ᠬᠤᠷᠢᠨᠭᠡᠷ ᠰᠢᠶᠠᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ 2023 ᠣᠨ ᠤ ᠪᠥᠬᠦ ᠰᠢᠶᠠᠨ ᠤ ᠠᠵᠢᠯᠲᠠᠨ ᠠᠵᠢᠯᠴᠢᠨ ᠤ ᠡᠮᠴᠢᠯᠡᠭᠡ ᠶᠢᠨ ᠳᠠᠭᠠᠳᠬᠠᠯ ᠳᠤ ᠣᠷᠣᠯᠴᠠᠭᠰᠠᠨ ᠨᠢᠭᠡᠴᠢ ᠶᠢᠨ ᠭᠠᠷᠲᠠᠨ ᠭᠦᠢᠴᠡᠳᠬᠡᠭᠴᠢ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2023/11/14
     ᠠᠵᠢᠯᠲᠠᠨ ᠠᠵᠢᠯᠴᠢᠨ ᠤ ᠡᠮᠴᠢᠯᠡᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠡᠮᠴᠢᠯᠡᠭᠡ ᠶᠢᠨ ᠳᠠᠭᠠᠳᠬᠠᠯ ᠤᠨ ᠭᠠᠷᠲᠠᠨ ᠭᠦᠢᠴᠡᠳᠬᠡᠬᠦ ᠠᠵᠢᠯᠲᠠᠨ ᠤ ᠲᠥᠷᠥ ᠶᠢᠨ ᠪᠣᠳᠣᠯᠭ᠎ᠠ ᠣᠨᠣᠯ ᠤᠨ ᠬᠢᠷᠢ ᠲᠦᠪᠰᠢᠨ ᠵᠢᠴᠢ ᠲᠤᠬᠠᠶᠢᠯᠠᠭᠰᠠᠨ ᠠᠵᠢᠯ ᠤᠨ ᠭᠠᠷᠲᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠵᠦ᠂ ᠡᠮᠴᠢᠯᠡᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠢ ︽ᠰᠦᠯᠵᠢᠶᠡᠨ ᠳᠡᠭᠡᠷ᠎ᠡ ᠭᠦᠢᠴᠡᠳᠬᠡᠬᠦ︾᠂ ︽ᠠᠯᠠᠭᠠᠨ ᠳᠡᠭᠡᠷ᠎ᠡ ᠠᠴᠠ ᠭᠦᠢᠴᠡᠳᠬᠡᠬᠦ︾ ᠵᠠᠭᠪᠤᠷ ᠢ ᠲᠦᠭᠡᠮᠡᠯᠵᠢᠭᠦᠯᠵᠦ᠂ ᠳᠠᠭᠠᠳᠬᠠᠯ ᠳᠤ ᠣᠷᠣᠯᠴᠠᠭᠰᠠᠨ ᠨᠢᠭᠡᠴᠢ ᠶᠢᠨ ᠡᠮᠴᠢᠯᠡᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠠᠵᠢᠯᠯᠠᠭ᠎ᠠ ᠶᠢ ᠵᠢᠷᠤᠮᠵᠢᠭᠤᠯᠤᠨ᠂ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠡᠮᠴᠢᠯᠡᠭᠡ ᠶᠢᠨ ᠳᠠᠭᠠᠳᠬᠠᠯ ᠤᠨ ᠬᠠᠷᠠᠭᠠᠯᠵᠠᠯ ᠢ ᠴᠠᠭ ᠲᠤᠬᠠᠶ ᠳᠤᠨᠢ᠂ ᠪᠥᠬᠦ ᠲᠠᠯ᠎ᠠ ᠪᠠᠷ᠂ ᠨᠠᠷᠢᠯᠢᠭ ᠣᠨᠣᠴᠠᠲᠠᠶ ᠪᠠᠷ ᠭᠥᠷᠳᠡᠬᠦ ᠶᠢ ᠦᠨᠡᠨ ᠬᠦ ᠪᠠᠲᠤᠯᠠᠵᠤ᠂ 11 ᠰᠠᠷ᠎ᠠ ᠶᠢᠨ 9 ᠤ ᠡᠳᠦᠷ᠂ ᠬᠤᠷᠢᠨᠭᠡᠷ ᠰᠢᠶᠠᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ 2023 ᠣᠨ ᠤ ᠪᠥᠬᠦ ᠰᠢᠶᠠᠨ ᠤ ᠠᠵᠢᠯᠲᠠᠨ ᠠᠵᠢᠯᠴᠢᠨ ᠤ ᠡᠮᠴᠢᠯᠡᠭᠡ ᠶᠢᠨ ᠳᠠᠭᠠᠳᠬᠠᠯ ᠳᠤ ᠣᠷᠣᠯᠴᠠᠭᠰᠠᠨ ᠨᠢᠭᠡᠴᠢ ᠶᠢᠨ ᠭᠠᠷᠲᠠᠨ ᠭᠦᠢᠴᠡᠳᠬᠡᠬᠦ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠪᠥᠬᠦ ᠰᠢᠶᠠᠨ ᠤ ᠡᠯ᠎ᠡ ᠲᠥᠷᠥᠯ ᠤᠨ ᠠᠵᠢᠯᠲᠠᠨ ᠠᠵᠢᠯᠴᠢᠨ ᠤ ᠡᠮᠴᠢᠯᠡᠭᠡ ᠶᠢᠨ ᠳᠠᠭᠠᠳᠬᠠᠯ ᠳᠤ ᠣᠷᠣᠯᠴᠠᠭᠰᠠᠨ ᠨᠢᠭᠡᠴᠢ ᠶᠢᠨ ᠨᠡᠶᠢᠲᠡ 120 ᠭᠠᠷᠤᠶ ᠠᠵᠢᠯᠲᠠᠨ ᠪᠣᠯᠪᠠᠰᠤᠷᠠᠭᠤᠯᠤᠯ ᠳᠤ ᠣᠷᠣᠯᠴᠠᠵᠠᠶ᠃      ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠰᠢᠶᠠᠨ ᠤ ᠡᠮᠴᠢᠯᠡᠭᠡ ᠶᠢᠨ ᠳᠠᠭᠠᠳᠬᠠᠯ ᠤᠨ ᠲᠥᠪ ᠤᠨ ᠡᠷᠬᠢᠯᠡᠭᠴᠢ ᠠᠵᠢᠯᠲᠠᠨ ᠠᠵᠢᠯᠴᠢᠨ ᠤ ᠡᠮᠴᠢᠯᠡᠭᠡ ᠶᠢᠨ ᠡᠮᠴᠢᠯᠡᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠵᠢᠴᠢ ᠬᠠᠷᠠᠭᠠᠯᠵᠠᠯ ᠤᠨ ᠳᠠᠩᠰᠠ ᠲᠠᠶᠢᠯᠬᠤ ᠠᠵᠢᠯ ᠠᠴᠠ ᠪᠠᠨ ᠪᠠᠭᠤᠵᠤ ᠠᠮᠠᠷᠠᠭᠰᠠᠳ ᠡᠮᠴᠢᠯᠡᠭᠡ ᠶᠢᠨ ᠳᠠᠭᠠᠳᠬᠠᠯ ᠤᠨ ᠠᠵᠢᠯ ᠠᠴᠠ ᠪᠠᠨ ᠪᠠᠭᠤᠵᠤ ᠠᠮᠠᠷᠠᠬᠤ᠂ ᠣᠨᠳᠣᠣ ᠭᠠᠵᠠᠷ ᠲᠤ ᠡᠮᠨᠡᠭᠦᠯᠬᠦ ᠶᠢ ᠳᠠᠩᠰᠠᠯᠠᠭᠤᠯᠬᠤ ᠭᠤᠶᠤᠴᠢᠯᠠᠯ᠂ ᠮᠤᠵᠢ ᠠᠯᠤᠰᠯᠠᠨ ᠰᠢᠯᠵᠢᠭᠦᠯᠵᠦ ᠵᠠᠯᠭᠠᠭᠤᠯᠬᠤ ᠭᠤᠶᠤᠴᠢᠯᠠᠯ᠂ ᠡᠮᠴᠢᠯᠡᠭᠡ ᠶᠢᠨ ᠳᠠᠭᠠᠳᠬᠠᠯ ᠤᠨ ᠡᠯᠧᠺᠲᠷᠣᠨ ᠬᠡᠷᠡᠴᠢ ᠪᠠᠷᠢᠮᠲᠠ ᠶᠢ ᠠᠮᠢᠯᠠᠭᠤᠯᠬᠤ ᠪᠠ ᠬᠡᠷᠡᠭᠯᠡᠬᠦ᠂ ᠶᠡᠭᠡ ᠲᠣᠭᠠᠨ ᠤ ᠳᠠᠭᠠᠳᠬᠠᠯ᠂ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠣᠨᠴᠠ ᠡᠪᠡᠳᠴᠢᠨ ᠤ ᠭᠤᠶᠤᠴᠢᠯᠠᠯ ᠵᠡᠷᠭᠡ ᠬᠤᠳᠠ ᠪᠠᠯᠭᠠᠰᠤᠨ ᠤ ᠠᠵᠢᠯᠳᠠᠨ ᠠᠵᠢᠯᠴᠢᠨ ᠤ ᠡᠮᠴᠢᠯᠡᠭᠡ ᠶᠢᠨ ᠳᠠᠭᠠᠳᠬᠠᠯ ᠤᠨ ᠲᠦᠷᠦ ᠶᠢᠨ ᠪᠤᠳᠤᠯᠭ᠎ᠠ ᠶᠢᠨ ᠲᠠᠯ᠎ᠠ ᠶᠢᠨ ᠠᠭᠤᠯᠭ᠎ᠠ ᠪᠠ ᠬᠤᠳᠠ ᠪᠠᠯᠭᠠᠰᠤᠨ ᠤ ᠠᠵᠢᠯᠳᠠᠨ ᠠᠵᠢᠯᠴᠢᠨ ᠤ ᠡᠮᠴᠢᠯᠡᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠢ ᠭᠠᠷᠳᠠᠨ ᠬᠢᠬᠦ ᠶᠠᠪᠤᠴᠠ ᠳᠤ ᠪᠦᠬᠦ ᠲᠠᠯ᠎ᠠ ᠶᠢᠨ᠂ ᠲᠤᠰᠬᠠᠶ ᠮᠡᠷᠭᠡᠵᠢᠯ ᠤᠨ ᠴᠢᠨᠠᠷᠲᠠᠶ ᠲᠠᠶᠢᠯᠪᠤᠷᠢᠯᠠᠯᠲᠠ ᠬᠢᠪᠡ᠃ ᠡᠭᠦᠨ ᠤ ᠬᠠᠮᠲᠤ ᠡᠯ᠎ᠡ ᠲᠥᠷᠥᠯ ᠤᠨ ᠠᠵᠢᠯᠲᠠᠨ ᠠᠵᠢᠯᠴᠢᠨ ᠤ ᠡᠮᠴᠢᠯᠡᠭᠡ ᠶᠢᠨ ᠳᠠᠭᠠᠳᠬᠠᠯ ᠳᠤ ᠣᠷᠣᠯᠴᠠᠭᠰᠠᠨ ᠨᠢᠭᠡᠴᠢ ᠶᠢᠨ ᠭᠠᠷᠲᠠᠨ ᠭᠦᠢᠴᠡᠳᠬᠡᠬᠦ ᠠᠵᠢᠯᠲᠠᠨ ᠤ ᠨᠢᠭᠡᠴᠢ ᠶᠢᠨ ᠡᠮᠴᠢᠯᠡᠭᠡ ᠶᠢᠨ ᠳᠠᠭᠠᠳᠬᠠᠯ ᠤᠨ ᠠᠵᠢᠯ ᠢ ᠥᠷᠨᠢᠭᠦᠯᠬᠦ ᠶᠠᠪᠤᠴᠠ ᠳᠤ ᠲᠤᠯᠭᠠᠷᠠᠭᠰᠠᠨ ᠠᠰᠠᠭᠤᠳᠠᠯ ᠤᠨ ᠲᠤᠬᠠᠶ ᠲᠤᠬᠠᠶ ᠶᠢᠨ ᠲᠠᠯᠠᠪᠤᠷ ᠲᠤ ᠰᠣᠯᠢᠯᠴᠠᠭ᠎ᠠ ᠬᠢᠵᠦ᠂ ᠪᠣᠯᠪᠠᠰᠤᠷᠠᠭᠤᠯᠤᠯ ᠤᠨ ᠬᠠᠨᠳᠤᠯᠭᠠᠲᠤ ᠴᠢᠨᠠᠷ ᠪᠠ ᠠᠵᠢᠯᠯᠠᠭᠠᠨ ᠤ ᠴᠢᠨᠠᠷ ᠢ ᠦᠨᠡᠨ ᠬᠦ ᠳᠡᠭᠡᠭᠰᠢᠯᠡᠭᠦᠯᠪᠡ᠃      ᠲᠣᠰ ᠤᠳᠠᠭᠠᠨ ᠤ ᠪᠣᠯᠪᠠᠰᠤᠷᠠᠭᠤᠯᠤᠯ ᠤᠨ ᠬᠤᠷᠠᠯ ᠨᠢ ᠪᠥᠬᠦ ᠰᠢᠶᠠᠨ ᠤ ᠠᠵᠢᠯᠲᠠᠨ ᠠᠵᠢᠯᠴᠢᠨ ᠤ ᠡᠮᠴᠢᠯᠡᠭᠡ  ᠶᠢᠨ ᠳᠠᠭᠠᠳᠬᠠᠯ ᠳᠤ ᠣᠷᠣᠯᠴᠠᠭᠰᠠᠨ ᠨᠢᠭᠡᠴᠢ ᠶᠢᠨ ᠡᠮᠴᠢᠯᠡᠭᠡ ᠶᠢᠨ ᠳᠠᠭᠠᠳᠬᠠᠯ ᠤᠨ ᠭᠠᠷᠲᠠᠨ ᠭᠦᠢᠴᠡᠳᠬᠡᠭᠴᠢ ᠶᠢᠨ ᠡᠮᠴᠢᠯᠡᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠲᠤᠬᠠᠶ ᠣᠶᠢᠯᠠᠭᠠᠯᠲᠠ ᠶᠢ ᠦᠨᠡᠨ ᠬᠦ ᠴᠢᠩᠭᠠᠳᠬᠠᠵᠤ᠂ ᠪᠣᠳᠠᠲᠠᠶ ᠲᠤᠬᠠᠶᠢᠯᠠᠭᠰᠠᠨ ᠠᠵᠢᠯ ᠤᠨ ᠠᠵᠢᠯᠯᠠᠭᠠᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤ ᠬᠦᠴᠦᠲᠡᠶ ᠲᠤᠯᠭᠠᠭᠤᠷᠢᠯᠠᠯ ᠬᠠᠩᠭᠠᠵᠤ᠂ ᠡᠮᠴᠢᠯᠡᠭᠡ ᠶᠢᠨ ᠳᠠᠭᠠᠳᠬᠠᠯ ᠤᠨ ᠭᠠᠷᠲᠠᠨ ᠭᠦᠢᠴᠡᠳᠬᠡᠭᠴᠢ ᠶᠢᠨ ᠲᠤᠬᠠᠶᠢᠯᠠᠭᠰᠠᠨ ᠠᠵᠢᠯ ᠤᠨ ᠬᠡᠪ ᠴᠢᠨᠠᠷ᠂ ᠠᠵᠢᠯ ᠤᠨ ᠴᠢᠳᠠᠪᠤᠷᠢ ᠪᠠ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠪᠡ᠃ ᠲᠠᠷᠠᠭᠠᠴᠢ ᠶᠢᠨ ᠠᠯᠬᠤᠮ ᠳᠤ ᠂ ᠰᠢᠶᠠᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠠᠴᠠ ᠦᠷᠭᠦᠯᠵᠢᠯᠡᠨ ᠠᠵᠤ ᠠᠬᠤᠶᠢᠯᠠᠯ᠂ ᠴᠡᠭ ᠲᠣᠭᠲᠠᠭᠠᠭᠰᠠᠨ ᠡᠮᠴᠢᠯᠡᠭᠡ ᠶᠢᠨ ᠪᠠᠶᠢᠭᠤᠯᠤᠮᠵᠢ᠂ ᠰᠢᠶᠠᠩ ᠪᠠᠯᠭᠠᠰᠤ᠂ ᠰᠤᠷᠭᠠᠭᠤᠯᠢ ᠶᠢᠨ ᠡᠮᠴᠢᠯᠡᠭᠡ ᠶᠢᠨ ᠳᠠᠭᠠᠳᠬᠠᠯ ᠤᠨ ᠭᠠᠷᠲᠠᠨ ᠭᠦᠢᠴᠡᠳᠬᠡᠬᠦ ᠠᠵᠢᠯᠲᠠᠨ ᠳᠤ ᠣᠯᠠᠨ ᠲᠠᠯᠠᠪᠤᠷ ᠤᠳᠠᠭᠠᠨ ᠤ ᠪᠣᠯᠪᠠᠰᠤᠷᠠᠭᠤᠯᠤᠯ ᠡᠷᠭᠢᠯᠡᠵᠦ ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠪᠦᠬᠦᠨ ᠢ ᠬᠠᠮᠤᠷᠤᠭᠤᠯᠬᠤ ᠪᠠᠷ ᠴᠢᠷᠮᠠᠶᠢᠨ᠎ᠠ᠃ ᠡᠭᠦᠨ ᠤ ᠵᠡᠷᠭᠡ ᠳᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠤᠲᠠ ᠪᠠᠯᠭᠠᠰᠤᠨ ᠤ ᠠᠵᠢᠯᠲᠠᠨ ᠠᠵᠢᠯᠴᠢᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠥᠷᠨᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠠᠵᠢᠯ ᠦᠢᠯᠡᠰ ᠤᠨ ᠴᠢᠨᠠᠷ ᠰᠠᠶᠢᠲᠠᠢ ᠬᠦᠭᠵᠢᠯᠲᠡ ᠶᠢ ᠪᠦᠬᠦ ᠲᠠᠯ᠎ᠠ  ᠪᠠᠷ ᠲᠦᠯᠬᠢᠨ ᠠᠬᠢᠭᠤᠯᠬᠤ ᠪᠤᠯᠤᠨ᠎ᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号