ᠬᠤᠷᠢᠨᠭᠡᠷ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠡᠷᠬᠡ ᠲᠤᠰᠢᠶᠠᠯ ᠢᠶᠠᠨ ᠠᠰᠢᠭᠯᠠᠨ ᠶᠠᠯ᠎ᠠ ᠬᠢᠬᠦ ᠶᠢ ᠤᠷᠢᠳᠴᠢᠯᠠᠨ ᠰᠡᠷᠭᠡᠶᠢᠯᠡᠬᠦ ᠲᠤᠰᠬᠠᠶ ᠰᠡᠳᠦᠪᠲᠦ ᠲᠠᠶᠢᠯᠤᠮᠵᠢ ᠬᠢᠪᠡ
ᠨᠡᠶᠢᠲᠡᠯᠡᠭᠰᠡᠨ ᠴᠠᠭ᠄
2023/11/15
     ᠪᠦᠬᠦ ᠰᠢᠶᠠᠨ ᠤ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠺᠠᠳ᠋ᠷ ᠠᠵᠢᠯᠲᠠᠨ ᠠᠵᠢᠯᠴᠢᠨ ᠤ ᠦᠵᠡᠯ ᠰᠠᠨᠠᠭ᠎ᠠ ᠶᠣᠰᠣ ᠮᠣᠷᠠᠯ ᠤᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠢᠯᠵᠠᠷᠠᠯ ᠢ ᠡᠰᠡᠷᠭᠦᠴᠡᠬᠦ᠂ ᠡᠷᠬᠡ ᠲᠤᠰᠢᠶᠠᠯ ᠢᠶᠠᠨ ᠠᠰᠢᠭᠯᠠᠨ ᠶᠠᠯ᠎ᠠ ᠬᠢᠬᠦ ᠴᠢᠳᠠᠪᠤᠷᠢ ᠶᠢ ᠰᠡᠷᠭᠡᠶᠢᠯᠡᠨ ᠵᠠᠰᠠᠬᠤ ᠶᠢ ᠳᠡᠭᠡᠭᠰᠢᠯᠡᠭᠦᠯᠬᠦ ᠶᠢᠨ ᠲᠤᠰᠠᠳᠠ᠂ 11 ᠰᠠᠷ᠎ᠠ ᠶᠢᠨ 14 ᠤ ᠡᠳᠦᠷ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠣᠯᠤᠨ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠣᠨᠴᠠ ᠤᠷᠢᠭᠰᠠᠨ ᠰᠢᠶᠠᠨ ᠤ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠲᠤᠰᠢᠶᠠᠯᠲᠠᠨ ᠲᠤᠰᠬᠠᠶ ᠰᠡᠳᠦᠪᠲᠦ ᠲᠠᠶᠢᠯᠤᠮᠵᠢ ᠬᠢᠵᠦ᠂ ᠲᠣᠪᠴᠢᠶᠠᠨ ᠤ ᠤᠳᠤᠷᠢᠳᠬᠤ ᠪᠠᠭ ᠤᠨ ᠪᠦᠷᠢᠯᠳᠦᠬᠦᠨ᠂ ᠲᠣᠪᠴᠢᠶᠠᠨ ᠤ ᠬᠠᠷᠢᠶ᠎ᠠ ᠨᠢᠭᠡᠴᠢ ᠶᠢᠨ ᠭᠤᠣᠯ ᠬᠠᠷᠢᠭᠤᠴᠠᠯᠭᠠᠲᠠᠨ ᠵᠢᠴᠢ ᠪᠦᠬᠦ ᠺᠠᠳ᠋ᠷ ᠠᠵᠢᠯᠲᠠᠨ ᠠᠵᠢᠯᠴᠢᠨ ᠲᠤᠬᠠᠶ ᠶᠢᠨ ᠲᠠᠯᠠᠪᠤᠷ ᠲᠤ ᠬᠦᠷᠴᠦ ᠲᠠᠶᠢᠯᠤᠮᠵᠢ ᠶᠢ ᠰᠣᠨᠣᠰᠴᠠᠶ᠃      ᠲᠠᠶᠢᠯᠤᠮᠵᠢ ᠳᠤ᠂ ᠪᠠᠶᠢᠴᠠᠭᠠᠭᠴᠢ ︽ᠬᠠᠤᠯᠢ ᠶᠢ ᠮᠡᠳᠡᠬᠦ ᠳᠡᠭᠡᠨ ᠰᠡᠳᠬᠢᠯ ᠠᠴᠠ ᠪᠠᠨ  ᠬᠠᠤᠯᠢ ᠶᠢ ᠰᠠᠬᠢᠬᠤ ᠳᠠᠭᠠᠨ ᠦᠢᠯᠡ ᠠᠵᠢᠯᠯᠠᠭ᠎ᠠ ᠠᠴᠠ ᠪᠠᠨ︾ ᠭᠡᠬᠦ ᠪᠠᠷ ᠰᠡᠳᠦᠪᠯᠡᠵᠦ᠂ ᠣᠶᠢᠷ᠎ᠠ ᠶᠢᠨ ᠵᠢᠯ ᠳᠤ ᠪᠠᠶᠢᠴᠠᠭᠠᠨ ᠰᠢᠢᠳᠪᠦᠷᠢᠯᠡᠭᠰᠡᠨ ᠳᠡᠷᠭᠡᠳᠡᠬᠢ ᠡᠷᠬᠡ ᠲᠤᠰᠢᠶᠠᠯ ᠢᠶᠠᠨ ᠠᠰᠢᠭᠯᠠᠨ ᠶᠠᠯ᠎ᠠ ᠬᠢᠭᠰᠡᠨ ᠨᠡᠶᠢᠲᠡᠯᠢᠭ ᠬᠡᠷᠡᠭ ᠲᠠᠢ ᠤᠶᠠᠯᠳᠤᠭᠤᠯᠤᠨ᠂ ᠡᠷᠬᠡ ᠲᠤᠰᠢᠶᠠᠯ ᠢᠶᠠᠨ ᠠᠰᠢᠭᠯᠠᠨ ᠬᠢᠭᠰᠡᠨ ᠶᠠᠯᠠᠲᠤ ᠠᠵᠢᠯᠯᠠᠭ᠎ᠠ ᠶᠢᠨ ᠢᠯᠡᠷᠡᠯ ᠵᠢᠴᠢ ᠦᠷᠭᠦᠯᠵᠢ ᠲᠣᠬᠢᠶᠠᠯᠳᠤᠳᠠᠭ ᠶᠠᠯ᠎ᠠ ᠶᠢᠨ ᠨᠡᠷ᠎ᠡ᠂ ᠪᠦᠷᠢᠯᠳᠦᠯ ᠤᠨ ᠴᠢᠬᠤᠯᠠ ᠨᠥᠬᠦᠴᠡᠯ᠂ ᠬᠡᠷᠡᠭ ᠪᠣᠯᠭᠠᠨ ᠳᠠᠩᠰᠠᠯᠠᠬᠤ ᠪᠠᠷᠢᠮᠵᠢᠶ᠎ᠠ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠢ ᠭᠤᠣᠯᠳᠠᠯᠭ᠎ᠠ ᠲᠠᠢ ᠪᠠᠷ ᠲᠠᠶᠢᠯᠪᠤᠷᠢᠯᠠᠬᠤ ᠶᠢᠨ ᠬᠠᠮᠲᠤ ᠡᠷᠬᠡ ᠲᠤᠰᠢᠶᠠᠯ ᠢᠶᠠᠨ ᠠᠰᠢᠭᠯᠠᠨ ᠬᠢᠭᠰᠡᠨ ᠶᠠᠯᠠᠲᠤ ᠠᠵᠢᠯᠯᠠᠭ᠎ᠠ ᠶᠢ ᠬᠡᠷᠬᠢᠨ ᠤᠷᠢᠳᠴᠢᠯᠠᠨ ᠰᠡᠷᠭᠡᠶᠢᠯᠡᠬᠦ ᠲᠤᠬᠠᠶ ᠪᠣᠳᠠᠲᠠᠶ ᠪᠥᠭᠡᠳ ᠬᠡᠷᠡᠭᠵᠢᠭᠦᠯᠵᠦ ᠪᠣᠯᠬᠤᠶᠢᠴᠠ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠪᠠ ᠰᠠᠨᠠᠯ ᠰᠠᠨᠠᠭᠤᠯᠭ᠎ᠠ ᠳᠤᠷᠠᠳᠴᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠺᠠᠳ᠋ᠷ ᠠᠵᠢᠯᠳᠠᠨ ᠠᠵᠢᠯᠴᠢᠨ ᠤ ᠲᠠᠷᠢᠬᠢ ᠲᠣᠯᠣᠭᠠᠶ ᠪᠠᠨ ᠰᠡᠷᠭᠡᠭ ᠪᠠᠶᠢᠯᠭᠠᠵᠤ᠂ ᠪᠡᠶ᠎ᠡ ᠪᠠᠨ ᠴᠢᠩᠭ᠎ᠠ ᠱᠠᠭᠠᠷᠳᠠᠵᠤ᠂ ᠬᠠᠤᠯᠢ ᠶᠢ ᠵᠢᠷᠤᠮᠯᠠᠨ ᠰᠠᠬᠢᠵᠤ᠂ ᠡᠷᠬᠡ ᠲᠤᠰᠢᠶᠠᠯ ᠢᠶᠠᠨ ᠠᠰᠢᠭᠯᠠᠨ ᠬᠢᠭᠰᠡᠨ ᠶᠠᠯᠠᠲᠤ ᠠᠵᠢᠯᠯᠠᠭ᠎ᠠ ᠠᠴᠠ ᠬᠤᠯᠠ ᠵᠠᠶᠢᠳᠠᠭᠤ ᠪᠠᠶᠢᠬᠤ ᠶᠢ ᠰᠡᠷᠡᠮᠵᠢᠯᠡᠭᠦᠯᠪᠡ᠃      ᠬᠤᠷᠠᠯ ᠠᠴᠠ᠂ ᠡᠷᠬᠡ ᠲᠤᠰᠢᠶᠠᠯ ᠢᠶᠠᠨ ᠠᠰᠢᠭᠯᠠᠨ ᠶᠠᠯ᠎ᠠ ᠬᠢᠬᠦ ᠶᠢ ᠰᠡᠷᠭᠡᠶᠢᠯᠡᠬᠦ ᠲᠤᠰᠬᠠᠢ ᠰᠡᠳᠦᠪᠲᠦ ᠲᠠᠶᠢᠯᠤᠮᠵᠢ ᠬᠢᠬᠦ ᠨᠢ ᠪᠢᠳᠡᠨ ᠤ ᠳᠠᠷᠠᠭᠠᠴᠢ ᠶᠢᠨ ᠠᠯᠬᠤᠮ ᠤᠨ ᠭᠤᠣᠯ ᠰᠡᠳᠦᠪᠲᠦ ᠬᠥᠮᠦᠵᠢᠯ ᠤᠨ ᠴᠡᠭᠴᠡᠯᠡᠨ ᠰᠠᠶᠢᠵᠢᠷᠠᠭᠤᠯᠬᠤ ᠵᠢᠴᠢ ᠬᠥᠮᠦᠨ ᠤ ᠬᠦᠴᠦᠨ ᠤ ᠡᠬᠢ ᠪᠠᠶᠠᠯᠢᠭ ᠪᠣᠯᠤᠨ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠤ ᠰᠠᠭᠤᠷᠢ ᠮᠥᠩᠭᠦᠨ ᠤ ᠪᠡᠯᠡ ᠮᠥᠩᠭᠦ ᠶᠢᠨ ᠬᠠᠮᠢᠶᠠᠷᠤᠯᠲᠠ ᠬᠢᠨᠠᠯᠲᠠ ᠶᠢ ᠵᠢᠷᠤᠮᠵᠢᠭᠤᠯᠬᠤ ᠵᠡᠷᠭᠡ ᠠᠵᠢᠯ ᠤᠨ ᠬᠡᠷᠡᠭᠴᠡᠭᠡ᠂ ᠤᠷᠢᠳᠴᠢᠯᠠᠨ ᠰᠡᠷᠭᠡᠶᠢᠯᠡᠬᠦ ᠤᠬᠠᠮᠰᠠᠷ ᠢᠶᠠᠨ ᠳᠡᠭᠡᠭᠰᠢᠯᠡᠭᠦᠯᠬᠦ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠠᠬᠢᠭᠤᠯᠬᠤ᠂ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠡᠷᠭᠡ ᠳᠤ ᠴᠥᠮ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠴᠢᠬᠤᠯᠠᠴᠢᠯᠠᠪᠠ᠃      ᠲᠠᠶᠢᠯᠤᠮᠵᠢ ᠳᠠᠭᠤᠰᠤᠭᠰᠠᠨ ᠤ ᠳᠠᠷᠠᠭ᠎ᠠ᠂ ᠬᠤᠷᠠᠯ ᠳᠤ ᠣᠷᠣᠯᠴᠠᠭᠰᠠᠳ ᠰᠠᠨᠠᠯ ᠨᠢᠭᠡᠲᠡᠶ ᠦᠵᠡᠭᠰᠡᠨ ᠨᠢ᠂ ᠲᠠᠶᠢᠯᠤᠮᠵᠢ ᠶᠢ ᠰᠣᠨᠣᠰᠬᠤ ᠪᠠᠷ ᠳᠠᠮᠵᠢᠭᠤᠯᠤᠨ ᠡᠷᠬᠡ ᠲᠤᠰᠢᠶᠠᠯ ᠢᠶᠠᠨ ᠠᠰᠢᠭᠯᠠᠨ ᠬᠢᠭᠰᠡᠨ ᠶᠠᠯᠠᠲᠤ ᠠᠵᠢᠯᠯᠠᠭ᠎ᠠ ᠶᠢᠨ ᠲᠤᠬᠠᠶ ᠤᠯᠠᠮ ᠨᠢᠭᠡ ᠠᠯᠬᠤᠮ ᠣᠶᠢᠯᠠᠭᠠᠯᠲᠠ ᠲᠠᠢ ᠪᠣᠯᠵᠣ᠂ ᠡᠯ᠎ᠡ ᠵᠦᠢᠯ ᠤᠨ ᠦᠨᠡᠨ ᠪᠣᠳᠠᠲᠠᠶ ᠬᠡᠷᠡᠭ ᠤᠨ ᠵᠢᠱᠢᠶ᠎ᠡ ᠨᠢ ᠥᠪᠡᠷ ᠤᠨ ᠪᠡᠶ᠎ᠡ ᠳᠡᠭᠡᠨ ᠰᠡᠷᠡᠮᠵᠢ ᠶᠢᠨ ᠳᠣᠬᠢᠶ᠎ᠠ ᠥᠭᠴᠦ᠂ ᠥᠪᠡᠷ ᠤᠨ ᠠᠷᠢᠭᠤᠨ ᠴᠢᠬᠡᠴᠢ ᠶᠢᠨ ᠤᠬᠠᠮᠰᠠᠷ ᠢᠶᠠᠨ ᠴᠢᠩᠭᠠᠷᠠᠭᠤᠯᠪᠠ᠂ ᠬᠤᠶᠢᠰᠢᠳᠠ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠵᠢᠯᠯᠠᠭ᠎ᠠ ᠳᠤᠮᠳᠠ ᠬᠡᠷᠡᠭ ᠶᠠᠪᠤᠳᠠᠯ ᠢ ᠪᠠᠭ᠎ᠠ ᠳᠡᠭᠡᠷ᠎ᠡ ᠨᠢ ᠰᠡᠷᠭᠡᠶᠢᠯᠡᠵᠦ᠂ ᠥᠪᠡᠷ ᠢ ᠪᠠᠨ ᠬᠢᠵᠠᠭᠠᠷᠯᠠᠬᠤ ᠴᠢᠳᠠᠪᠤᠷᠢ ᠪᠠᠨ ᠲᠠᠰᠤᠷᠠᠯᠲᠠ ᠥᠬᠡᠶ ᠴᠢᠩᠭᠠᠷᠠᠭᠤᠯᠤᠨ᠂ ᠭᠠᠷ ᠲᠠᠬᠢ ᠡᠷᠬᠡ ᠪᠠᠨ ᠵᠥᠪ ᠢᠶᠠᠷ ᠬᠡᠷᠡᠭᠵᠢᠭᠦᠯᠵᠦ᠂ ᠡᠷᠬᠡ ᠲᠤᠰᠢᠶᠠᠯ ᠢᠶᠠᠨ ᠠᠰᠢᠭᠯᠠᠨ ᠬᠢᠭᠰᠡᠨ ᠶᠠᠯᠠᠲᠤ ᠠᠵᠢᠯᠯᠠᠭ᠎ᠠ ᠠᠴᠠ ᠬᠤᠯᠠᠳᠠᠨ᠎ᠠ ᠭᠡᠵᠦ ᠣᠯᠠᠨ ᠢᠶᠠᠷ ᠢᠶᠠᠨ ᠢᠯᠡᠷᠬᠡᠶᠢᠯᠡᠵᠦ ᠪᠠᠶᠢᠨ᠎ᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号