠳᠬᠦ ᠪᠠ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ᠂ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ ᠶᠢᠨ ᠤᠯᠤᠰ ᠤᠨ ᠮᠣᠩᠭᠤᠯ ᠡᠮ ᠤᠨ ᠨᠠᠶᠢᠷᠠᠯᠠᠭ᠎ᠠ ᠶᠢᠨ ᠲᠥᠪ ᠵᠡᠷᠭᠡ ᠲᠥᠷᠥᠯ ᠵᠦᠢᠯ ᠤᠨ ᠪᠠᠶᠢᠭᠤᠯᠤᠯᠲᠠ ᠶᠢ ᠲᠦᠷᠭᠡᠳᠬᠡᠨ᠎ᠡ᠃ ᠳᠡᠭᠡᠳᠦ ᠲᠠᠰ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢᠨ ᠥᠪᠥᠷ ᠮᠣᠩᠭᠤᠯ ᠳᠠᠬᠢ ᠬᠤᠪᠢᠶᠠᠷᠢ ᠺᠣᠮᠫᠠᠨᠢ ᠶᠢᠨ ᠣᠷᠣᠨ ᠪᠦᠰᠡ ᠶᠢᠨ ᠶᠡᠷᠦᠩᠬᠡᠢ ᠬᠡᠯᠲᠡᠰ ᠤᠨ ᠲᠥᠷᠥᠯ ᠵᠦᠢᠯ ᠢ ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠬᠤ ᠶᠢ ᠠᠬᠢᠭᠤᠯᠵᠤ᠂ ᠶᠦᠨ ᠵᠥᠩ ᠱᠧᠩ ᠯᠧ ᠠᠮᠠᠷᠠᠯᠲᠠ ᠶᠢᠨ ᠣᠷᠣᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠶᠦᠨ ᠳ᠋ᠡ ᠲᠦᠷᠭᠡᠨ ᠬᠦᠷᠭᠡᠯᠲᠡ᠂ ᠰᠢ ᠪᠧᠢ ᠵᠢᠶᠠ ᠭᠦᠸᠧ ᠯᠦᠩ ᠭᠦᠩ ᠹᠦ᠋ ᠨᠣᠭᠤᠭ᠎ᠠ᠂ ᠱᠧᠨ ᠲᠦᠩ ᠲᠦᠷᠭᠡᠨ ᠬᠦᠷᠭᠡᠯᠲᠡ ᠵᠡᠷᠭᠡ ᠲᠥᠷᠥᠯ ᠵᠦᠢᠯ ᠢ ᠡᠷᠲᠡᠬᠡᠨ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠤ᠂ ᠰᠣᠶᠣᠯ ᠪᠡᠶ᠎ᠡ ᠶᠢᠨ ᠲᠠᠮᠢᠷ ᠤᠨ ᠪᠦᠲᠦᠭᠡᠯᠴᠢ ᠲᠥᠰᠥᠪᠯᠡᠯ ᠤᠨ ᠬᠦᠷᠢᠶᠡᠯᠡᠩ ᠲᠣᠭᠤᠷᠢᠭ ᠢ ᠡᠬᠢᠯᠡᠨ ᠪᠦᠲᠦᠭᠡᠨ ᠪᠠᠶᠢᠭᠤᠯᠤᠨ᠎ᠠ᠃ ᠳᠡᠭᠡᠳᠦ ᠲᠠᠰ ᠤᠨ ᠣᠶᠣᠨᠲᠤ ᠦᠢᠯᠡᠳᠬᠦ ᠦᠢᠯᠡᠰ ᠤᠨ ᠬᠥᠭᠵᠢᠯᠲᠡ ᠶᠢ ᠠᠬᠢᠭᠤᠯᠵᠤ᠂ ᠣᠶᠣᠨᠲᠤ ᠦᠢᠯᠡᠳᠬᠦ ᠠᠵᠤ ᠦᠢᠯᠡᠰ ᠤᠨ ᠬᠦᠷᠢᠶᠡᠯᠡᠩ ᠤᠨ ᠬᠤᠶᠠᠳᠤᠭᠠᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠢ ᠺᠦ᠋ ᠴᠠᠬᠢᠯᠭᠠᠨ᠂ ᠫᠠᠶᠢᠰᠧᠨ᠂ ᠠᠢ ᠰᠢᠨ ᠳ᠋ᠡ᠂ ᠬᠤᠸᠠᠨ ᠲᠧᠦ ᠰᠠᠨ ᠾᠧ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃ ᠢᠷᠡᠭᠡᠳᠦᠢ ᠶᠢᠨ ᠠᠵᠤ ᠦᠢᠯᠡᠰ ᠢ ᠢᠳᠡᠪᠬᠢᠲᠡᠢ ᠪᠠᠶᠢᠷᠢᠰᠢᠭᠤᠯᠵᠤ᠂ ᠬᠢᠮᠡᠯ ᠤᠶᠤᠨ᠂ ᠤᠶᠠᠨ ᠡᠯᠧᠺᠲᠷᠣᠨ᠂ ᠭᠡᠷᠡᠯ ᠤᠨ ᠰᠠᠷᠠᠯᠵᠢ ᠶᠢᠨ ᠣᠶᠤᠨᠴᠢ ᠦᠢᠯᠡᠳᠬᠡᠯ ᠤᠨ ᠲᠣᠭᠤᠷᠢᠨ ᠳᠤ ᠲᠦᠷᠦᠯ ᠵᠦᠢᠯ ᠢ ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠬᠤ ᠶᠢ ᠲᠦᠷᠭᠡᠳᠬᠡᠨ᠎ᠡ᠃ ᠡᠭᠦᠨ ᠤ ᠬᠠᠮᠲᠤ᠂ ᠰᠠᠭᠤᠷᠢ ᠲᠥᠬᠦᠭᠡᠷᠦᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ  ᠶᠢ ᠬᠦᠴᠦᠯᠡᠨ ᠠᠬᠢᠭᠤᠯᠵᠤ᠂ ᠴᠠᠬᠢᠯᠭᠠᠨ ᠬᠦᠴᠦᠨ ᠤ ᠢᠨᠵᠧᠨᠧᠷᠢᠩ᠂ ᠰᠢᠭᠤᠳ ᠤᠤᠭᠤᠬᠤ ᠤᠰᠤᠨ ᠤ ᠥᠷᠲᠡᠭᠡ᠂ ᠰᠢᠲᠠᠮᠠᠬᠠᠢ ᠬᠡᠢ ᠶᠢᠨ ᠢᠯᠴᠢ ᠬᠠᠩᠭᠠᠬᠤ ᠬᠤᠭᠤᠯᠠᠢ ᠶᠢᠨ ᠲᠣᠣᠷ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠠᠳᠠᠯ ᠦᠢᠯᠡᠰ ᠴᠣᠭᠴᠠᠯᠠᠬᠤ ᠳᠡᠭᠡᠳᠦ ᠰᠤᠷᠭᠠᠭᠤᠯᠢ᠂ ᠬᠤᠷᠢᠨᠭᠡᠷ ᠰᠢᠨ᠎ᠡ ᠲᠣᠭᠤᠷᠢᠭ ᠤᠨ ᠲᠤᠷᠰᠢᠯᠲᠠ ᠶᠢᠨ ᠳᠤᠮᠳᠠᠳᠤ ᠰᠤᠷᠭᠠᠭᠤᠯᠢ᠂ ᠬᠥᠬᠡᠬᠤᠲᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠣᠯᠠᠨ ᠨᠡᠶᠢᠲᠡ ᠶᠢᠨ ᠦᠢᠯᠡᠴᠢᠯᠡᠭᠡ ᠪᠠ ᠬᠥᠮᠥᠨ ᠠᠮᠠ ᠶᠢᠨ ᠴᠤᠭᠯᠠᠷᠠᠯ ᠤᠨ ᠬᠢᠷᠢ ᠲᠥᠪᠰᠢᠨ ᠢ ᠳᠡᠭᠡᠭᠰᠢᠯᠡᠭᠦᠯᠦᠨ᠎ᠡ᠃      ᠵᠦ ᠵᠢᠶᠠᠨ ᠭᠦᠸᠧ᠂ ᠬᠤᠷᠢᠨᠭᠡᠷ ᠰᠢᠨ᠎ᠡ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ᠂ ᠵᠠᠩᠭᠢᠯᠠᠭ᠎ᠠ ᠨᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠠᠳᠬᠤᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠷᠭ᠎ᠠ ᠬᠡᠯᠪᠡᠷᠢ ᠳᠤ ᠰᠢᠨ᠎ᠡ ᠶᠢ ᠡᠭᠦᠳᠴᠦ᠂ ᠤᠯᠠᠮᠵᠢᠯᠠᠯᠲᠤ ᠰᠡᠳᠬᠢᠬᠦᠢ ᠶᠢ ᠡᠪᠳᠡᠨ᠂ ᠥᠭᠡᠷᠡᠴᠢᠯᠡᠯᠲᠡ ᠶᠢᠨ ᠰᠡᠳᠬᠢᠬᠦᠢ᠂ ᠨᠡᠭᠡᠭᠡᠯᠲᠡᠲᠤ ᠰᠡᠳᠬᠢᠬᠦᠢ᠂ ᠵᠠᠬ᠎ᠠ ᠳᠡᠯᠭᠡᠭᠦᠷ ᠤᠨ ᠰᠡᠳᠬᠢᠬᠦᠢ ᠪᠠᠷ ᠵᠠᠰᠠᠭ ᠠᠵᠤ ᠠᠬᠤᠶᠢᠯᠠᠯ ᠢ ᠨᠢᠭᠡ ᠴᠣᠭᠴᠠᠵᠢᠭᠤᠯᠬᠤ᠂ ᠵᠠᠬᠢᠶᠠᠯᠠᠭ᠎ᠠ᠂ ᠬᠦᠴᠦᠨ ᠵᠦᠢᠯ ᠢᠶᠠᠷ ᠬᠥᠳᠡᠯᠭᠡᠭᠦᠷ ᠪᠣᠯᠭᠠᠬᠤ ᠬᠡᠯᠪᠡᠷᠢ᠂ ᠬᠥᠷᠥᠩᠭᠡ ᠪᠠᠷ ᠡᠨᠧᠷᠭᠢ ᠣᠯᠭᠤᠬᠤ ᠬᠡᠯᠪᠡᠷᠢ ᠶᠢᠨ ᠬᠤᠳᠠᠯᠳᠤᠭᠠᠴᠢᠨ ᠤᠷᠢᠬᠤ ᠶᠢ ᠭᠤᠣᠯᠳᠠᠯᠭ᠎ᠠ ᠲᠠᠢ ᠠᠬᠢᠭᠤᠯᠵᠤ᠂ ᠨᠡᠩ ᠤᠯᠠᠨ ᠰᠠᠶᠢᠨ ᠲᠦᠷᠦᠯ ᠵᠦᠢᠯ ᠢ ᠨᠠᠶᠢᠳᠠᠪᠤᠷᠢᠵᠢᠭᠤᠯᠤᠨ ᠬᠥᠭᠵᠢᠭᠦᠯᠦᠨ᠎ᠡ ᠭᠡᠯ᠎ᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号