ᠰᠤᠷᠭᠠᠨ ᠬᠥᠮᠦᠵᠢᠯ ᠤᠨ ᠶᠠᠮᠤᠨ᠄ ᠰᠤᠷᠤᠬᠴᠢᠳ ᠤᠨ ᠬᠢᠴᠢᠶᠡᠯ ᠤᠨ ᠵᠠᠪᠰᠠᠷᠯᠠᠭ᠎ᠠ ᠶᠢᠨ ᠬᠡᠪ ᠤᠨ ᠬᠥᠳᠡᠯᠭᠡᠭᠡᠨ ᠢ ᠦᠨᠡᠨ ᠬᠦ ᠪᠠᠲᠤᠯᠠᠬᠤ ᠬᠡᠷᠡᠭᠲᠡᠢ
ᠨᠡᠶᠢᠲᠡᠯᠡᠭᠰᠡᠨ ᠴᠠᠭ᠄
2023/11/10
     ᠣᠶᠢᠷ᠎ᠠ ᠳᠤ᠂ ᠵᠠᠷᠢᠮ ᠭᠠᠵᠠᠷ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠬᠴᠢᠳ ᠤᠨ ︽ᠬᠢᠴᠢᠶᠡᠯ ᠤᠨ ᠵᠠᠪᠰᠠᠷᠯᠠᠭ᠎ᠠ ᠶᠢᠨ 10 ᠮᠢᠨᠦ᠋ᠲ ᠤᠨ ᠬᠥᠳᠡᠯᠭᠡᠭᠡᠨ ᠨᠢ ᠬᠢᠵᠠᠭᠠᠷᠯᠠᠭᠳᠠᠭᠰᠠᠨ︾ᠠᠰᠠᠭᠤᠳᠠᠯ ᠨᠡᠶᠢᠭᠡᠮ ᠨᠡᠶᠢᠲᠡ ᠶᠢᠨ ᠠᠩᠬᠠᠷᠤᠯ ᠢ ᠥᠷᠭᠡᠨ ᠢᠶᠠᠷ ᠲᠠᠲᠠᠵᠤ᠂ ᠰᠢᠨᠬᠤᠸᠠ ᠬᠤᠷᠢᠶᠠᠨ ᠤ ︽ᠰᠢᠨᠬᠤᠸᠠ ᠬᠠᠷᠠᠭᠠᠨ ᠴᠡᠭ︾ ᠤᠨ ᠰᠤᠷᠪᠤᠯᠵᠢᠯᠠᠬᠴᠢ ᠡᠭᠦᠨ ᠤ ᠲᠤᠬᠠᠢ ᠰᠤᠷᠭᠠᠨ ᠬᠥᠮᠦᠵᠢᠯ ᠤᠨ ᠶᠠᠮᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠢ ᠰᠤᠷᠪᠤᠯᠵᠢᠯᠠᠪᠠ᠃          ᠲᠤᠰ ᠬᠠᠷᠢᠭᠤᠴᠠᠯᠭᠠᠲᠠᠨ᠂ ᠳᠤᠮᠳᠠᠳᠤ ᠪᠠᠭ᠎ᠠ ᠰᠤᠷᠭᠠᠭᠤᠯᠢ ᠬᠢᠴᠢᠶᠡᠯ ᠤᠨ ᠵᠠᠪᠰᠠᠷᠯᠠᠭ᠎ᠠ ᠲᠣᠬᠢᠷᠠᠭᠤᠯᠬᠤ ᠨᠢ ᠮᠠᠰᠢ ᠴᠢᠬᠤᠯᠠ ᠪᠥᠭᠡᠳ ᠰᠤᠷᠤᠬᠴᠢᠳ ᠤᠨ ᠤᠷᠮ᠎ᠠ ᠰᠡᠳᠬᠢᠯᠭᠡ ᠪᠠᠨ ᠲᠣᠬᠢᠷᠠᠭᠤᠯᠬᠤ᠂ ᠪᠡᠶ᠎ᠡ ᠰᠡᠳᠬᠢᠯ ᠢᠶᠠᠨ ᠲᠠᠶᠢᠪᠤᠰᠢᠷᠠᠭᠤᠯᠬᠤ᠂ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠪᠠ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠳᠤ ᠠᠰᠢᠭᠲᠠᠢ ᠶᠤᠮ᠃ ᠰᠤᠷᠭᠠᠨ ᠬᠥᠮᠦᠵᠢᠯ ᠤᠨ ᠶᠠᠮᠤᠨ ᠰᠤᠷᠤᠬᠴᠢᠳ ᠤᠨ ᠬᠢᠴᠢᠶᠡᠯ ᠤᠨ ᠵᠠᠪᠰᠠᠷᠯᠠᠭ᠎ᠠ ᠶᠢᠨ ᠴᠠᠭ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ 2021 ᠣᠨ ᠤ 9 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠭᠰᠡᠨ ︽ᠨᠠᠰᠤᠨ ᠳᠤ ᠥᠯᠥ ᠭᠦᠷᠦᠭᠰᠡᠳ ᠤᠨ ᠰᠤᠷᠭᠠᠭᠤᠯᠢ ᠳᠠᠬᠢ ᠬᠠᠮᠠᠭᠠᠯᠠᠯᠲᠠ ᠶᠢᠨ ᠲᠣᠭᠲᠠᠭᠠᠯ︾ ( ᠰᠤᠷᠭᠠᠨ ᠬᠥᠮᠦᠵᠢᠯ ᠤᠨ ᠶᠠᠮᠤᠨ ᠤ ᠵᠠᠷᠯᠢᠭ 50 ᠳ᠋ᠤᠭᠠᠷ ᠲᠣᠭᠠᠲᠤ ) ᠳᠤ᠂ ᠰᠤᠷᠤᠬᠴᠢᠳ ᠤᠨ ᠬᠢᠴᠢᠶᠡᠯ ᠤᠨ ᠵᠠᠪᠰᠠᠷᠯᠠᠭ᠎ᠠ ᠵᠢᠴᠢ ᠪᠤᠰᠤᠳ ᠵᠢᠭᠠᠨ ᠰᠤᠷᠭᠠᠯᠲᠠ ᠶᠢᠨ ᠪᠤᠰᠤ ᠴᠠᠭ ᠤᠨ ᠵᠦᠢ ᠶᠣᠰᠣᠨ ᠤ ᠰᠣᠯᠢᠯᠴᠠᠭ᠎ᠠ᠂ ᠲᠣᠭᠯᠠᠭᠠᠮ᠂ ᠬᠢᠴᠢᠶᠡᠯ ᠤᠨ ᠭᠡᠷ ᠠᠴᠠ ᠭᠠᠷᠴᠤ ᠬᠥᠳᠡᠯᠭᠡᠭᠡᠨ ᠬᠢᠬᠦ ᠵᠡᠷᠭᠡ ᠦᠭᠡ ᠶᠠᠷᠢᠶ᠎ᠠ ᠦᠢᠯᠡ ᠠᠵᠢᠯᠯᠠᠭ᠎ᠠ ᠳᠤ ᠴᠢᠬᠤᠯᠠ ᠪᠤᠰᠤ ᠬᠢᠵᠠᠭᠠᠷᠯᠠᠯ ᠭᠠᠷᠭᠠᠵᠤ ᠪᠤᠯᠬᠤ ᠦᠭᠡᠢ ᠭᠡᠵᠦ ᠲᠣᠳᠣᠷᠬᠠᠢ ᠲᠣᠭᠲᠠᠭᠠᠪᠠ᠃ ᠪᠣᠳᠠᠲᠠᠢ ᠠᠵᠢᠯ ᠤᠨ ᠳᠤᠮᠳᠠ᠂ ᠳᠤᠮᠳᠠᠳᠤ ᠪᠠᠭ᠎ᠠ ᠰᠤᠷᠭᠠᠭᠤᠯᠢ ᠡᠳᠦᠷ ᠪᠦᠷᠢ 30 ᠮᠢᠨᠦ᠋ᠲ ᠤᠨ ᠬᠢᠴᠢᠶᠡᠯ ᠤᠨ ᠵᠠᠪᠰᠠᠷᠯᠠᠭ᠎ᠠ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠨᠢᠭᠡᠳᠦᠯᠲᠡᠢ ᠲᠣᠬᠢᠷᠠᠭᠤᠯᠵᠤ᠂ ᠬᠢᠴᠢᠶᠡᠯ ᠤᠨ ᠵᠠᠪᠰᠠᠷᠯᠠᠭ᠎ᠠ ᠪᠦᠷᠢ ᠳᠤ ᠰᠤᠷᠤᠬᠴᠢᠳ ᠤᠨ ᠬᠢᠴᠢᠶᠡᠯ ᠤᠨ ᠭᠡᠷ ᠠᠴᠠ ᠭᠠᠷᠴᠤ ᠵᠣᠬᠢᠬᠤ ᠬᠡᠮᠵᠢᠶᠡᠨ ᠤ ᠬᠥᠳᠡᠯᠭᠡᠭᠡᠨ ᠬᠢᠬᠦ ᠪᠠ ᠪᠡᠶ᠎ᠡ ᠰᠡᠳᠬᠢᠯ ᠢᠶᠠᠨ ᠠᠮᠠᠷᠠᠭᠤᠯᠬᠤ ᠶᠢ ᠱᠠᠭᠠᠷᠳᠠᠪᠠ ᠭᠡᠵᠡᠢ᠃          ᠲᠣᠰ ᠬᠠᠷᠢᠭᠤᠴᠠᠯᠭᠠᠲᠠᠨ᠂ ᠰᠤᠷᠭᠠᠨ ᠬᠥᠮᠦᠵᠢᠯ ᠤᠨ ᠶᠠᠮᠤᠨ ᠣᠷᠣᠨ ᠨᠤᠲᠤᠭ ᠪᠠ ᠰᠤᠷᠭᠠᠭᠤᠯᠢ ᠶᠢ ᠤᠯᠠᠮ ᠴᠢᠨᠠᠭᠰᠢᠳᠠ ᠱᠠᠯᠠᠪᠳᠠᠭᠤᠯᠤᠨ ᠱᠠᠭᠠᠷᠳᠠᠵᠤ ᠪᠠᠶᠢᠭᠠᠳ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠵᠢᠮ᠎ᠡ ᠶᠣᠰᠣ ᠪᠠ ᠰᠤᠷᠤᠬᠴᠢᠳ ᠤᠨ ᠪᠡᠶ᠎ᠡ ᠰᠡᠳᠬᠢᠯ ᠤᠨ ᠬᠥᠭᠵᠢᠯᠲᠡ ᠶᠢᠨ ᠵᠢᠮ᠎ᠡ ᠶᠣᠰᠣ ᠶᠢ ᠵᠢᠷᠤᠮᠯᠠᠨ᠂ ︽ᠰᠤᠷᠤᠬᠴᠢᠳ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ︾  ᠪᠠᠷ ᠰᠢᠯᠲᠠᠭ ᠪᠤᠯᠭᠠᠵᠤ ᠰᠤᠷᠤᠬᠴᠢᠳ ᠤᠨ ᠴᠢᠬᠤᠯᠠ ᠪᠦᠬᠦᠢ ᠬᠢᠴᠢᠶᠡᠯ ᠤᠨ ᠵᠠᠪᠰᠠᠷᠯᠠᠭ᠎ᠠ ᠶᠢᠨ ᠠᠮᠠᠷᠠᠯᠲᠠ ᠪᠠ ᠬᠥᠳᠡᠯᠭᠡᠭᠡᠨ ᠢ ᠬᠢᠵᠠᠭᠠᠷᠯᠠᠬᠤ ᠠᠷᠭ᠎ᠠ ᠬᠢᠳᠡᠯ ᠢ ᠡᠷᠡᠰ ᠵᠠᠯᠠᠷᠠᠭᠤᠯᠤᠨ᠎ᠠ᠃ ᠣᠷᠣᠨ ᠨᠤᠲᠤᠭ ᠪᠠ ᠰᠤᠷᠭᠠᠭᠤᠯᠢ ᠶᠢ ᠵᠢᠯᠤᠭᠤᠳᠴᠤ ᠪᠠᠶᠢᠭᠠᠳ ᠬᠠᠮᠢᠶᠠᠷᠤᠯᠲᠠ ᠪᠠ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠬᠡᠷᠡᠭᠵᠢᠭᠦᠯᠵᠦ᠂ ᠭᠡᠷ ᠤᠨ ᠭᠠᠳᠠᠨᠠᠬᠢ ᠲᠠᠯᠠᠪᠤᠷ ᠭᠠᠵᠠᠷ ᠢ ᠳᠠᠷᠠᠭᠠᠯᠠᠨ ᠪᠠᠶᠢᠴᠠᠭᠠᠬᠤ ᠪᠠ ᠬᠥᠮᠥᠰ ᠤᠨ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠰᠤᠷᠤᠬᠴᠢᠳ‌‍ᠤᠨ ᠠᠮᠤᠷ ᠲᠦᠪᠰᠢᠨ ᠤ ᠶᠡᠷᠦ ᠶᠢᠨ ᠮᠡᠳᠡᠯᠭᠡ ᠶᠢᠨ ᠬᠥᠮᠦᠵᠢᠯ ᠢ ᠴᠢᠩᠭᠠᠳᠬᠠᠵᠤ᠂ ᠠᠮᠤᠷ ᠲᠦᠪᠰᠢᠨ ᠤ ᠠᠳᠡᠯ ᠤᠨ ᠠᠶᠤᠯ ᠲᠦᠭᠰᠢᠭᠦᠷᠢ ᠶᠢ ᠬᠠᠮᠤᠭ ᠤᠨ ᠳᠣᠣᠷ᠎ᠠ ᠬᠡᠮᠵᠢᠶᠡᠨ ᠳᠤ ᠭᠦᠷᠲᠡᠯ᠎ᠡ ᠪᠠᠭᠤᠷᠠᠭᠤᠯᠵᠤ᠂ ᠬᠡᠦᠬᠡᠳ ᠤᠳ ᠢ ᠪᠠᠶᠠᠷ ᠭᠦᠷ ᠲᠠᠢ ᠰᠠᠨᠠᠭ᠎ᠠ ᠠᠮᠤᠷ ᠬᠥᠳᠡᠯᠭᠡᠭᠡᠨ ᠬᠢᠯᠭᠡᠬᠦ ᠬᠡᠷᠡᠭᠲᠡᠢ᠃ ᠡᠭᠦᠨ ᠤ ᠬᠠᠮᠲᠤ᠂ ᠰᠤᠷᠭᠠᠭᠤᠯᠢ ᠠᠴᠠ ᠭᠡᠷ ᠪᠦᠯᠢ ᠰᠤᠷᠭᠠᠭᠤᠯᠢ ᠨᠡᠶᠢᠭᠡᠮ ᠤᠨ ᠬᠠᠮᠵᠢᠯᠴᠠᠭ᠎ᠠ ᠪᠠᠨ ᠨᠢᠭᠲᠠᠷᠠᠭᠤᠯᠵᠤ᠂ ᠭᠡᠷ ᠤᠨ ᠠᠬᠠᠮᠠᠳ ᠤᠨ ᠣᠶᠢᠯᠠᠭᠠᠯᠲᠠ ᠪᠠ ᠨᠡᠶᠢᠭᠡᠮ ᠤᠨ ᠳᠡᠮᠵᠢᠯᠭᠡ ᠶᠢ ᠴᠢᠷᠮᠠᠶᠢᠨ ᠣᠯᠵᠤ᠂ ᠰᠤᠷᠤᠬᠴᠢᠳ ᠤᠨ ᠬᠢᠴᠢᠶᠡᠯ ᠤᠨ ᠵᠠᠪᠰᠠᠷᠯᠠᠭ᠎ᠠ ᠶᠢᠨ ᠬᠡᠪ ᠤᠨ ᠬᠥᠳᠡᠯᠭᠡᠭᠡᠨ ᠢ  ᠬᠠᠮᠲᠤ ᠪᠠᠷ ᠴᠢᠷᠮᠠᠶᠢᠨ ᠪᠠᠲᠤᠯᠠᠵᠤ᠂ ᠰᠤᠷᠤᠬᠴᠢᠳ ᠤᠨ ᠡᠷᠡᠭᠦᠯ ᠢᠶᠠᠷ ᠦᠰᠦᠨ ᠪᠣᠶᠢᠵᠢᠬᠤ ᠪᠠ ᠪᠦᠭᠦ ᠲᠠᠯ᠎ᠠ ᠪᠠᠷ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号