ᠬᠤᠷᠢᠨᠭᠡᠷ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠭᠦᠢᠯᠭᠡᠭᠡᠨ ᠤ ᠬᠦᠷᠢᠶᠡᠨ ᠳᠠᠬᠢ ᠢᠳᠡᠭᠡᠨ ᠤ ᠠᠮᠤᠷ ᠲᠦᠪᠰᠢᠨ ᠤ ᠡᠳᠦᠷ ᠲᠤᠲᠤᠮ ᠤᠨ ᠬᠢᠨᠠᠯᠲᠠ ᠪᠠᠶᠢᠴᠠᠭᠠᠯᠲᠠ ᠶᠢ ᠴᠢᠩᠭᠠᠷᠠᠭᠤᠯᠪᠠ
ᠨᠡᠶᠢᠲᠡᠯᠡᠭᠰᠡᠨ ᠴᠠᠭ᠄
2023/11/14
     ᠢᠳᠡᠭᠡᠨ ᠤ ᠭᠦᠢᠯᠭᠡᠭᠡᠨ ᠤ ᠵᠠᠩᠭᠢᠯᠠᠭ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠥᠷᠭᠡᠨ ᠣᠯᠠᠨ ᠠᠷᠠᠳ ᠲᠦᠮᠡᠨ ᠤ ᠢᠳᠡᠭᠡᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠬᠤᠷᠢᠨᠭᠡᠷ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠭᠦᠢᠯᠭᠡᠭᠡᠨ ᠤ ᠬᠦᠷᠢᠶᠡᠨ ᠳᠠᠬᠢ ᠢᠳᠡᠭᠡᠨ ᠤ ᠠᠮᠤᠷ ᠲᠦᠪᠰᠢᠨ ᠤ ᠡᠳᠦᠷ ᠲᠤᠲᠤᠮ ᠤᠨ ᠬᠢᠨᠠᠯᠲᠠ ᠪᠠᠶᠢᠴᠠᠭᠠᠯᠲᠠ ᠶᠢ ᠴᠢᠩᠭᠠᠷᠠᠭᠤᠯᠪᠠ᠃      ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ᠂ ᠭᠡᠷᠡᠴᠢ ᠪᠠᠷᠢᠮᠲᠠ ᠠᠪᠬᠤ᠂ ᠦᠢᠯᠡᠳᠪᠦᠷᠢᠯᠡᠭᠰᠡᠨ ᠡᠳᠦᠷ ᠬᠤᠭᠤᠴᠠᠭ᠎ᠠ᠂ ᠴᠢᠨᠠᠷ ᠢ ᠪᠠᠲᠤᠯᠠᠬᠤ ᠬᠤᠭᠤᠴᠠᠭ᠎ᠠ᠂ ᠠᠵᠢᠯᠯᠠᠵᠤ ᠪᠠᠶᠢᠭ᠎ᠠ ᠬᠥᠮᠦᠰ ᠤᠨ ᠡᠷᠡᠭᠦᠯ ᠮᠡᠨᠳᠦ ᠶᠢᠨ ᠭᠡᠷᠡᠴᠢ ᠵᠡᠷᠭᠡ ᠠᠭᠤᠯᠭ᠎ᠠ ᠶᠢ ᠭᠤᠤᠯᠳᠠᠯᠭ᠎ᠠ ᠲᠠᠢ ᠪᠠᠶᠢᠴᠠᠭᠠᠨ᠎ᠠ᠃ ᠡᠭᠦᠨ ᠤ ᠬᠠᠮᠲᠤ᠂ ᠬᠠᠤᠯᠢ ᠬᠡᠷᠡᠭᠵᠢᠭᠦᠯᠬᠦ ᠠᠵᠢᠯᠲᠠᠨ ᠡᠵᠡᠩᠨᠡᠭᠴᠢᠳ ᠢ ᠰᠢᠪᠠᠳᠠᠨ ᠢᠳᠡᠭᠡᠨ ᠤ ᠠᠮᠤᠷ ᠲᠦᠪᠰᠢᠨ ᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠦᠨᠡᠨ ᠬᠦ ᠴᠢᠩᠭᠠᠳᠬᠠᠵᠤ᠂ ᠥᠪᠡᠷ ᠢ ᠪᠠᠨ ᠱᠠᠭᠠᠷᠳᠠᠬᠤ ᠶᠢ ᠴᠢᠩᠭᠠᠳᠬᠠᠨ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠵᠡᠷᠭᠡ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠶᠢ ᠰᠠᠬᠢᠵᠤ ᠡᠵᠡᠩᠨᠡᠬᠦ᠂ ᠦᠨᠡᠨᠴᠢ ᠢᠲᠡᠭᠡᠮᠵᠢᠲᠡᠶ ᠪᠠᠷ ᠡᠵᠡᠩᠨᠡᠬᠦ᠂ ᠪᠣᠯᠪᠠᠰᠤᠨ ᠢᠶᠠᠷ ᠡᠵᠡᠩᠨᠡᠬᠦ ᠶᠢ ᠪᠡᠶᠡᠯᠡᠭᠦᠯᠬᠦ ᠬᠡᠷᠡᠭᠲᠡᠶ᠃      11 ᠰᠠᠷ᠎ᠠ ᠠᠴᠠ ᠨᠠᠰᠢ᠂ ᠨᠡᠶᠢᠲᠡ 140 ᠭᠠᠷᠤᠶ ᠡᠷᠦᠬᠡ ᠤᠳᠠᠭ᠎ᠠ ᠪᠠᠶᠢᠴᠠᠭᠠᠵᠤ᠂ 360 ᠭᠠᠷᠤᠶ ᠬᠥᠮᠦᠨ ᠤᠳᠠᠭ᠎ᠠ ᠬᠠᠤᠯᠢ ᠬᠡᠷᠡᠭᠵᠢᠭᠦᠯᠬᠦ ᠠᠵᠢᠯᠲᠠᠨ ᠢ ᠬᠥᠳᠡᠯᠭᠡᠵᠡᠶ᠃ ᠲᠠᠷᠠᠭᠠᠴᠢ ᠶᠢᠨ ᠠᠯᠬᠤᠮ ᠳᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠢᠳᠡᠭᠡᠨ ᠤ ᠵᠦᠢᠯ ᠤᠨ ᠭᠦᠢᠯᠭᠡᠭᠡᠨ ᠤ ᠡᠵᠡᠩᠨᠡᠯᠲᠡ ᠶᠢᠨ ᠨᠢᠭᠡᠴᠢ ᠶᠢᠨ ᠡᠳᠦᠷ ᠲᠤᠲᠤᠮ ᠤᠨ ᠬᠢᠨᠠᠯᠲᠠ ᠪᠠᠶᠢᠴᠠᠭᠠᠯᠲᠠ ᠶᠢ ᠦᠷᠭᠦᠯᠵᠢᠯᠡᠨ ᠴᠢᠩᠭᠠᠳᠬᠠᠵᠤ᠂ ᠢᠳᠡᠭᠡᠨ ᠤ ᠵᠦᠢᠯ ᠤᠨ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠶ ᠳᠤᠨᠢ ᠠᠷᠢᠯᠭᠠᠵᠤ᠂ ᠬᠠᠷᠢᠶ᠎ᠠ ᠣᠷᠣᠨ ᠤ ᠢᠳᠡᠭᠡᠨ ᠤ ᠠᠮᠣᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠬᠡᠷᠡᠭᠲᠡᠢ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号