ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠴᠢᠬᠤᠯᠠ ᠶᠡᠭᠡ ᠡᠨᠧᠷᠭᠢ ᠶᠢᠨ ᠲᠥᠷᠥᠯ ᠵᠦᠢᠯ ᠤᠨ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠬᠦ ᠶᠢ ᠬᠢᠨᠠᠨ ᠵᠥᠪᠰᠢᠶᠡᠷᠡᠬᠦ ᠲᠤᠬᠠᠶ ᠶᠢᠨ ᠲᠠᠯᠠᠪᠤᠷ ᠤᠨ ᠪᠠᠶᠢᠴᠠᠭᠠᠨ ᠰᠢᠯᠭᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2023/11/14
     ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠲᠥᠷᠥᠯ ᠵᠦᠢᠯ ᠢ ᠠᠳᠬᠤᠬᠤ ᠶᠠᠪᠤᠳᠠᠯ ᠢ ᠪᠦᠬᠦ ᠬᠤᠲᠠ ᠶᠢᠨ ︽ᠲᠡᠷᠢᠭᠦᠨ ᠢᠨᠵᠧᠨᠧᠷᠢᠩ︾ ᠤᠨ ᠶᠡᠷᠦᠩᠬᠡᠶ ᠪᠠᠶᠢᠷᠢᠯᠠᠭᠤᠯᠤᠯᠲᠠ ᠪᠣᠯᠭᠠᠬᠤ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠢᠬᠤᠯᠠ ᠶᠡᠭᠡ ᠲᠥᠷᠥᠯ ᠵᠦᠢᠯ ᠢ ᠡᠷᠲᠡᠬᠡᠨ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠤᠰᠠᠳᠠ᠂ 11 ᠰᠠᠷ᠎ᠠ ᠶᠢᠨ ᠡᠬᠢ ᠪᠠᠷ᠂ ᠬᠤᠲᠠ ᠶᠢᠨ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠲᠤᠬᠠᠶ ᠶᠢᠨ ᠲᠠᠯᠠᠪᠤᠷ ᠤᠨ ᠪᠠᠶᠢᠴᠠᠭᠠᠨ ᠰᠢᠯᠭᠠᠬᠤ ᠳᠤᠭᠤᠶᠢᠯᠠᠩ ᠲᠣᠮᠢᠯᠠᠵᠤ᠂ ︽ᠪᠥᠬᠦ ᠤᠯᠤᠰ ᠤᠨ ᠨᠢᠭᠡ ᠴᠤᠭᠴᠠᠵᠢᠭᠰᠠᠨ ᠪᠤᠳᠤᠬᠤ ᠬᠦᠴᠦᠨ ᠤ ᠲᠣᠤᠷ ᠰᠦᠯᠵᠢᠶ᠎ᠡ ᠶᠢᠨ ᠬᠤᠷᠢᠨᠭᠡᠷ ᠳ᠋ᠠᠶᠢᠲ᠋ᠠ ᠶᠢᠨ ᠲᠥᠪ ᠤᠨ ᠪᠦᠯᠦᠭᠯᠡᠯ ᠤᠨ ᠪᠣᠬᠢᠷᠲᠤᠯ ᠥᠬᠡᠶ ᠡᠨᠧᠷᠭᠢ ᠶᠢᠨ ᠬᠠᠩᠭᠠᠯᠭ᠎ᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ︵ᠮᠠᠯ ᠠᠵᠤ ᠠᠬᠤᠶ ᠬᠡᠷᠡᠯ ᠤᠨ ᠬᠠᠷᠢᠯᠴᠠᠨ ᠨᠥᠬᠦᠪᠥᠷᠢᠯᠡᠬᠦ ᠬᠡᠰᠡᠭ︶︾᠂ ︽ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠥᠨᠳᠥᠷ ᠬᠦᠴᠦᠳᠡᠯᠲᠦ ᠴᠠᠬᠢᠯᠭᠠᠨ ᠱᠤᠭᠤᠮ ᠢ ᠨᠡᠭᠦᠯᠭᠡᠨ ᠥᠭᠡᠷᠡᠴᠢᠯᠡᠬᠦ ᠢᠨᠵᠧᠨᠧᠷᠢᠩ︾ ᠭᠡᠬᠦ ᠬᠤᠶᠠᠷ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠡᠨᠧᠷᠭᠢ ᠶᠢᠨ ᠲᠥᠷᠥᠯ ᠵᠦᠢᠯ ᠳᠤ ᠲᠤᠬᠠᠶ ᠶᠢᠨ ᠲᠠᠯᠠᠪᠤᠷ ᠤᠨ ᠪᠠᠶᠢᠴᠠᠭᠠᠨ ᠰᠢᠯᠭᠠᠯᠲᠠ ᠬᠢᠯᠭᠡᠪᠡ᠃ ᠰᠢᠶᠠᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠨᠤᠲᠤᠭ ᠪᠡᠯᠴᠢᠭᠡᠷ ᠤᠨ ᠠᠵᠢᠯ ᠤᠨ ᠥᠷᠲᠡᠭᠡ ᠶᠢᠨ ᠠᠵᠢᠯᠲᠠᠳ ᠪᠠᠶᠢᠴᠠᠭᠠᠨ ᠰᠢᠯᠭᠠᠬᠤ ᠠᠵᠢᠯ ᠳᠤ ᠬᠠᠮᠲᠤ ᠳᠤᠨᠢ ᠣᠷᠣᠯᠴᠠᠪᠠ᠃      ᠪᠠᠶᠢᠴᠠᠭᠠᠨ ᠰᠢᠯᠭᠠᠬᠤ ᠳᠤᠭᠤᠶᠢᠯᠠᠩ ᠤᠨ ᠬᠢᠨ ᠮᠠᠲ᠋ᠧᠷᠢᠶᠠᠯ ᠪᠠᠶᠢᠴᠠᠭᠠᠨ ᠦᠵᠡᠬᠦ᠂ ᠶᠠᠷᠢᠯᠴᠠᠬᠤ ᠬᠤᠷᠠᠯ ᠬᠤᠷᠠᠯᠳᠤᠭᠤᠯᠬᠤ ᠬᠡᠯᠪᠡᠷᠢ ᠪᠠᠷ ᠳᠠᠮᠵᠢᠭᠤᠯᠤᠨ᠂ ᠲᠤᠰ ᠵᠦᠢᠯᠡᠰ ᠤᠨ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠬᠦ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠭᠠᠷ ᠭᠦᠢᠴᠡᠳᠬᠡᠯ ᠤᠨ ᠬᠤᠯᠪᠣᠭᠳᠠᠯ ᠪᠦᠬᠦᠢ ᠮᠠᠲ᠋ᠧᠷᠢᠶᠠᠯ ᠢ ᠬᠢᠨᠠᠨ ᠦᠵᠡᠵᠦ᠂ ᠬᠡᠰᠡᠭ ᠲᠤᠰᠬᠤᠨ ᠤ ᠠᠷᠠᠳ᠂ ᠵᠦᠢᠯᠡᠰ ᠤᠨ ᠨᠢᠭᠡᠴᠢ ᠵᠢᠴᠢ ᠪᠤᠰᠤᠳ ᠬᠤᠯᠪᠣᠭᠳᠠᠯ ᠪᠦᠬᠦᠢ ᠨᠢᠭᠡᠴᠢ ᠶᠢᠨ ᠬᠥᠮᠦᠰ ᠲᠠᠢ ᠬᠤᠷᠠᠯ ᠬᠢᠵᠦ ᠶᠠᠷᠢᠯᠴᠠᠬᠤ ᠬᠤᠷᠠᠯ ᠬᠢᠭᠰᠡᠨ ᠪᠥᠭᠡᠳ ᠵᠦᠢᠯᠡᠰ ᠤᠨ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠬᠦ᠂ ᠬᠡᠷᠡᠭᠯᠡᠬᠦ ᠬᠡᠪᠴᠢᠶ᠎ᠡ ᠶᠢ ᠲᠤᠬᠠᠶ ᠶᠢᠨ ᠭᠠᠵᠠᠷ ᠲᠤᠨᠢ ᠬᠢᠨᠠᠨ ᠬᠠᠷᠭᠤᠭᠤᠯᠤᠭᠰᠠᠨ ᠪᠠᠶᠢᠨ᠎ᠠ᠃ ᠲᠤᠬᠠᠶ ᠶᠢᠨ ᠲᠠᠯᠠᠪᠠᠶ ᠶᠢᠨ ᠪᠠᠶᠢᠴᠠᠭᠠᠨ ᠰᠢᠯᠭᠠᠯᠲᠠ ᠪᠠᠷ ᠳᠡᠮᠵᠢᠨ᠂ ᠲᠣᠰ ᠲᠥᠷᠥᠯ ᠵᠦᠢᠯ ᠤᠨ ᠡᠵᠡᠯᠡᠬᠦ ᠪᠠᠷ ᠲᠥᠯᠥᠪᠯᠡᠵᠦ ᠪᠠᠶᠢᠭ᠎ᠠ ᠭᠠᠵᠠᠷ ᠤᠨ ᠬᠡᠪᠴᠢᠶ᠎ᠡ ᠨᠢ ᠬᠠᠶᠢᠨ ᠬᠡᠮᠵᠢᠵᠦ ᠵᠠᠭᠠᠭ ᠲᠣᠭᠲᠠᠭᠠᠬᠤ ᠬᠡᠪᠴᠢᠶ᠎ᠡ ᠲᠠᠢ ᠨᠢᠭᠡᠳᠦᠯᠲᠡᠶ ᠪᠠᠶᠢᠵᠤ᠂ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠬᠦ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠨᠥᠬᠦᠴᠡᠯ ᠳᠤ ᠨᠡᠶᠢᠴᠡᠨ᠎ᠡ ᠭᠡᠵᠦ ᠦᠵᠡᠪᠡ᠃      ᠪᠠᠶᠢᠴᠠᠭᠠᠨ ᠰᠢᠯᠭᠠᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠨᠤᠲᠤᠭ ᠪᠡᠯᠴᠢᠭᠡᠷ᠂ ᠣᠶᠢᠲᠤ ᠭᠠᠵᠠᠷ ᠢ ᠬᠠᠮᠠᠭᠠᠯᠠᠬᠤ ᠪᠣᠯ ᠥᠪᠥᠷ ᠮᠣᠩᠭᠤᠯ ᠤᠨ ᠠᠮᠢ ᠠᠬᠤᠶ ᠶᠢᠨ ᠰᠢᠰᠲ᠋ᠧᠮ ᠤᠨ ᠬᠠᠮᠠᠭᠠᠯᠠᠯᠲᠠ ᠶᠢᠨ ᠲᠡᠷᠢᠭᠦᠨ ᠴᠢᠬᠤᠯᠠ ᠡᠭᠦᠷᠭᠡ ᠮᠥᠨ ᠭᠡᠬᠦ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠷᠥᠯ ᠵᠦᠢᠯ ᠳᠤ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠬᠦ ᠶᠢ ᠴᠢᠩᠭ᠎ᠠ ᠬᠢᠨᠠᠨ ᠬᠠᠷᠭᠤᠭᠤᠯᠵᠤ᠂ ᠱᠠᠭᠠᠷᠳᠠᠯᠭ᠎ᠠ ᠳᠤ ᠨᠡᠶᠢᠴᠡᠬᠦ ᠥᠬᠡᠶ ᠲᠥᠷᠥᠯ ᠵᠦᠢᠯ ᠢ ᠴᠥᠮ ᠬᠢᠨᠠᠨ ᠬᠠᠷᠭᠤᠭᠤᠯᠵᠤ ᠪᠠᠲᠤᠯᠠᠭᠤᠯᠵᠤ ᠪᠣᠯᠬᠤ ᠥᠬᠡᠶ᠃ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠴᠠᠭ ᠲᠤᠬᠠᠶ ᠳᠤᠨᠢ ᠬᠢᠨᠠᠨ ᠬᠠᠮᠢᠶᠠᠷᠴᠤ᠂ ᠵᠥᠪᠰᠢᠶᠡᠷᠡᠭᠦᠯᠦᠭᠡᠳᠦᠶ ᠪᠠᠷ ᠤᠷᠢᠳᠠᠪᠠᠷ ᠪᠠᠶᠢᠭᠤᠯᠬᠤ᠂ ᠴᠥᠭᠡᠨ ᠵᠥᠪᠰᠢᠶᠡᠷᠡᠭᠦᠯᠦᠭᠡᠳ ᠢᠯᠡᠭᠦᠤ ᠡᠵᠡᠯᠡᠬᠦ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠡᠭᠦᠰᠬᠦ ᠶᠢ ᠬᠢᠨᠠᠮᠠᠭᠠᠶ ᠰᠡᠷᠭᠡᠶᠢᠯᠡᠵᠦ᠂ ᠬᠤᠪᠣᠷ ᠨᠠᠨᠳᠢᠨ ᠨᠤᠲᠤᠭ ᠪᠡᠯᠴᠢᠭᠡᠷ ᠤᠨ ᠡᠬᠢ ᠪᠠᠶᠠᠯᠢᠭ ᠢ ᠦᠨᠡᠨᠬᠦ ᠰᠠᠶᠢᠲᠤᠷ ᠬᠠᠮᠠᠭᠠᠯᠠᠬᠤ ᠬᠡᠷᠡᠭᠲᠡᠶ ᠭᠡᠪᠡ᠃      ᠲᠠᠷᠠᠭᠠᠴᠢ ᠶᠢᠨ ᠠᠯᠬᠤᠮ ᠳᠤ᠂ ᠰᠢᠶᠠᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠴᠢᠬᠤᠯᠠ ᠶᠡᠭᠡ ᠵᠦᠢᠯᠡᠰ ᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠢᠳᠡᠪᠬᠢᠲᠡᠶ ᠪᠠᠷ ᠳᠡᠭᠡᠭᠰᠢ ᠮᠡᠳᠡᠭᠦᠯᠦᠨ ᠨᠡᠪᠲᠡᠷᠡᠯᠴᠡᠵᠦ᠂ ᠵᠦᠢᠯᠡᠰ ᠢ ᠬᠢᠨᠠᠨ ᠵᠥᠪᠰᠢᠶᠡᠷᠡᠬᠦ ᠶᠢ ᠲᠤᠰᠬᠠᠶ ᠵᠦᠢᠯ ᠢᠶᠠᠷ ᠳᠥᠯᠭᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠴᠢᠬᠤᠯᠠ ᠶᠡᠭᠡ ᠡᠨᠧᠷᠭᠢ ᠶᠢᠨ ᠵᠦᠢᠯᠡᠰ ᠤᠨ ᠨᠤᠲᠤᠭ ᠪᠡᠯᠴᠢᠭᠡᠷ ᠤᠨ ᠭᠠᠷ ᠭᠦᠢᠴᠡᠳᠬᠡᠯ ᠢ ᠤᠷᠤᠭᠰᠢᠲᠠᠶ ᠤᠯᠬᠤ ᠶᠢ ᠦᠨᠡᠨ ᠬᠦ ᠪᠠᠲᠤᠯᠠᠵᠤ᠂ ᠪᠥᠬᠦ ᠰᠢᠶᠠᠨ ᠤ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠪᠠ ᠬᠤᠳᠠᠯᠳᠤᠭ᠎ᠠ ᠡᠷᠭᠢᠯᠡᠬᠦ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠬᠤ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号