ᠦᠰᠦᠭ ᠪᠢᠴᠢᠭ ᠤᠨ ᠲᠠᠶᠢᠯᠦᠮᠵᠢ᠄ ︽ᠭᠡᠷ ᠪᠠ ᠨᠡᠶᠢᠭᠡᠮ ᠲᠣᠭᠤᠷᠢᠭ ᠲᠤ ᠡᠮᠴᠢᠯᠡᠭᠡ ᠰᠣᠪᠢᠯᠠᠯᠲᠠ ᠶᠢ ᠤᠶᠠᠯᠳᠤᠭᠤᠯᠤᠨ ᠦᠢᠯᠡᠴᠢᠯᠡᠬᠦ ᠵᠦᠭᠯᠡᠭᠦᠷ ︵ᠲᠤᠷᠰᠢᠨ ᠬᠡᠷᠡᠭᠵᠢᠭᠦᠯᠬᠦ︶︾ ᠤᠨ ᠲᠠᠶᠢᠯᠤᠮᠵᠢ
ᠨᠡᠶᠢᠲᠡᠯᠡᠭᠰᠡᠨ ᠴᠠᠭ᠄
2023/11/14
     ᠨᠢᠭᠡ᠂ ᠲᠣᠭᠲᠠᠭᠠᠭᠰᠠᠨ ᠠᠬᠤᠢ ᠪᠠᠶᠢᠳᠠᠯ      ᠭᠡᠷ ᠪᠠ ᠨᠡᠶᠢᠭᠡᠮ ᠲᠣᠭᠤᠷᠢᠭ ᠲᠤ ᠡᠮᠴᠢᠯᠡᠭᠡ ᠰᠣᠪᠢᠯᠠᠯᠲᠠ ᠶᠢ ᠤᠶᠠᠯᠳᠤᠭᠤᠯᠤᠨ ᠦᠢᠯᠡᠴᠢᠯᠡᠬᠦ ᠠᠭᠤᠯᠭ᠎ᠠ ᠶᠢ ᠴᠢᠨᠠᠭᠰᠢᠳᠠ ᠤᠯᠠᠮ ᠵᠢᠷᠤᠮᠵᠢᠭᠤᠯᠤᠨ᠂ ᠦᠢᠯᠡᠴᠢᠯᠡᠭᠡᠨ ᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ᠭᠦᠨᠵᠡᠭᠡᠢ ᠪᠠᠶᠢᠴᠠᠭᠠᠨ ᠰᠣᠳᠣᠯᠵᠤ᠂ ᠥᠷᠭᠡᠨ ᠢᠶᠠᠷ ᠰᠠᠨᠠᠯ ᠬᠤᠷᠢᠶᠠᠭᠰᠠᠨ ᠰᠠᠭᠤᠷᠢᠨ ᠳᠡᠭᠡᠷ᠎ᠡ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠤᠯᠤᠰ ᠤᠨ ᠬᠢᠲᠠᠳ ᠡᠮ ᠡᠮᠨᠡᠯᠭᠡ ᠶᠢᠨ ᠲᠣᠪᠴᠢᠶ᠎ᠠ ᠪᠠ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠲᠣᠪᠴᠢᠶ᠎ᠠ ᠲᠠᠢ ᠬᠠᠮᠲᠤᠷᠠᠨ ︽ᠭᠡᠷ ᠪᠠ ᠨᠡᠶᠢᠭᠡᠮ ᠲᠣᠭᠤᠷᠢᠭ ᠲᠤ ᠡᠮᠴᠢᠯᠡᠭᠡ ᠰᠣᠪᠢᠯᠠᠯᠲᠠ ᠶᠢ ᠤᠶᠠᠯᠳᠤᠭᠤᠯᠤᠨ ᠦᠢᠯᠡᠴᠢᠯᠡᠬᠦ ᠵᠦᠭᠯᠡᠭᠦᠷ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ᠵᠦᠭᠯᠡᠭᠦᠷ︾ ᠭᠡᠵᠦ ᠲᠣᠪᠴᠢᠯᠠᠨ᠎ᠠ︶ ᠢ ᠰᠤᠳᠤᠯᠤᠨ ᠲᠣᠭᠲᠠᠭᠠᠪᠠ᠃ ︽ᠵᠦᠭᠯᠡᠭᠦᠷ︾ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠨ ᠪᠠᠷᠢᠮᠵᠢᠶ᠎ᠡ ᠵᠢᠷᠤᠮᠵᠢᠯ ᠢ ᠯᠠᠪᠯᠠᠨ᠂ ᠪᠦᠬᠦ ᠲᠠᠯᠠᠲᠤ ᠴᠢᠨᠠᠷ᠂ ᠣᠨᠣᠪᠴᠢᠲᠤ ᠴᠢᠨᠠᠷ᠂ ᠬᠤᠭᠤᠴᠠᠭᠠᠲᠤ ᠴᠢᠨᠠᠷ ᠪᠠ ᠬᠡᠷᠡᠭᠯᠡᠭᠡᠨ ᠤ ᠴᠢᠨᠠᠷ ᠵᠡᠷᠭᠡ ᠵᠠᠷᠴᠢᠮ ᠤᠳ ᠢ ᠵᠢᠷᠤᠮᠯᠠᠭᠰᠠᠨ ᠪᠥᠭᠡᠳ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠭᠡᠷ ᠪᠠ ᠨᠡᠶᠢᠭᠡᠮ ᠲᠣᠭᠤᠷᠢᠭ ᠤᠨ ᠣᠷᠴᠢᠨ ᠳᠤ ᠬᠠᠩᠭᠠᠬᠤ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠦᠢᠯᠡᠴᠢᠯᠡᠭᠡᠨ ᠤ ᠠᠭᠤᠯᠭ᠎ᠠ ᠬᠢᠭᠡᠳ ᠱᠠᠭᠠᠷᠳᠠᠯᠭ᠎ᠠ ᠶᠢ ᠵᠢᠷᠤᠮᠵᠢᠭᠤᠯᠵᠠᠢ᠃      ᠬᠤᠶᠠᠷ᠂ ᠭᠤᠣᠯ ᠠᠭᠤᠯᠭ᠎ᠠ      ︽ᠵᠦᠭᠯᠡᠭᠦᠷ︾ ᠲᠤ ᠭᠡᠷ ᠪᠠ ᠨᠡᠶᠢᠭᠡᠮ ᠲᠣᠭᠤᠷᠢᠭ ᠲᠤ ᠡᠮᠴᠢᠯᠡᠭᠡ ᠰᠣᠪᠢᠯᠠᠯᠲᠠ ᠶᠢ ᠤᠶᠠᠯᠳᠤᠭᠤᠯᠤᠨ ᠦᠢᠯᠡᠴᠢᠯᠡᠬᠦ ᠶᠡᠷᠦᠩᠬᠡᠢ ᠳᠦᠷᠢᠮ᠂ ᠦᠨᠳᠦᠰᠦᠨ ᠱᠠᠭᠠᠷᠳᠠᠯᠭ᠎ᠠ᠂ ᠦᠢᠯᠡᠴᠢᠯᠡᠭᠡᠨ ᠤ ᠠᠭᠤᠯᠭ᠎ᠠ ᠬᠢᠭᠡᠳ ᠱᠠᠭᠠᠷᠳᠠᠯᠭ᠎ᠠ᠂ ᠦᠢᠯᠡᠴᠢᠯᠡᠭᠡᠨ ᠤ ᠶᠠᠪᠤᠴᠠ ᠬᠢᠭᠡᠳ ᠱᠠᠭᠠᠷᠳᠠᠯᠭ᠎ᠠ ᠵᠡᠷᠭᠡ 4 ᠲᠠᠯ᠎ᠠ ᠶᠢ ᠲᠣᠳᠣᠷᠬᠠᠢ ᠵᠢᠷᠤᠮᠵᠢᠭᠤᠯᠵᠠᠢ ᠃ ᠭᠡᠷ ᠪᠠ ᠨᠡᠶᠢᠭᠡᠮ ᠲᠣᠭᠤᠷᠢᠭ ᠲᠤ ᠡᠮᠴᠢᠯᠡᠭᠡ ᠰᠣᠪᠢᠯᠠᠯᠲᠠ ᠶᠢ ᠤᠶᠠᠯᠳᠤᠭᠤᠯᠤᠨ ᠦᠢᠯᠡᠴᠢᠯᠡᠬᠦ ᠭᠡᠳᠡᠭ ᠪᠣᠯ ᠨᠥᠬᠦᠴᠡᠯ ᠲᠠᠢ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠣᠯᠠᠨ ᠵᠦᠢᠯ ᠤᠨ ᠠᠷᠭ᠎ᠠ ᠪᠠᠷ ᠭᠡᠷ ᠲᠤ ᠪᠠᠨ ᠪᠠ ᠨᠡᠶᠢᠭᠡᠮ ᠲᠣᠭᠤᠷᠢᠭ ᠲᠤ ᠪᠠᠨ ᠠᠰᠠᠷᠠᠭᠤᠯᠵᠤ ᠪᠠᠶᠢᠭ᠎ᠠ ᠨᠠᠰᠤᠲᠠᠶᠢᠴᠤᠳ ᠲᠤ ᠴᠢᠬᠤᠯᠠ ᠪᠦᠬᠦᠢ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠠᠩᠭᠠᠬᠤ ᠶᠢ ᠵᠢᠭᠠᠵᠤ ᠪᠣᠶ᠂ ᠲᠤᠰ ᠦᠢᠯᠡᠴᠢᠯᠡᠭᠡ ᠶᠢ ᠭᠡᠷ ᠪᠠ ᠨᠡᠶᠢᠭᠡᠮ ᠲᠣᠭᠤᠷᠢᠭ ᠲᠤ ᠡᠮᠴᠢᠯᠡᠭᠡ ᠰᠣᠪᠢᠯᠠᠯᠲᠠ ᠶᠢ ᠤᠶᠠᠯᠳᠤᠭᠤᠯᠤᠨ ᠦᠢᠯᠡᠴᠢᠯᠡᠬᠦ ᠡᠯ᠎ᠡ ᠱᠠᠲᠤᠨ ᠤ ᠡᠯ᠎ᠡ ᠲᠦᠷᠦᠯ ᠤᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠬᠡᠷᠡᠭᠵᠢᠭᠦᠯᠬᠦ ᠳᠤ ᠲᠣᠬᠢᠷᠠᠮᠵᠢᠲᠠᠢ᠂ ᠬᠤᠯᠪᠤᠭᠳᠠᠯ ᠪᠦᠬᠦᠢ ᠪᠠᠶᠢᠭᠤᠯᠤᠮᠵᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠨᠢ ᠣᠲᠣ ᠶᠢᠨ ᠬᠡᠷᠡᠭᠵᠢᠭᠦᠯᠵᠦ ᠪᠠᠶᠢᠭ᠎ᠠ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠵᠢᠷᠤᠮᠵᠢᠯ᠂ ᠪᠠᠷᠢᠮᠵᠢᠶ᠎ᠠ ᠪᠠ ᠬᠠᠮᠢᠶᠠᠷᠤᠯᠲᠠ ᠶᠢᠨ ᠲᠣᠭᠲᠠᠭᠠᠯ ᠢ ᠬᠡᠷᠡᠭᠵᠢᠭᠦᠯᠪᠡᠯ ᠵᠣᠬᠢᠬᠤ ᠶᠢ ᠶᠡᠷᠦᠩᠬᠡᠢ ᠳᠦᠷᠢᠮ ᠳᠤ ᠲᠣᠳᠤᠷᠬᠠᠶᠢᠯᠠᠵᠠᠢ᠃ ᠦᠨᠳᠦᠰᠦᠨ ᠱᠠᠭᠠᠷᠳᠠᠯᠭ᠎ᠠ ᠳᠤ ᠪᠠᠶᠢᠭᠤᠯᠤᠮᠵᠢ ᠶᠢᠨ ᠬᠢᠷᠢ ᠬᠡᠮ᠂ ᠪᠡᠯᠡᠳᠬᠡᠮᠵᠢ ᠲᠥᠬᠦᠭᠡᠷᠦᠮᠵᠢ ᠪᠠ ᠦᠢᠯᠡᠴᠢᠯᠡᠬᠦ ᠠᠵᠢᠯᠲᠠᠨ ᠤ ᠬᠢᠷᠢ ᠬᠡᠮ ᠵᠡᠷᠭᠡ 2 ᠲᠠᠯ᠎ᠠ ᠶᠢᠨ ᠠᠭᠤᠯᠭ᠎ᠠ ᠳᠤ ᠴᠢᠭᠯᠡᠭᠦᠯᠦᠭᠰᠡᠨ ᠲᠣᠳᠣᠷᠬᠠᠢ ᠲᠣᠭᠲᠠᠭᠠᠯ ᠭᠠᠷᠭᠠᠪᠠ᠃ ᠭᠡᠷ ᠪᠠ ᠨᠡᠶᠢᠭᠡᠮ ᠲᠣᠭᠤᠷᠢᠭ ᠲᠤ ᠡᠮᠴᠢᠯᠡᠭᠡ ᠰᠣᠪᠢᠯᠠᠯᠲᠠ ᠶᠢ ᠤᠶᠠᠯᠳᠤᠭᠤᠯᠤᠨ ᠦᠢᠯᠡᠴᠢᠯᠡᠬᠦ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠠᠵᠢᠯ ᠡᠷᠭᠢᠯᠡᠬᠦ ᠵᠥᠪᠰᠢᠶᠡᠷᠡᠯ ᠢ ᠬᠠᠤᠯᠢ ᠶᠣᠰᠣᠭᠠᠷ ᠣᠯᠬᠤ ᠪᠤᠶᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ︵ᠬᠢᠲᠠᠳ ᠡᠮ ᠡᠮᠨᠡᠯᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠᠭᠲᠠᠨ᠎ᠠ ︶ ᠲᠤ ᠳᠠᠩᠰᠠᠯᠠᠭᠤᠯᠵᠤ᠂ ᠡᠮᠨᠡᠯᠭᠡ ᠶᠢᠨ ᠠᠵᠢᠯᠲᠠᠨ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠣᠯᠭᠤᠭᠰᠠᠨ ᠠᠵᠢᠯ ᠡᠷᠭᠢᠯᠡᠬᠦ ᠬᠢᠷᠢ ᠬᠡᠮ ᠤᠨ ᠦᠨᠡᠮᠯᠡᠯ ᠪᠤᠶᠤ ᠵᠣᠬᠢᠬᠤ ᠲᠤᠰᠬᠠᠢ ᠮᠡᠷᠭᠡᠵᠢᠯ ᠤᠨ ᠵᠡᠷᠭᠡ ᠴᠤᠯᠠ ᠪᠠᠶᠢᠬᠤ ᠬᠡᠷᠡᠭᠲᠡᠢ᠃ ᠦᠢᠯᠡᠴᠢᠯᠡᠭᠡᠨ ᠤ ᠠᠭᠤᠯᠭ᠎ᠠ ᠪᠠ ᠱᠠᠭᠠᠷᠳᠠᠯᠭ᠎ᠠ ᠳᠤ ᠡᠷᠡᠭᠦᠯ ᠮᠡᠨᠳᠦ ᠶᠢᠨ ᠬᠥᠮᠦᠵᠢᠯ᠂ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡ᠂ ᠲᠣᠭᠤᠷᠢᠨ ᠡᠮᠴᠢᠯᠡᠬᠦ ᠦᠢᠯᠡᠴᠢᠯᠡᠭᠡ᠂ ᠭᠡᠷ ᠲᠤ ᠪᠠᠨ ᠰᠠᠭᠤᠵᠤ ᠡᠮᠴᠢᠯᠡᠭᠦᠯᠬᠦ ᠡᠮᠴᠢᠯᠡᠬᠦ ᠦᠢᠯᠡᠴᠢᠯᠡᠭᠡ᠂ ᠭᠡᠷ ᠲᠤ ᠨᠢ ᠬᠦᠷᠴᠦ ᠡᠮᠴᠢᠯᠡᠬᠦ ᠦᠢᠯᠡᠴᠢᠯᠡᠭᠡ᠂ ᠬᠢᠲᠠᠳ ᠡᠮ ᠡᠮᠨᠡᠯᠭᠡ ᠶᠢᠨ ᠦᠢᠯᠡᠴᠢᠯᠡᠭᠡ᠂ ᠰᠡᠳᠬᠢᠴᠡ ᠮᠡᠳᠡᠷᠡᠯ ᠤᠨ ᠦᠢᠯᠡᠴᠢᠯᠡᠭᠡ᠂ ᠰᠢᠯᠵᠢᠭᠦᠯᠦᠨ ᠡᠮᠴᠢᠯᠡᠬᠦ ᠦᠢᠯᠡᠴᠢᠯᠡᠭᠡ ᠵᠡᠷᠭᠡ 8 ᠲᠥᠷᠥᠯ ᠤᠨ ᠦᠢᠯᠡᠴᠢᠯᠡᠭᠡᠨ ᠤ ᠪᠣᠳᠠᠲᠠᠢ ᠠᠭᠤᠯᠭ᠎ᠠ ᠶᠢ ᠲᠣᠳᠣᠷᠬᠠᠢ ᠲᠣᠭᠲᠠᠭᠠᠪᠠ᠃ ᠦᠢᠯᠡᠴᠢᠯᠡᠭᠡᠨ ᠤ ᠶᠠᠪᠤᠴᠠ ᠬᠢᠭᠡᠳ ᠱᠠᠭᠠᠷᠳᠠᠯᠭ᠎ᠠ ᠳᠤ ᠭᠤᠶᠤᠴᠢᠯᠠᠬᠤ᠂ ᠦᠨᠡᠯᠡᠨ ᠵᠢᠱᠢᠬᠦ᠂ ᠪᠠᠶᠢᠳᠠᠯ ᠢ ᠮᠡᠳᠡᠵᠦ ᠵᠥᠪᠰᠢᠶᠡᠷᠡᠬᠦ᠂ ᠦᠢᠯᠡᠴᠢᠯᠡᠬᠦ᠂ ᠲᠡᠮᠳᠡᠭᠯᠡᠬᠦ᠂ ᠳ᠋ᠦᠩᠨᠡᠨ ᠰᠠᠶᠢᠵᠢᠷᠠᠭᠤᠯᠬᠤ ᠵᠡᠷᠭᠡ 6 ᠭᠤᠭᠴᠤᠭ᠎ᠠ ᠶᠢ ᠲᠣᠳᠣᠷᠬᠠᠢ ᠳᠤᠷᠠᠳᠤᠭᠰᠠᠨ ᠮᠥᠷᠲᠡᠭᠡᠨ 9 ᠵᠦᠢᠯ ᠤᠨ ᠱᠠᠭᠠᠷᠳᠠᠯᠭ᠎ᠠ ᠳᠤᠷᠠᠳᠴᠠᠢ᠃
 
ᠢᠷᠡᠯᠲᠡ᠄ ᠥᠪᠥᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号