ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠠᠵᠢᠯ ᠲᠥᠷᠥᠯ ᠤᠨ ᠲᠤᠰᠬᠠᠢ ᠠᠵᠢᠯᠲᠠᠨ ᠡᠯᠰᠡᠬᠦ ᠴᠤᠭᠯᠠᠭᠠᠨ ᠶᠠᠪᠤᠭᠳᠠᠪᠠ
ᠨᠡᠶᠢᠲᠡᠯᠡᠭᠰᠡᠨ ᠴᠠᠭ᠄
2023/11/14
 
     11 ᠳ᠋ᠦ᠋ᠭᠡᠷ ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠭᠤᠣᠯᠯᠠᠨ ᠡᠷᠭᠢᠯᠡᠵᠦ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠠᠴᠠ ᠳᠠᠭᠠᠭᠠᠨ ᠡᠷᠭᠢᠯᠡᠭᠰᠡᠨ ︽ᠥᠪᠥᠷ ᠮᠣᠩᠭᠤᠯ ᠢᠶᠠᠨ ᠬᠠᠶᠢᠷᠠᠯᠠᠵᠤ · ᠤᠮᠠᠷᠠᠲᠤ ᠬᠢᠯᠢ ᠳᠤ ᠬᠦᠰᠡᠯ ᠢᠶᠠᠨ ᠲᠡᠷᠭᠡᠯᠰᠢᠭᠦᠯᠦᠶ᠎ᠡ︾ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠠᠵᠢᠯ ᠲᠥᠷᠥᠯ ᠤᠨ ᠲᠤᠰᠬᠠᠢ ᠠᠵᠢᠯᠲᠠᠨ ᠡᠯᠰᠡᠬᠦ ᠴᠤᠭᠯᠠᠭᠠᠨ ᠵᠢᠴᠢ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ 2024 ᠣᠨ ᠤ ᠲᠡᠭᠦᠰᠬᠦ ᠤᠶᠤᠲᠠᠳ ᠤᠨ ᠡᠪᠦᠯ ᠤᠨ ᠤᠯᠠᠷᠢᠯ ᠤᠨ ᠠᠵᠢᠯ ᠣᠯᠭᠤᠯᠲᠠ ᠶᠢᠨ ᠵᠥᠪᠳᠡᠯᠴᠡᠭᠡᠷ ᠤᠨ ᠬᠤᠷᠠᠯ ᠰᠠᠶᠢᠬᠠᠨ ᠰᠤᠷᠭᠠᠭᠤᠯᠢ ᠶᠢᠨ ᠲᠣᠭᠤᠷᠢᠭ ᠲᠤ ᠶᠠᠪᠤᠭᠳᠠᠪᠠ᠃      ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠳᠤ ᠨᠡᠶᠢᠲᠡ 232 ᠪᠠᠶᠢᠭᠤᠯᠭ᠎ᠠ ᠨᠢᠭᠡᠴᠢ ᠣᠷᠣᠯᠴᠠᠵᠤ᠂ 6928 ᠠᠵᠢᠯ ᠤᠨ ᠪᠠᠶᠢᠷᠢ ᠬᠠᠩᠭᠠᠵᠤ᠂ ᠣᠷᠣᠨ ᠤ ᠳᠣᠲᠤᠨ᠎ᠠ ᠭᠠᠳᠠᠨᠠᠬᠢ ᠶᠡᠭᠡ ᠳᠡᠭᠡᠳᠦ ᠰᠤᠷᠭᠠᠭᠤᠯᠢ ᠶᠢᠨ ᠲᠦᠮᠡ ᠰᠢᠬᠠᠮ ᠲᠡᠭᠦᠰᠬᠦ ᠤᠶᠤᠲᠠᠳ ᠲᠤᠬᠠᠢ ᠶᠢᠨ ᠲᠠᠯᠠᠪᠤᠷ ᠲᠤ ᠢᠷᠡᠵᠦ ᠴᠤᠭᠯᠠᠭᠠᠨ ᠳᠤ ᠣᠷᠣᠯᠴᠠᠵᠠᠢ᠃ ᠰᠤᠷᠪᠤᠯᠵᠢᠯᠠᠭᠴᠢ ᠸᠠᠩ ᠵᠥᠩ ᠵᠸᠦ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号