︽ᠬᠥᠬᠡᠬᠤᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ︿ᠲᠤᠶᠢᠯ ᠤᠨ ᠲᠥᠬᠦᠮ ᠬᠢᠨᠠᠨ ᠵᠦᠪᠰᠢᠶᠡᠷᠡᠯᠲᠡ﹀ ᠶᠢᠨ ᠠᠷᠭ᠎ᠠ ᠬᠡᠮᠵᠢᠶ᠎ᠡ ᠨᠦᠭᠦᠳ︾ ᠢ ᠨᠡᠶᠢᠲᠡᠯᠡᠪᠡ
ᠨᠡᠶᠢᠲᠡᠯᠡᠭᠰᠡᠨ ᠴᠠᠭ᠄
2023/11/1
     ︵ᠰᠤᠷᠪᠤᠯᠵᠢᠯᠠᠭᠴᠢ ᠶᠦᠨ ᠶᠠᠨ ᠹᠠᠩ︶ 2024 ᠣᠨ ᠤ ᠭᠤᠣᠯᠳᠠᠯᠭ᠎ᠠ  ᠲᠠᠢ ᠲᠥᠷᠥᠯ ᠵᠦᠢᠯ ᠤᠨ ᠭᠠᠷ ᠭᠦᠢᠴᠡᠳᠬᠡᠯ ᠢ ᠥᠨᠳᠥᠷ ᠪᠦᠲᠦᠮᠵᠢᠲᠡᠶ ᠲᠦᠯᠬᠢᠨ ᠠᠬᠢᠭᠤᠯᠬᠤ ᠶᠢᠨ ᠲᠥᠯᠥᠭᠡ᠂ ᠲᠦᠷᠦᠭᠦᠬᠡᠨ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠡᠯ᠎ᠡ ᠬᠤᠯᠪᠣᠭᠳᠠᠯ ᠪᠦᠬᠦᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠠᠢ ᠬᠠᠮᠲᠤᠷᠠᠨ ︽ᠬᠥᠬᠡᠬᠤᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ︿ᠲᠤᠶᠢᠯ ᠤᠨ ᠳᠥᠭᠦᠮ ᠬᠢᠨᠠᠨ ᠵᠦᠪᠰᠢᠶᠡᠷᠡᠯᠲᠡ﹀ ᠶᠢᠨ ᠠᠷᠭ᠎ᠠ ᠬᠡᠮᠵᠢᠶ᠎ᠡ ᠨᠦᠭᠦᠳ︾ ᠢ ᠰᠤᠳᠤᠯᠤᠨ ᠨᠡᠶᠢᠲᠡᠯᠡᠵᠦ᠂ ᠶᠠᠪᠤᠴᠠ ᠶᠢ ᠳᠠᠬᠢᠨ ᠵᠣᠬᠢᠶᠠᠬᠤ᠂ ᠳᠤᠲᠠᠭᠤ ᠶᠢ ᠪᠠᠭᠲᠠᠭᠠᠵᠤ ᠬᠢᠨᠠᠨ ᠵᠥᠪᠰᠢᠶᠡᠷᠡᠬᠦ᠂ ᠠᠮᠠᠯᠠᠯᠲᠠ ᠶᠢᠨ ᠳᠦᠷᠢᠮ ᠢᠶᠠᠷ ᠭᠦᠢᠴᠡᠳᠬᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠬᠢᠨᠠᠨ ᠵᠥᠪᠰᠢᠶᠡᠷᠡᠬᠦ ᠠᠵᠢᠯ ᠢ ᠦᠨᠡᠨᠬᠦ ᠲᠦᠷᠭᠡᠳᠬᠡᠨ ᠠᠬᠢᠭᠤᠯᠵᠤ᠂ ︽ᠭᠡᠷ ᠲᠡᠭᠡᠨ ᠰᠠᠭᠤᠬᠤ ᠡᠪᠦᠯ︾ ᠢ ︽ᠶᠠᠭᠠᠷᠠᠤ ᠡᠪᠦᠯ︾ ᠪᠣᠯᠭᠠᠨ ᠬᠤᠪᠢᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠡᠪᠦᠯ ᠤᠨ ᠤᠯᠠᠷᠢᠯ ᠭᠠᠷᠳᠠᠮ ᠢ ᠠᠩᠬᠠᠷᠬᠤ᠂ ᠬᠠᠪᠤᠷ ᠤᠨ ᠡᠬᠢ ᠪᠠᠷ ᠠᠵᠢᠯ ᠡᠬᠢᠯᠡᠭᠦᠯᠬᠦ᠂ ᠪᠥᠬᠦ ᠵᠢᠯ ᠳᠤ ᠪᠦᠲᠦᠭᠡᠨ ᠪᠠᠶᠢᠭᠤᠯᠤᠯᠲᠠ ᠶᠢ ᠠᠳᠬᠤᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ  ᠃      ︽ᠠᠷᠭ᠎ᠠ ᠬᠡᠮᠵᠢᠶ᠎ᠡ ᠨᠦᠭᠦᠳ︾ ᠨᠢ ᠰᠢᠨ᠎ᠡ ᠪᠠᠷ ᠪᠠᠶᠢᠭᠤᠯᠬᠤ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠤᠨ ᠳᠤᠮᠳᠠᠬᠢ ᠲᠦᠷᠦᠯ ᠵᠦᠢᠯ ᠲᠤᠭᠲᠠᠭᠠᠬᠤ᠂ ᠭᠠᠵᠠᠷ ᠬᠡᠷᠡᠭᠯᠡᠬᠦ᠂ ᠣᠷᠴᠢᠨ  ᠲᠣᠭᠤᠷᠢᠨ ᠤ ᠨᠥᠯᠥᠭᠡᠯᠡᠯ ᠤᠨ ᠦᠨᠡᠯᠡᠯᠲᠡ᠂ ᠡᠨᠧᠷᠭᠢ ᠶᠢᠨ ᠦᠨᠡᠯᠡᠯᠲᠡ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠪᠠᠷᠢᠯᠭ᠎ᠠ ᠪᠠᠷᠢᠬᠤ ᠶᠢ ᠵᠥᠪᠰᠢᠶᠡᠷᠡᠬᠦ ᠵᠡᠷᠭᠡ 16 ᠵᠦᠢᠯ ᠤᠨ ᠭᠤᠣᠯ ᠪᠣᠯᠬᠤ ᠭᠠᠷ ᠭᠦᠢᠴᠡᠳᠬᠡᠯ ᠳᠤ ᠴᠢᠭᠯᠡᠭᠦᠯᠦᠨ᠂ ᠬᠤᠯᠪᠣᠭᠳᠠᠯ ᠪᠦᠬᠦᠢ ᠬᠢᠨᠠᠨ ᠵᠦᠪᠰᠢᠶᠡᠷᠡᠯᠲᠡ ᠶᠢ ᠰᠢᠯᠢᠳᠡᠭᠵᠢᠬᠦᠯᠬᠦ ᠠᠷᠭ᠎ᠠ ᠬᠡᠮᠵᠢᠶ᠎ᠡ ᠶᠢ 33 ᠵᠤᠷᠪᠤᠰ ᠬᠡᠷᠡᠭᠵᠢᠭᠦᠯᠵᠦ᠂ ᠭᠤᠣᠯᠳᠠᠭᠤ ᠬᠥᠭᠵᠢᠭᠦᠯᠦᠯᠲᠡ ᠥᠭᠡᠷᠡᠴᠢᠯᠡᠯᠲᠡ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠣᠷᠴᠢᠨ ᠲᠣᠭᠤᠷᠢᠨ᠂ ᠣᠶ ᠰᠢᠭᠤᠢ ᠨᠤᠲᠤᠭ ᠪᠡᠯᠴᠢᠭᠡᠷ᠂ ᠭᠠᠯ ᠤᠨᠳᠠᠷᠠᠭᠠᠵᠤ ᠭᠠᠯ ᠰᠡᠷᠭᠡᠶᠢᠯᠡᠬᠦ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠵᠡᠷᠭᠡ 11 ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠤ ᠬᠤᠯᠪᠣᠭᠳᠠᠨ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠬᠢᠨᠠᠨ ᠵᠦᠪᠰᠢᠶᠡᠷᠡᠯᠲᠡ ᠶᠢᠨ ᠪᠥᠬᠦ ᠶᠠᠪᠤᠴᠠ ᠳᠤ ᠲᠤᠭᠤᠰᠢᠯᠠᠭᠳᠠᠵᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠭᠦᠢᠴᠡᠳᠬᠡᠬᠦ ᠶᠢ ᠬᠢᠵᠠᠭᠠᠷᠯᠠᠵᠤ ᠪᠠᠶᠢᠭ᠎ᠠ ᠬᠦᠴᠢᠷ ᠠᠰᠠᠭᠤᠳᠠᠯ᠂ ᠲᠦᠭᠵᠢᠷᠡᠯ ᠂ ᠬᠢᠵᠠᠭᠠᠷᠯᠠᠯ ᠢ ᠨᠠᠷᠢᠯᠢᠭ ᠣᠨᠣᠴᠠᠲᠠᠢ ᠪᠠᠷ ᠰᠢᠢᠳᠪᠦᠷᠢᠯᠡᠪᠡ᠃      ︽ᠠᠷᠭ᠎ᠠ ᠬᠡᠮᠵᠢᠶ᠎ᠡ ᠨᠦᠭᠦᠳ︾ ᠨᠢ ᠲᠤᠶᠢᠯ ᠤᠨ ᠲᠥᠬᠦᠮ ᠢᠶᠠᠷ ᠬᠢᠨᠠᠨ ᠵᠥᠪᠰᠢᠶᠡᠷᠡᠬᠦ ᠲᠠᠯ᠎ᠠ ᠳᠤ᠂ ᠨᠢᠭᠡ ᠳᠤ ᠬᠢᠨᠠᠨ ᠵᠥᠪᠰᠢᠶᠡᠷᠡᠬᠦ ᠵᠠᠭᠪᠤᠷ ᠤᠨ ᠰᠢᠨ᠎ᠡ ᠶᠢ ᠡᠭᠦᠳᠴᠦ᠂ ︽ᠳᠤᠲᠠᠭᠤ ᠶᠢ ᠪᠠᠭᠲᠠᠭᠠᠵᠤ ᠰᠢᠢᠳᠪᠦᠷᠢᠯᠡᠬᠦ︾ ᠰᠠᠭᠤᠷᠢᠨ ᠳᠡᠭᠡᠷ᠎ᠡ᠂ ᠬᠢᠨᠠᠨ ᠵᠥᠪᠰᠢᠶᠡᠷᠡᠬᠦ ᠵᠠᠭᠪᠤᠷ ᠲᠤ ᠤᠯᠠᠮ ᠨᠢᠭᠡ ᠠᠯᠬᠤᠮ ᠰᠢᠨ᠎ᠡ ᠶᠢ ᠡᠭᠦᠳᠴᠦ᠂ ︽ᠳᠤᠲᠠᠭᠤ ᠶᠢ ᠪᠠᠭᠲᠠᠭᠠᠵᠤ ᠬᠢᠨᠠᠨ ᠵᠥᠪᠰᠢᠶᠡᠷᠡᠬᠦ + ᠠᠮᠠᠯᠠᠯᠲᠠ ᠶᠢᠨ ᠳᠦᠷᠢᠮ ᠢᠶᠠᠷ ᠭᠦᠢᠴᠡᠳᠬᠡᠬᠦ︾ ᠶᠢ ᠬᠡᠷᠡᠭᠵᠢᠭᠦᠯᠦᠨ᠂  ᠵᠦᠢᠯᠡᠰ ᠢ ᠬᠢᠨᠠᠨ ᠵᠥᠪᠰᠢᠶᠡᠷᠡᠬᠦ ᠪᠠ ᠮᠠᠲ᠋ᠧᠷᠢᠶᠠᠯ ᠪᠡᠯᠡᠳᠬᠡᠬᠦ ᠶᠢ ᠵᠡᠷᠭᠡᠪᠡᠷ ᠠᠬᠢᠭᠤᠯᠵᠤ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ︔ ᠬᠤᠶᠠᠷ ᠲᠤ ᠦᠢᠯᠡᠴᠢᠯᠡᠭᠡᠨ ᠤ ᠪᠠᠲᠤᠯᠠᠭ᠎ᠠ ᠶᠢ ᠳᠡᠭᠡᠭᠰᠢᠯᠡᠭᠦᠯᠵᠦ᠂ ᠲᠥᠷᠥᠯ ᠵᠦᠢᠯ ᠤᠨ ᠬᠢᠨᠠᠨ ᠵᠥᠪᠰᠢᠶᠡᠷᠡᠬᠦ ᠴᠤᠪᠤᠷᠠᠯ ᠢ ᠪᠥᠬᠦ ᠲᠠᠯ᠎ᠠ ᠪᠠᠷ ᠰᠢᠯᠢᠳᠡᠭᠵᠢᠭᠦᠯᠦᠨ᠂ ᠲᠥᠷᠥᠯ ᠵᠦᠢᠯ ᠤᠨ ᠬᠢᠨᠠᠨ ᠵᠥᠪᠰᠢᠶᠡᠷᠡᠬᠦ ᠴᠤᠪᠤᠷᠠᠯ ᠢ ᠳᠠᠬᠢᠨ ᠵᠣᠬᠢᠶᠠᠬᠤ ᠶᠢ ᠭᠦᠨᠵᠡᠭᠡᠶᠢᠷᠡᠭᠦᠯᠵᠦ᠂ ᠲᠥᠷᠥᠯ ᠵᠦᠢᠯ ᠤᠨ ᠭᠠᠷᠳᠠᠮ ᠤᠨ ᠬᠢᠨᠠᠨ ᠵᠥᠪᠰᠢᠶᠡᠷᠡᠬᠦ ᠴᠠᠭ ᠢ ᠦᠷᠭᠦᠯᠵᠢᠯᠡᠨ ᠪᠠᠭᠠᠰᠬᠠᠨ᠂ ᠴᠢᠬᠤᠯᠠ ᠨᠥᠬᠦᠴᠡᠯ ᠢ ᠪᠠᠭᠠᠰᠬᠠᠬᠤ᠂ ᠭᠠᠷᠳᠠᠮ ᠢ ᠪᠠᠭᠠᠰᠬᠠᠬᠤ᠂ ᠴᠠᠭ ᠢ  ᠪᠣᠭᠤᠨᠢᠰᠬᠠᠬᠤ ᠶᠢ ᠦᠨᠡᠨᠬᠦ ᠪᠡᠶᠡᠯᠡᠭᠦᠯᠵᠦ ᠂ ᠠᠷᠠᠳ ᠤᠨ ᠪᠡᠯᠡ ᠣᠷᠣᠭᠤᠯᠤᠯᠲᠠ ᠶᠢᠨ ᠢᠳᠡᠪᠬᠢᠵᠢᠯ ᠢ ᠬᠥᠭᠵᠢᠭᠡᠨ᠎ᠡ︔ ᠭᠤᠷᠪᠠ ᠳᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ ᠲᠤᠪᠤᠶᠢᠯᠭᠠᠵᠦ᠂ ᠣᠷᠣᠨ ᠤ ᠲᠥᠪ ᠤᠨ ︽ᠡᠮᠦᠨ᠎ᠡ ᠨᠢ ᠬᠤᠰᠢᠭᠤᠷᠠᠵᠤ᠂ ᠦᠯᠢᠬᠡᠷ ᠳᠠᠭᠤᠷᠢᠶᠠᠯ ᠪᠣᠯᠬᠤ︾ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠢ ᠴᠢᠩᠭᠠᠳᠬᠠᠵᠤ᠂ ᠲᠦᠷᠦᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠬᠤ ᠶᠢ ᠬᠦᠴᠦᠲᠡᠢ ᠠᠬᠢᠭᠤᠯᠵᠤ᠂ ᠬᠠᠭᠤᠯᠪᠤᠷᠢᠯᠠᠵᠤ ᠪᠣᠯᠬᠤ᠂ ᠦᠷᠭᠦᠯᠵᠢᠯᠡᠵᠦ ᠪᠣᠯᠬᠤ ᠪᠦᠲᠦᠮᠵᠢᠲᠡᠢ ᠲᠤᠷᠰᠢᠯᠭ᠎ᠠ ᠶᠢ ᠪᠦᠷᠢᠯᠳᠦᠭᠦᠯᠦᠨ᠎ᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号