ᠮᠠᠨ ᠤ ᠣᠷᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠴᠡᠴᠡᠷᠯᠢᠭ ᠤᠨ ᠭᠡᠷ ᠤᠨ ᠬᠥᠮᠦᠵᠢᠯ ᠤᠨ ᠬᠢᠴᠢᠶᠡᠯ ᠤᠨ ᠲᠣᠭᠲᠠᠯᠴᠠᠭ᠎ᠠ ᠶᠢ ᠪᠠᠶᠢᠭᠤᠯᠬᠤ ᠵᠢᠯᠤᠭᠤᠳᠬᠤ ᠬᠥᠲᠥᠯᠪᠦᠷᠢ︾ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2023/11/14
     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠤᠨ ᠬᠥᠮᠦᠵᠢᠯ ᠢ ᠠᠬᠢᠭᠤᠯᠬᠤ ᠳᠦᠷᠢᠮ︾ ᠢ ᠢᠳᠡᠪᠬᠢᠲᠡᠢ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠬᠠᠮᠵᠢᠯᠴᠠᠨ ᠬᠥᠮᠥᠵᠢᠭᠦᠯᠬᠦ ᠤᠳᠤᠷᠢᠳᠤᠮᠵᠢ ᠶᠢᠨ ᠦᠢᠯᠡᠳᠦᠯ ᠢ ᠦᠨᠡᠨ ᠬᠦ ᠰᠠᠶᠢᠲᠤᠷ ᠪᠠᠳᠠᠷᠠᠭᠤᠯᠵᠤ᠂ ᠭᠡᠷ ᠪᠦᠯᠢ ᠪᠠ ᠨᠡᠶᠢᠭᠡᠮ ᠲᠠᠢ ᠨᠢᠭᠲᠠ ᠨᠡᠪᠲᠡᠷᠡᠯᠴᠡᠨ ᠬᠠᠮᠵᠢᠯᠴᠠᠬᠤ ᠪᠠᠨ ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ᠂ ᠮᠠᠨ ᠤ ᠣᠷᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠴᠡᠴᠡᠷᠯᠢᠭ ᠤᠨ ᠭᠡᠷ ᠤᠨ ᠬᠥᠮᠦᠵᠢᠯ ᠤᠨ ᠬᠢᠴᠢᠶᠡᠯ ᠤᠨ ᠲᠣᠭᠲᠠᠯᠴᠠᠭ᠎ᠠ ᠶᠢ ᠪᠠᠶᠢᠭᠤᠯᠬᠤ ᠵᠢᠯᠤᠭᠤᠳᠬᠤ ᠬᠥᠲᠥᠯᠪᠦᠷᠢ︾ ᠶᠢ ᠨᠡᠶᠢᠲᠡᠯᠡᠵᠦ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠠᠴᠠ ᠰᠠᠭᠤᠷᠢ ᠰᠤᠷᠭᠠᠨ ᠬᠥᠮᠦᠵᠢᠯ ᠬᠦᠷᠲᠡᠯᠡᠬᠢ ᠱᠠᠲᠤᠨ ᠳᠤ ᠭᠡᠷ ᠤᠨ ᠬᠥᠮᠦᠵᠢᠯ ᠤᠨ ᠬᠢᠴᠢᠶᠡᠯ ᠢ ᠨᠡᠭᠡᠭᠡᠨ ᠬᠥᠭᠵᠢᠭᠦᠯᠬᠦ᠂ ᠵᠢᠯᠤᠭᠤᠳᠬᠤ᠂ ᠬᠡᠷᠡᠭᠵᠢᠭᠦᠯᠬᠦ ᠵᠢᠴᠢ ᠦᠨᠡᠯᠡᠬᠦ ᠵᠡᠷᠭᠡ ᠶᠢ ᠥᠷᠨᠢᠭᠦᠯᠬᠦ ᠲᠤᠬᠠᠢ ᠠᠷᠭ᠎ᠠ ᠪᠠ ᠦᠨᠳᠦᠰᠦᠯᠡᠯ ᠬᠠᠩᠭᠠᠬᠤ ᠶᠢ ᠲᠣᠳᠣᠷᠬᠠᠶᠢᠯᠠᠵᠤ᠂ ᠳᠤᠮᠳᠠᠳᠤ ᠪᠠᠭ᠎ᠠ ᠰᠤᠷᠭᠠᠭᠤᠯᠢ ᠴᠡᠴᠡᠷᠯᠢᠭ ᠵᠢᠴᠢ ᠰᠤᠷᠭᠠᠭᠤᠯᠢ ᠳᠤ ᠣᠷᠣᠬᠤ ᠨᠠᠰᠤᠨ ᠤ ᠪᠠᠭᠠᠴᠤᠳ ᠤᠨ ᠭᠡᠷ ᠤᠨ ᠠᠬᠠᠮᠠᠳ ᠤᠨ ᠭᠡᠷ ᠤᠨ ᠬᠥᠮᠦᠵᠢᠯ ᠢ ᠪᠣᠳᠠᠲᠠᠢ ᠥᠷᠨᠢᠭᠦᠯᠬᠦ ᠳᠤ ᠯᠠᠪᠯᠠᠯᠲᠠ ᠬᠠᠩᠭᠠᠪᠠ᠃      ᠴᠡᠴᠡᠷᠯᠢᠭ ᠤᠨ ᠱᠠᠲᠤᠨ ᠳᠤ ᠲᠥᠬᠦᠮ ᠲᠠᠨᠢᠨ ᠮᠡᠳᠡᠬᠦᠢ ᠪᠠ ᠦᠢᠯᠡ ᠠᠵᠢᠯᠯᠠᠭ᠎ᠠ ᠪᠤᠶᠤ ᠬᠥᠳᠡᠯᠭᠡᠭᠡᠨ ᠤ ᠬᠢᠴᠢᠶᠡᠯ ᠢᠶᠠᠷ ᠭᠤᠣᠯᠯᠠᠵᠤ᠂ ᠠᠭᠤᠯᠭ᠎ᠠ ᠬᠡᠯᠪᠡᠷᠢ ᠶᠢᠨ ᠲᠠᠯ᠎ᠠ ᠪᠠᠷ ᠰᠢᠭᠤᠳ ᠦᠵᠡᠭᠦᠯᠬᠦ᠂ ᠰᠣᠨᠢᠷᠬᠠᠯᠲᠠᠢ ᠪᠠᠶᠢᠬᠤ ᠶᠢ ᠢᠯᠡᠷᠡᠭᠦᠯᠦᠨ᠎ᠡ︔ ᠪᠠᠭ᠎ᠠ ᠰᠤᠷᠭᠠᠭᠤᠯᠢ ᠶᠢᠨ ᠱᠠᠲᠤᠨ ᠳᠤ ᠬᠡᠦᠬᠡᠳ ᠤᠨ ᠰᠡᠳᠬᠢᠯᠭᠡ ᠲᠣᠭᠲᠠᠪᠤᠷᠢ ᠦᠭᠡᠢ ᠪᠠ ᠬᠥᠳᠡᠯᠦᠮᠡᠲᠡᠭᠡᠢ ᠣᠨᠴᠠᠯᠢᠭ ᠢ ᠬᠠᠷᠠᠭᠠᠯᠵᠠᠵᠤ᠂ ᠭᠡᠷ ᠤᠨ ᠬᠥᠮᠦᠵᠢᠯ ᠤᠨ ᠬᠢᠴᠢᠶᠡᠯ ᠤᠨ ᠲᠣᠬᠢᠷᠠᠭᠤᠯᠤᠯᠲᠠ ᠨᠢ ᠬᠥᠳᠡᠯᠭᠡᠭᠡᠨ ᠤ ᠬᠢᠴᠢᠶᠡᠯ ᠪᠤᠶᠤ ᠶᠡᠷᠦᠩᠬᠡᠶᠢᠯᠡᠭᠰᠡᠨ ᠬᠢᠴᠢᠶᠡᠯ ᠢᠶᠠᠷ ᠭᠤᠣᠯᠯᠠᠵᠤ᠂ ᠠᠭᠤᠯᠭ᠎ᠠ ᠬᠡᠯᠪᠡᠷᠢ ᠶᠢᠨ ᠲᠠᠯ᠎ᠠ ᠪᠠᠷ ᠠᠬᠤᠢ ᠪᠠᠶᠢᠳᠠᠯ ᠤᠨ ᠴᠢᠨᠠᠷ ᠢ ᠢᠯᠡᠷᠡᠭᠦᠯᠦᠨ᠎ᠡ︔ ᠳᠤᠮᠳᠠᠳᠤ ᠰᠤᠷᠭᠠᠭᠤᠯᠢ ᠶᠢᠨ ᠱᠠᠲᠤᠨ ᠳᠤ ᠰᠤᠷᠤᠭᠴᠢᠳ ᠤᠨ ᠰᠡᠳᠬᠢᠬᠦᠢ ᠪᠠ ᠪᠡᠶ᠎ᠡ ᠪᠠᠨ ᠳᠠᠭᠠᠭᠠᠭᠰᠠᠨ ᠥᠪᠡᠷ ᠪᠡᠶ᠎ᠡ ᠶᠢᠨ ᠤᠬᠠᠮᠰᠠᠷ ᠤᠨ ᠣᠨᠴᠠᠯᠢᠭ ᠢ ᠴᠢᠬᠤᠯᠠᠴᠢᠯᠠᠵᠤ᠂ ᠭᠡᠷ ᠤᠨ ᠬᠥᠮᠦᠵᠢᠯ ᠤᠨ ᠬᠢᠴᠢᠶᠡᠯ ᠤᠨ ᠲᠣᠬᠢᠷᠠᠭᠤᠯᠤᠯᠲᠠ ᠨᠢ ᠲᠠᠨᠢᠨ ᠮᠡᠳᠡᠬᠦᠢ ᠶᠢᠨ ᠬᠢᠴᠢᠶᠡᠯ ᠪᠤᠶᠤ ᠶᠡᠷᠦᠩᠬᠡᠶᠢᠯᠡᠭᠰᠡᠨ ᠬᠢᠴᠢᠶᠡᠯ ᠢᠶᠠᠷ ᠭᠤᠣᠯᠯᠠᠵᠤ᠂ ᠠᠭᠤᠯᠭ᠎ᠠ ᠬᠡᠯᠪᠡᠷᠢ ᠶᠢᠨ ᠲᠠᠯ᠎ᠠ ᠪᠠᠷ ᠥᠪᠡᠷᠮᠢᠴᠡ ᠣᠨᠴᠠᠯᠢᠭ᠂ ᠰᠣᠩᠭᠤᠯᠲᠠ ᠵᠢᠴᠢ ᠥᠪᠡᠷ ᠪᠡᠶ᠎ᠡ ᠶᠢᠨ ᠣᠷᠣᠰᠢᠬᠤᠢ ᠶᠢ ᠢᠯᠡᠷᠡᠭᠦᠯᠦᠨ᠎ᠡ᠃ ᠡᠭᠦᠨ ᠤ ᠬᠠᠮᠲᠤ᠂ ᠡᠯ᠎ᠡ ᠰᠤᠷᠭᠠᠭᠤᠯᠢ ᠭᠡᠷ ᠤᠨ ᠬᠥᠮᠦᠵᠢᠯ ᠤᠨ ᠰᠤᠷᠭᠠᠭᠤᠯᠢ ᠢᠶᠠᠷ ᠦᠨᠳᠦᠰᠦᠯᠡᠭᠰᠡᠨ ᠬᠢᠴᠢᠶᠡᠯ ᠢ ᠢᠳᠡᠪᠬᠢᠲᠡᠢ ᠪᠠᠷ ᠰᠦᠪᠡᠭᠴᠢᠯᠡᠨ ᠪᠠᠶᠢᠭᠤᠯᠵᠤ᠂ ᠰᠦᠯᠵᠢᠶᠡᠨ ᠳᠡᠭᠡᠷᠡᠬᠢ ᠭᠡᠷ ᠤᠨ ᠠᠬᠠᠮᠠᠳ ᠤᠨ ᠰᠤᠷᠭᠠᠭᠤᠯᠢ ᠶᠢᠨ ᠬᠢᠴᠢᠶᠡᠯ ᠤᠨ ᠡᠬᠢ ᠪᠠᠶᠠᠯᠢᠭ ᠢ ᠠᠯᠬᠤᠮ ᠠᠯᠬᠤᠮ ᠢᠶᠠᠷ ᠪᠠᠶᠢᠭᠤᠯᠤᠨ ᠲᠡᠭᠦᠯᠳᠡᠷᠵᠢᠭᠦᠯᠵᠦ᠂ ᠰᠤᠷᠭᠠᠭᠤᠯᠢ ᠭᠡᠷ ᠪᠦᠯᠢ ᠨᠡᠶᠢᠭᠡᠮ ᠤᠨ ᠬᠠᠮᠵᠢᠯᠴᠠᠨ ᠬᠥᠮᠥᠵᠢᠭᠦᠯᠬᠦ ᠪᠦᠲᠦᠮᠵᠢᠲᠡᠶ ᠵᠠᠭᠪᠤᠷ ᠢ ᠶᠡᠭᠡ ᠪᠠᠷ ᠳᠡᠯᠭᠡᠷᠡᠭᠦᠯᠦᠨ᠂ ᠠᠷᠭ᠎ᠠ ᠬᠢᠳᠡᠯ ᠢᠶᠠᠨ ᠰᠢᠨᠡᠴᠢᠯᠡᠬᠦ ᠪᠠ ᠲᠡᠷᠢᠭᠦᠨ ᠤ ᠲᠤᠷᠰᠢᠯᠭ᠎ᠠ ᠶᠢ ᠲᠣᠯᠢᠯᠠᠵᠤ᠂ ᠲᠣᠰ ︽ᠵᠢᠯᠤᠭᠤᠳᠬᠤ ᠬᠥᠲᠥᠯᠪᠦᠷᠢ︾ ᠶᠢ ᠯᠠᠪᠯᠠᠨ᠂ ᠲᠣᠰ ᠭᠠᠵᠠᠷ ᠣᠷᠣᠨ ᠤ ᠬᠠᠮᠵᠢᠯᠴᠠᠨ ᠬᠥᠮᠥᠵᠢᠭᠦᠯᠬᠦ ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠢ ᠢᠳᠡᠪᠬᠢᠲᠡᠢ ᠪᠠᠷ ᠪᠠᠶᠢᠭᠤᠯᠵᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠬᠤ ᠶᠢ ᠵᠣᠷᠢᠭᠵᠢᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号